ᠪᠦᠬᠦ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠬᠤᠷᠠᠯ ᠬᠤᠷᠠᠯᠳᠤᠪᠠ ᠬᠤᠸᠠᠩ ᡁᠢ ᠴᠢᠶᠠᠩ ᠬᠤᠷᠠᠯ ᠢ ᠡᠷᠬᠢᠯᠡᠵᠦ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/7/13
   7 ᠳ᠋ᠤᠭᠠᠷ ᠰᠠᠷ᠎ᠠ ᠶᠢᠨ 11 ᠤ ᠡᠳᠦᠷ᠂ ᠪᠥᠬᠦ ᠣᠷᠣᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠢᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃    ᠬᠤᠸᠠᠩ ᡁᠢ ᠴᠢᠶᠠᠩ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠳᠣᠬᠠᠨ ᠤ ᠦᠶᠡᠷ ᠢ ᠰᠡᠷᠭᠡᠶᠢᠯᠡᠬᠦ ᠬᠦᠨᠳᠦ ᠬᠡᠴᠡᠭᠦᠦ ᠪᠠᠶᠢᠳᠠᠯ ᠢ ᠰᠡᠷᠭᠡᠭ ᠢᠶᠠᠷ ᠲᠠᠨᠢᠵᠤ᠂ ︽7 ᠳ᠋ᠤᠭᠠᠷ ᠰᠠᠷ᠎ᠠ ᠶᠢᠨ ᠰᠡᠭᠦᠯᠴᠢ ᠠᠴᠠ 8 ᠳ᠋ᠤᠭᠠᠷ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠶᠢ ᠰᠠᠶᠢᠲᠤᠷ ᠠᠩᠬᠠᠷᠴᠤ᠂ ᠮᠢᠨᠴᠦᠭᠦᠷᠡᠮᠡᠯ ᠦᠵᠡᠯ ᠰᠠᠨᠠᠭ᠎ᠠ ᠶᠢ ᠡᠷᠡᠰ ᠲᠡᠪᠴᠢᠵᠦ᠂ ᠬᠤᠷᠢᠭ᠎ᠠ ᠱᠤᠭᠤᠮ ᠤᠨ ᠰᠡᠳᠬᠢᠬᠦᠢ ᠶᠢ ᠦᠷᠭᠦᠯᠵᠢᠯᠡᠨ ᠪᠠᠷᠢᠮᠲᠠᠯᠠᠨ ᠭᠦᠨᠵᠡᠭᠡᠶᠢᠷᠡᠭᠦᠯᠵᠦ᠂ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠨ ᠠᠷᠭᠠᠴᠠᠭᠠᠬᠤ ᠶᠢ ᠴᠢᠩᠭᠠᠳᠬᠠᠵᠤ᠂ ᠶᠡᠭᠡ ᠦᠶᠡᠷ ᠢ ᠰᠡᠷᠭᠡᠶᠢᠯᠡᠬᠦ᠂ ᠶᠡᠭᠡ ᠠᠶᠤᠯ ᠠᠴᠠ ᠬᠠᠮᠠᠭᠠᠯᠠᠬᠤ᠂ ᠶᠡᠭᠡ ᠭᠠᠮᠰᠢᠭ ᠠᠴᠠ ᠠᠪᠤᠷᠠᠬᠤ ᠬᠡᠷᠡᠭᠲᠡᠢ᠃ ᠡᠭᠦᠨ ᠤ ᠬᠠᠮᠲᠤ ᠭᠠᠩ ᠬᠠᠭᠰᠠᠷᠠᠭᠠᠨ ᠤ ᠪᠠᠶᠢᠳᠠᠯ ᠢ ᠦᠨᠳᠦᠰᠦᠯᠡᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠪᠠ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠠᠴᠠ ᠰᠡᠷᠭᠡᠶᠢᠯᠡᠨ ᠲᠦᠢᠮᠡᠷ ᠢ ᠤᠨᠲᠠᠷᠠᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠵᠤᠨ ᠤ ᠤᠯᠠᠷᠢᠯ ᠤᠨ ᠦᠶᠡᠷ ᠤᠰᠤᠳᠠᠯ ᠤᠨ ᠬᠤᠭᠤᠴᠠᠭᠠᠨ ᠤ ᠠᠶᠤᠯ ᠦᠭᠡᠢ ᠦᠢᠯᠡᠳᠪᠦᠷᠢᠯᠡᠯ ᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号