ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠨᠠᠷ ᠶᠡᠭᠡ ᠳᠡᠭᠡᠳᠦ ᠰᠤᠷᠭᠠᠭᠤᠯᠢ ᠳᠤ ᠭᠦᠨᠵᠡᠭᠡᠶᠢᠷᠡᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/7/13
   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠣᠶᠢᠷ᠎ᠠ ᠶᠢᠨ ᠡᠳᠦᠷ ᠤᠳ ᠲᠤ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠨᠠᠷ ᠶᠡᠭᠡ ᠳᠡᠭᠡᠳᠦ ᠰᠤᠷᠭᠠᠭᠤᠯᠢ ᠳᠤ ᠭᠦᠨᠵᠡᠭᠡᠶᠢᠷᠡᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠥᠷᠨᠢᠭᠦᠯᠵᠦ᠂ ᠥᠷᠭᠡᠨ ᠤᠯᠠᠨ ᠵᠠᠯᠠᠭᠤ ᠰᠤᠷᠤᠬᠴᠢᠳ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠤᠯᠭᠠᠵᠤ᠂ ᠤᠯᠠᠨ ᠢ ᠬᠦᠰᠡᠯ ᠵᠡᠭᠦᠳᠦ ᠪᠠᠨ ᠡᠪᠦᠷᠯᠡᠵᠦ᠂ ᠯᠠᠪᠳᠠᠭᠤᠨ ᠪᠠᠲᠤᠲᠠᠢ ᠠᠵᠢᠯᠯᠠᠵᠤ᠂ ᠵᠣᠷᠢᠭᠲᠠᠢ ᠰᠡᠳᠬᠢᠵᠦ ᠵᠣᠷᠢᠭᠲᠠᠢ ᠬᠢᠵᠦ᠂ ᠴᠢᠳᠠᠮᠠᠭᠠᠢ ᠪᠠᠷ ᠬᠢᠵᠦ ᠴᠢᠳᠠᠮᠠᠭᠠᠢ ᠪᠦᠲᠦᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠭᠤᠤ ᠶᠡᠭᠡ ᠦᠢᠯᠡᠳᠦᠯᠭᠡ ᠳᠤᠮᠳᠠ ᠵᠠᠯᠠᠭᠤ ᠨᠠᠰᠤᠨ ᠤ ᠢᠷᠠᠭᠤ ᠲᠤᠤᠯᠢᠰ ᠢᠶᠠᠨ ᠪᠢᠴᠢᠭᠯᠡᠵᠦ᠂ ᠠᠮᠢᠳᠤᠷᠠᠬᠤᠢ ᠶᠢᠨ ᠦᠷᠳᠡᠭ ᠢᠶᠠᠨ ᠪᠡᠶᠡᠯᠡᠭᠦᠯᠲᠦᠭᠡᠢ ᠭᠡᠵᠦ ᠵᠣᠷᠢᠭᠵᠢᠭᠤᠯᠪᠠ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠶᠠᠩ ᠸᠧᠢ ᠳ᠋ᠦᠩ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠬᠦᠷᠴᠦ᠂ ︽ᠢᠲᠡᠭᠡᠯ ᠪᠢᠰᠢᠷᠡᠯ ᠪᠠᠲᠤ ᠴᠢᠩᠭ᠎ᠠ ᠡᠷᠳᠡᠮ ᠴᠢᠳᠠᠪᠤᠷᠢ ᠣᠷᠦ᠋ᠢᠯᠠᠭᠰᠠᠨ ᠡᠷᠡᠮᠡᠬᠡᠶᠢᠯᠡᠨ ᠲᠡᠮᠡᠴᠡᠳᠡᠭ ᠵᠢᠳᠬᠦᠯ ᠴᠢᠷᠮᠠᠶᠢᠯᠭ᠎ᠠ ᠲᠠᠢ ᠵᠠᠯᠠᠭᠤᠴᠤᠳ ᠪᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︾ ᠭᠡᠬᠦ ᠰᠡᠳᠦᠪ ᠢᠶᠠᠷ ᠨᠠᠮ ᠤᠨ ᠬᠢᠴᠢᠶᠡᠯ ᠣᠷᠣᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠪᠡ᠃ ᠶᠠᠩ ᠸᠧᠢ ᠳ᠋ᠦᠩ ᠠᠮᠢᠳᠤᠯᠢᠭ ᠦᠭᠡ ᠬᠡᠯᠡ ᠪᠠ ᠪᠣᠳᠠᠲᠤ ᠵᠢᠱᠢᠶ᠎ᠡ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠠᠶᠢᠯᠪᠤᠷᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠰᠡᠳᠬᠢᠴᠡ ᠪᠠ ᠠᠷᠭ᠎ᠠ ᠬᠡᠮᠵᠢᠶ᠎ᠡ ᠶᠢ ᠲᠠᠨᠢᠯᠴᠠᠭᠤᠯᠵᠤ᠂ ᠥᠷᠭᠡᠨ ᠤᠯᠠᠨ ᠵᠠᠯᠠᠭᠤ ᠰᠤᠷᠤᠬᠴᠢᠳ ᠢ ︽ᠨᠠᠮ ᠮᠢᠨᠢ ᠰᠠᠨᠠᠭ᠎ᠠ ᠠᠮᠤᠷ ᠪᠠᠶᠢᠭᠠᠷᠠᠢ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠠᠶᠢᠨ᠎ᠠ︾ ᠭᠡᠬᠦ ᠪᠠᠲᠤ ᠴᠢᠩᠭ᠎ᠠ ᠲᠠᠩᠭᠠᠷᠢᠭ ᠢ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠴᠠᠭᠠᠷᠠᠭᠰᠠᠨ ᠡᠷᠳᠡᠮ ᠴᠢᠳᠠᠪᠤᠷᠢ ᠶᠢ ᠳᠠᠪᠲᠠᠨ ᠪᠤᠯᠪᠠᠰᠤᠷᠠᠭᠤᠯᠵᠤ ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠭᠠᠯ ᠬᠠᠯᠠᠭᠤᠨ ᠦᠢᠯᠡᠳᠦᠯᠭᠡ ᠳᠤᠮᠳᠠ ᠵᠠᠯᠠᠭᠤ ᠨᠠᠰᠤᠨ ᠤ ᠢᠷᠠᠭᠤ ᠲᠤᠤᠯᠢᠰ ᠢᠶᠠᠨ ᠪᠢᠴᠢᠭᠯᠡᠭᠡᠷᠡᠢ ᠭᠡᠵᠦ ᠵᠣᠷᠢᠭᠵᠢᠭᠤᠯᠪᠠ᠃ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠪᠠᠷ ᠭᠤᠣᠯᠳᠠᠭᠤᠯᠵᠤ᠂ ᠰᠤᠳᠤᠯᠭᠠᠨ ᠤ ᠦᠷ᠎ᠡ ᠪᠦᠲᠦᠭᠡᠯ ᠢ ᠲᠠᠰᠤᠷᠠᠯᠲᠠ ᠦᠭᠡᠢ ᠭᠠᠷᠭᠠᠵᠤ᠂ ᠬᠡᠷᠡᠭᠴᠡᠭᠡ ᠲᠠᠢ ᠮᠠᠲ᠋ᠧᠷᠢᠶᠠᠯ ᠢ ᠬᠦᠷᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠤᠪᠢ ᠨᠡᠮᠡᠷᠢ ᠪᠠᠨ ᠦᠵᠡᠭᠦᠯᠭᠦ ᠬᠡᠷᠡᠭᠲᠡᠢ ᠭᠡᠵᠦ ᠱᠠᠭᠠᠷᠳᠠᠪᠠ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠭᠢᠯᠡᠭᠴᠢ ᠯᠢᠦ ᠱᠤᠸᠠᠩ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠳᠤ ᠬᠦᠷᠴᠦ᠂ ᠪᠦᠭᠦ ᠰᠤᠷᠭᠠᠭᠤᠯᠢ ᠶᠢᠨ ᠪᠠᠭᠰᠢ ᠰᠤᠷᠤᠬᠴᠢᠳ ᠲᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠪᠡ᠃ ᠯᠢᠦ ᠱᠤᠸᠠᠩ ᠥᠷᠭᠡᠨ ᠣᠯᠠᠨ ᠵᠠᠯᠠᠭᠤ ᠰᠤᠷᠤᠬᠴᠢᠳ ᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠪᠠ ᠬᠠᠷᠠᠯᠲᠠ ᠱᠠᠭᠠᠷᠳᠠᠯᠭ᠎ᠠ ᠶᠢ ᠭᠦᠨᠵᠡᠭᠡᠢ ᠲᠠᠨᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠣᠨᠣᠯ ᠢ ᠭᠦᠨᠵᠡᠭᠡᠢ ᠰᠤᠷᠤᠯᠴᠠᠨ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠦᠰᠡᠯᠡᠩ ᠲᠠᠢ᠂ ᠡᠭᠦᠷᠭᠡᠯᠡᠯ ᠲᠠᠢ᠂ ᠬᠠᠯᠠ ᠳᠠᠭᠠᠭᠠᠬᠤ᠂ ᠡᠷᠡᠯᠬᠡᠭᠯᠡᠨ ᠲᠡᠮᠡᠴᠡᠬᠦ ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠪᠤᠯᠬᠤ ᠪᠠᠷ ᠴᠢᠷᠮᠠᠶᠢᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠲᠤ ᠢᠳᠡᠪᠬᠢᠲᠡᠢ ᠣᠷᠣᠯᠴᠠᠵᠦ᠂ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠤᠷᠤᠯᠳᠤᠭᠠᠨ ᠤ ᠵᠠᠮ ᠳᠡᠭᠡᠷ᠎ᠡ ᠡᠷᠡᠯᠬᠡᠭᠯᠡᠨ ᠲᠡᠮᠡᠴᠡᠵᠦ᠂ ᠠᠷᠠᠳ ᠲᠦᠮᠡᠨ ᠤ ᠠᠰᠢᠭ ᠲᠤᠰᠠ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠳᠤᠮᠳᠠ ᠬᠥᠮᠥᠨ ᠤ ᠠᠮᠢᠳᠤᠷᠠᠯ ᠤᠨ ᠢᠷᠠᠭᠤ ᠬᠠᠭᠤᠳᠠᠰᠤ ᠶᠢ ᠪᠢᠴᠢᠭᠯᠡᠰᠦᠭᠡᠢ ᠭᠡᠵᠦ ᠬᠦᠰᠡᠪᠡ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠭᠦᠭᠡᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦ᠋ᠦ ᠭᠠᠩ ᠭᠦᠭᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠦ᠂ ᠲᠡᠮᠦᠷ ᠵᠠᠮ ᠤᠨ ᠳᠠᠳᠤᠯᠭ᠎ᠠ ᠪᠣᠯᠪᠠᠰᠤᠷᠠᠯ ᠤᠨ ᠲᠥᠪ᠂ ᠮᠧᠬᠠᠨᠢᠭ ᠬᠢᠭᠡᠳ ᠴᠠᠭᠢᠯᠭᠠᠨ ᠬᠦᠴᠦᠨ ᠤ ᠢᠨᠵᠧᠨᠧᠷᠢᠩ ᠤᠨ ᠰᠠᠯᠪᠤᠷᠢ ᠶᠢᠨ ᠳᠠᠳᠤᠯᠭ᠎ᠠ ᠪᠣᠯᠪᠠᠰᠤᠷᠠᠯ ᠤᠨ ᠲᠥᠪ᠂ ᠮᠠᠷᠺᠰ ᠤᠨ ᠦᠵᠡᠯ ᠤᠨ ᠵᠢᠭᠠᠨ ᠰᠤᠷᠭᠠᠬᠤ ᠶᠢ ᠰᠤᠳᠤᠯᠬᠤ ᠭᠠᠵᠠᠷ᠂ ᠰᠤᠷᠤᠬᠴᠢ ᠶᠢᠨ ᠬᠤᠭᠤᠯᠠᠨ ᠭᠡᠷ ᠵᠡᠷᠭᠡ ᠭᠠᠵᠠᠷ ᠲᠤ ᠲᠤᠬᠠᠢ ᠶᠢᠨ ᠭᠠᠵᠠᠷ ᠲᠤ ᠨᠢ ᠬᠦᠷᠴᠦ ᠰᠤᠷᠪᠤᠯᠵᠢᠯᠠᠨ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠪᠣᠳᠠᠲᠤ ᠪᠣᠯᠪᠠᠰᠤᠷᠠᠯ ᠵᠢᠴᠢ ᠰᠤᠷᠤᠬᠴᠢᠳ ᠤᠨ ᠰᠤᠷᠤᠯᠭ᠎ᠠ ᠠᠮᠢᠳᠤᠷᠠᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠰᠤᠷᠭᠠᠭᠤᠯᠢ ᠶᠢᠨ ᠰᠤᠷᠤᠬᠴᠢ ᠡᠯᠰᠡᠬᠦ᠂ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠵᠢᠴᠢ ᠰᠤᠷᠤᠬᠴᠢᠳ ᠤᠨ ᠠᠵᠢᠯ ᠣᠯᠭᠤᠯᠲᠠ ᠶᠢᠨ ᠪᠠᠶᠢᠳᠠᠯ ᠢ ᠨᠠᠷᠢᠨ ᠠᠰᠠᠭᠤᠵᠤ᠂ ᠰᠤᠷᠭᠠᠭᠤᠯᠢ ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ ᠤᠨ ᠲᠣᠭᠤᠷᠢᠨ ᠳᠤ ᠣᠷᠣᠨ ᠤ ᠲᠥᠪ ᠲᠤ ᠬᠡᠷᠡᠭᠴᠡᠭᠡ ᠲᠠᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠵᠦ᠂ ᠴᠢᠨᠠᠷ ᠰᠠᠶᠢᠲᠠᠢ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠵᠤ᠂ ᠨᠠᠩ ᠣᠯᠠᠨ ᠣᠶᠤᠲᠠᠳ ᠢ ᠲᠥᠪ ᠬᠤᠳᠠ ᠳᠤ ᠦᠯᠡᠳᠡᠭᠡᠵᠦ᠂ ᠲᠥᠪ ᠬᠤᠲᠠ ᠶᠢ ᠪᠠᠶᠢᠭᠤᠯᠬᠤ ᠳᠤ ᠤᠷᠤᠯᠴᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠪᠦ᠋ᠦ ᠭᠠᠩ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠭᠡᠯᠪᠡᠷᠢ ᠶᠢᠨ ᠰᠢᠨ᠎ᠡ ᠶᠢ ᠡᠭᠦᠳᠴᠦ᠂ ᠣᠶᠤᠲᠠᠳ ᠲᠠᠢ ᠨᠡᠩ ᠣᠶᠢᠷᠠᠳᠬᠤ ᠭᠡᠯᠪᠡᠷᠢ ᠪᠠᠷ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠥᠷᠨᠢᠭᠦᠯᠬᠦ ᠬᠡᠷᠡᠭᠲᠡᠢ᠃ ᠪᠠᠭᠰᠢ ᠶᠢᠨ ᠮᠣᠷᠠᠯ ᠨᠢ ᠡᠷᠬᠢᠮ ᠳᠡᠭᠡᠳᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠪᠦᠲᠦᠴᠡ ᠨᠢ ᠵᠦᠢ ᠵᠣᠬᠢᠰᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠥᠨᠳᠥᠷ ᠬᠡᠪ ᠴᠢᠨᠠᠷ ᠪᠦᠬᠦᠢ ᠪᠠᠭᠰᠢ ᠶᠢᠨ ᠡᠩᠨᠡᠭᠡ ᠶᠢ ᠶᠡᠭᠡ ᠪᠠᠷ ᠬᠥᠮᠥᠵᠢᠭᠦᠯᠬᠦ ᠬᠡᠷᠡᠭᠲᠡᠢ᠃ ᠬᠤᠯᠪᠣᠭᠳᠠᠯ ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠶᠡᠭᠡ ᠳᠡᠭᠡᠳᠦ ᠰᠤᠷᠭᠠᠭᠤᠯᠢ ᠳᠤ ᠦᠢᠯᠡᠴᠢᠯᠡᠵᠦ᠂ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠵᠦ᠂ ᠰᠤᠷᠭᠠᠭᠤᠯᠢ ᠪᠣᠯᠣᠨ ᠠᠵᠤ ᠠᠬᠤᠶᠢᠯᠠᠯ ᠤᠨ ᠵᠣᠯᠭᠠᠯᠴᠠᠭ᠎ᠠ ᠳᠤ ᠬᠦᠴᠦᠨ ᠨᠡᠮᠡᠷᠢᠯᠡᠵᠦ᠂ ᠲᠡᠷᠢᠭᠦᠨ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠭᠡ ᠳᠡᠭᠡᠳᠦ ᠰᠤᠷᠭᠠᠭᠤᠯᠢ ᠶᠢ ᠬᠠᠮᠲᠤ ᠪᠠᠷ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠳ᠋ᠢᠩ ᠰᠢᠤ ᠹᠧᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ︽ᠦᠵᠡᠯ ᠰᠠᠨᠠᠭᠠᠨ ᠤ ᠠᠤᠭ᠎ᠠ ᠬᠦᠴᠦᠨ ᠢ ᠤᠬᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠨ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠠᠶᠠᠨ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠶ᠎ᠡ︾ ᠭᠡᠬᠦ ᠰᠡᠳᠦᠪ ᠢᠶᠠᠷ ᠪᠤᠭᠤᠲᠤ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠬᠴᠢᠳ ᠲᠤ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠪᠡ᠃ ᠳ᠋ᠢᠩ ᠰᠢᠤ ᠹᠧᠩ᠂ ᠥᠷᠭᠡᠨ ᠤᠯᠠᠨ ᠵᠠᠯᠠᠭᠤ ᠰᠤᠷᠤᠬᠴᠢᠳ ᠮᠠᠷᠺᠰ ᠤᠨ ᠦᠵᠡᠯ ᠤᠨ ᠲᠤᠬᠠᠢ ᠡᠷᠡᠰ ᠪᠠᠲᠤ ᠢᠲᠡᠭᠡᠯ ᠪᠢᠰᠢᠷᠡᠯ ᠢᠶᠠᠨ ᠪᠠᠲᠤᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠢᠲᠡᠭᠡᠯ ᠢᠶᠠᠨ ᠪᠠᠲᠤᠳᠬᠠᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠤᠭᠤᠲᠤ ᠬᠤᠳᠠ ᠶᠢᠨ ᠰᠦᠷ ᠵᠢᠪᠬᠤᠭ᠎ᠠ ᠶᠢ ᠲᠠᠭᠢᠨ ᠮᠠᠨᠳᠤᠭᠤᠯᠵᠤ᠂ ᠭᠡᠷᠡᠯ ᠰᠠᠴᠤᠷᠠᠩᠭᠤᠢ ᠠᠮᠵᠢᠯᠲᠠ ᠶᠢ ᠲᠠᠭᠢᠨ ᠡᠭᠦᠳᠬᠦ ᠠᠮᠢᠳᠤᠯᠢᠭ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠬᠡᠯᠡᠪᠡ᠃ ᠪᠤᠭᠤᠲᠤ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠬᠴᠢᠳ ᠤᠨ ᠲᠥᠯᠥᠭᠡᠯᠡᠭᠴᠢ 500 ᠭᠠᠷᠤᠢ ᠬᠥᠮᠥᠨ ᠮᠡᠳᠡᠭᠦᠯᠦᠯᠲᠡ ᠶᠢ ᠰᠣᠨᠣᠰᠪᠠ᠃ ᠮᠡᠳᠡᠭᠦᠯᠦᠯᠲᠡ ᠶᠢᠨ ᠬᠤᠷᠠᠯ ᠠᠴᠠ ᠡᠮᠦᠨ᠎ᠡ᠂ ᠳ᠋ᠢᠩ ᠰᠢᠤ ᠹᠧᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠶᠡᠷᠦᠩᠬᠡᠶᠢᠯᠡᠭᠰᠡᠨ ᠦᠢᠯᠡᠳᠦᠯᠭᠡ ᠶᠢᠨ ᠰᠠᠭᠤᠷᠢᠨ ᠳᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号