︽ᠲᠦᠴᠢᠦᠸᠠᠨ ᠰᠢᠶᠠᠨ ᠤ ᠨᠠᠮᠤᠷ ᠤᠨ ᠤᠯᠠᠷᠢᠯ ᠤᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/7/14
ᠵᠠᠰᠠᠭ ᠠᠯᠪᠠᠨ ᠲᠠᠷᠬᠠᠭᠠᠭᠰᠠᠨ〔2023〕63 ᠳ᠋ᠤᠭᠠᠷ ᠲᠣᠭᠠᠲᠤ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ ᠤ ᠠᠯᠪᠠᠨ ᠭᠡᠷ ᠤᠨ ︽ᠲᠦᠴᠢᠦᠸᠠᠨ ᠰᠢᠶᠠᠨ ᠤ ᠨᠠᠮᠤᠷ ᠤᠨ ᠤᠯᠠᠷᠢᠯ ᠤᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ ᠳᠤ᠄    ᠰᠢᠶᠠᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠲᠦᠴᠢᠦᠸᠠᠨ ᠰᠢᠶᠠᠨ ᠤ ᠨᠠᠮᠤᠷ ᠤᠨ ᠤᠯᠠᠷᠢᠯ ᠤᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃                                                                           2023 ᠣᠨ ᠤ 7 ᠰᠠᠷ᠎ᠠ ᠶᠢᠨ 13 ᠤ ᠡᠳᠦᠷᠲᠦᠴᠢᠦᠸᠠᠨ ᠰᠢᠶᠠᠨ ᠤ ᠨᠠᠮᠤᠷ ᠤᠨ ᠤᠯᠠᠷᠢᠯ ᠤᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠥᠯ    ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠲᠦᠷᠦᠭᠦᠸ ᠬᠤᠶᠠᠷ ᠤᠯᠠᠷᠢᠯ ᠤᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠤᠰᠠᠳᠠ᠂ ︽ᠲᠦᠴᠢᠦᠸᠠᠨ ᠰᠢᠶᠠᠨ ᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠵᠠᠭᠤᠨ ᠡᠳᠦᠷ ᠤᠨ ᠰᠢᠪᠲᠤᠯᠤᠯᠲᠠ ᠶᠢᠨ ᠠᠵᠢᠯᠯᠠᠭ᠎ᠠ ᠶᠢᠨ ᠲᠥᠰᠥᠯ︾ ᠤᠨ ᠱᠠᠭᠠᠷᠳᠠᠯᠭ᠎ᠠ ᠵᠢᠴᠢ ᠮᠠᠨ ᠤ ᠰᠢᠶᠠᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ ᠨᠢᠭᠡ᠂ ᠠᠵᠢᠯ ᠤᠨ ᠬᠠᠷᠠᠯᠲᠠ   ᠨᠠᠮᠤᠷ ᠤᠨ ᠤᠯᠠᠷᠢᠯ ᠤᠨ ᠲᠥᠪᠯᠡᠷᠡᠭᠦᠯᠦᠨ ᠴᠡᠭᠴᠡᠯᠡᠨ ᠵᠠᠰᠠᠬᠤ ᠪᠠᠷ ᠳᠠᠮᠵᠢᠭᠤᠯᠤᠨ᠂ ︽ᠲᠠᠪᠤ ᠶᠢ ᠴᠡᠪᠡᠷᠯᠡᠬᠦ︾ ᠪᠠᠷ ᠭᠤᠣᠯᠳᠠᠯᠭ᠎ᠠ ᠪᠣᠯᠭᠠᠨ᠂ ︽ᠲᠠᠪᠤ ᠶᠢ ᠪᠦᠷᠢᠳᠦᠭᠦᠯᠬᠦ︾ ᠪᠠᠷ ᠪᠠᠲᠤᠯᠠᠭ᠎ᠠ ᠪᠣᠯᠭᠠᠵᠤ᠂ ︽ᠲᠠᠪᠤ ᠶᠢ ᠪᠦᠷᠢᠳᠦᠭᠦᠯᠬᠦ︾ ᠪᠠᠷ ᠬᠠᠷᠠᠯᠲᠠ ᠪᠣᠯᠭᠠᠨ᠂ G111᠂ S309᠂ G5511 ᠵᠡᠷᠭᠡ ᠴᠢᠬᠤᠯᠠ ᠵᠠᠮ ᠬᠠᠷᠢᠯᠴᠠᠭᠠᠨ ᠤ ᠱᠤᠭᠤᠮ ᠪᠠ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠢᠶᠠᠷ ᠭᠤᠣᠯ ᠪᠣᠯᠭᠠᠭᠰᠠᠨ᠂ ᠪᠤᠢ ᠪᠦᠬᠦᠢ ᠵᠠᠰᠠᠭ ᠵᠠᠬᠢᠷᠭᠠᠨ ᠤ ᠲᠣᠰᠬᠤᠨ ᠢ ᠬᠠᠮᠤᠷᠤᠭᠰᠠᠨ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠭᠤᠣᠯᠳᠠᠯᠭ᠎ᠠ ᠲᠠᠢ ᠪᠠᠷ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠵᠤ᠂ ᠮᠠᠨ ᠤ ᠰᠢᠶᠠᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠳᠡᠭᠡᠭᠰᠢᠯᠡᠭᠦᠯᠦᠨ᠎ᠡ᠃ ᠵᠢᠱᠢᠶ᠎ᠡ ᠦᠵᠡᠭᠦᠯᠬᠦ ᠲᠣᠰᠬᠤᠨ ᠤ ᠵᠠᠮ ᠳᠠᠭᠠᠤ ᠶᠢᠨ᠂ ᠬᠤᠯᠪᠣᠯᠳᠤᠭᠰᠠᠨ ᠦᠷ᠎ᠡ ᠪᠦᠲᠦᠮᠵᠢ ᠶᠢ ᠲᠣᠪᠤᠶᠢᠯᠭᠠᠨ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠢ ᠴᠡᠭ ᠠᠴᠠ ᠪᠥᠬᠦ ᠲᠠᠯ᠎ᠠ ᠳᠤ ᠬᠦᠷᠲᠡᠯ᠎ᠡ᠂ ᠵᠠᠯᠭᠠᠯᠳᠤᠭᠤᠯᠤᠨ ᠵᠠᠯᠭᠠᠯᠳᠤᠭᠤᠯᠬᠤ ᠶᠢ ᠲᠦᠯᠬᠢᠨ ᠠᠬᠢᠭᠤᠯᠤᠨ᠎ᠠ᠃ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠬᠠᠮᠢᠶᠠᠷᠤᠨ ᠬᠠᠮᠠᠭᠠᠯᠠᠬᠤ ᠠᠵᠢᠯᠯᠠᠭᠠᠨ ᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠬᠥᠳᠡᠭᠡ ᠲᠣᠰᠬᠤᠨ ᠤ ᠠᠮᠢ ᠠᠬᠤᠢ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠎ᠠ᠃ ᠬᠤᠶᠠᠷ᠂ ᠠᠵᠢᠯ ᠤᠨ ᠭᠤᠣᠯᠳᠠᠯᠭ᠎ᠠ   ᠨᠢᠭᠡ ᠳᠤ᠂ ᠡᠯ᠎ᠡ ᠰᠢᠶᠠᠩ ᠪᠠᠯᠭᠠᠰᠤ᠂ ᠠᠶᠢᠯ ᠲᠣᠰᠬᠤᠨ ᠤ ᠭᠤᠣᠯ ᠵᠠᠮ ᠬᠠᠷᠢᠯᠴᠠᠭᠠᠨ ᠤ ᠭᠤᠣᠯ ᠱᠤᠭᠤᠮ ᠤᠨ ᠬᠤᠶᠠᠷ ᠬᠠᠵᠠᠭᠤ ᠶᠢᠨ ᠮᠠᠯ ᠵᠢᠭᠦᠷᠲᠡᠨ ᠤ ᠪᠠᠭᠠᠰᠤ ᠪᠣᠬᠢᠷ ᠬᠤᠭ ᠨᠣᠪᠰᠢ᠂ ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠪᠠ ᠪᠠᠷᠢᠯᠭ᠎ᠠ ᠶᠢᠨ ᠬᠠᠶᠠᠭᠳᠠᠯ ᠬᠤᠭ ᠨᠣᠪᠰᠢ ᠶᠢ ᠲᠤᠶᠢᠯᠪᠤᠷᠢᠲᠠᠢ ᠴᠡᠪᠡᠷᠯᠡᠵᠦ ᠪᠣᠳᠠᠲᠠᠶᠢᠵᠢᠭᠤᠯᠬᠤ ᠬᠡᠷᠡᠭᠲᠡᠢ᠃ ᠵᠢᠩᠬᠢᠨᠢ ᠪᠤᠰᠤ ᠬᠤᠭ ᠨᠣᠪᠰᠢ ᠶᠢ ᠣᠪᠣᠭᠠᠯᠠᠵᠤ ᠲᠠᠯᠪᠢᠬᠤ ᠭᠠᠵᠠᠷ ᠵᠢᠴᠢ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ ᠵᠡᠷᠭᠡ ᠭᠤᠣᠯᠳᠠᠯᠭ᠎ᠠ ᠲᠠᠢ ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠵᠤ᠂ ᠠᠵᠢᠯᠲᠠᠨ᠂ ᠮᠠᠰᠢᠨ ᠮᠧᠬᠠᠨᠢᠭ ᠤᠨ ᠣᠷᠣᠭᠤᠯᠤᠯᠲᠠ ᠶᠢ ᠨᠡᠮᠡᠭᠳᠡᠭᠦᠯᠦᠨ᠂ ᠠᠮᠢᠳᠤᠷᠠᠯ ᠤᠨ ᠪᠠ ᠪᠠᠷᠢᠯᠭ᠎ᠠ ᠶᠢᠨ ᠬᠤᠭ ᠨᠣᠪᠰᠢ ᠶᠢ ᠬᠠᠶᠠᠬᠤ᠂ ᠴᠤᠭᠯᠠᠭᠤᠯᠬᠤ᠂ ᠴᠡᠪᠡᠷᠯᠡᠨ ᠲᠡᠭᠡᠭᠡᠪᠦᠷᠢᠯᠡᠬᠦ ᠶᠢ ᠵᠢᠷᠤᠮᠵᠢᠭᠤᠯᠤᠨ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃ ᠬᠤᠭ ᠨᠣᠪᠰᠢ ᠴᠤᠭᠯᠠᠭᠤᠯᠬᠤ  ᠴᠢᠭ ᠢ ᠵᠦᠢ ᠵᠣᠬᠢᠰᠲᠠᠢ ᠲᠥᠯᠥᠪᠵᠢᠭᠦᠯᠵᠦ᠂ ᠴᠠᠭ ᠲᠤᠬᠠᠢ ᠲᠤᠨᠢ ᠴᠡᠪᠡᠷᠯᠡᠨ ᠳᠠᠮᠵᠢᠭᠤᠯᠤᠨ ᠲᠡᠭᠡᠭᠡᠪᠦᠷᠢᠯᠡᠵᠦ ᠰᠢᠢᠳᠪᠦᠷᠢᠯᠡᠨ᠂ ᠣᠪᠣᠭᠠᠯᠠᠵᠤ ᠲᠠᠯᠪᠢᠬᠤ ᠴᠢᠭ ᠲᠤ ᠬᠦᠷᠢᠶᠡᠯᠡᠨ ᠬᠤᠷᠢᠭᠯᠠᠬᠤ ᠠᠷᠭ᠎ᠠ ᠬᠡᠮᠵᠢᠶ᠎ᠡ ᠪᠣᠯᠣᠨ ᠵᠢᠭᠠᠯᠲᠠ ᠫᠠᠶᠢᠰᠠ ᠪᠠᠶᠢᠬᠤ ᠬᠡᠷᠡᠭᠲᠡᠢ᠃   ᠬᠤᠶᠠᠷ ᠲᠤ᠂ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠵᠤ᠂ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠬᠡᠪᠴᠢᠶᠡᠨ ᠳᠠᠬᠢ ᠡᠯ᠎ᠡ ᠵᠦᠢᠯ ᠤᠨ ᠬᠤᠭ ᠨᠣᠪᠰᠢ ᠬᠠᠶᠠᠭᠳᠠᠮᠠᠯ ᠬᠤᠭ ᠨᠣᠪᠰᠢ ᠣᠪᠣᠭᠠᠯᠠᠬᠤ ᠭᠠᠵᠠᠷ᠂ ᠲᠡᠷᠭᠡ ᠵᠣᠭᠰᠤᠭᠠᠬᠤ ᠭᠠᠵᠠᠷ᠂ ᠪᠣᠳᠠᠰ ᠣᠪᠣᠭᠠᠯᠠᠬᠤ ᠭᠠᠵᠠᠷ ᠢ ᠵᠦᠢ ᠵᠣᠬᠢᠰᠲᠠᠢ ᠪᠠᠷ ᠲᠥᠯᠥᠪᠵᠢᠭᠦᠯᠵᠦ᠂ ᠴᠢᠩᠭ᠎ᠠ ᠬᠠᠮᠢᠶᠠᠷᠬᠤ ᠬᠡᠷᠡᠭᠲᠡᠢ᠃ ᠬᠠᠷᠢᠭᠤᠴᠠᠯᠭ᠎ᠠ ᠨᠢ ᠲᠣᠳᠣᠷᠬᠠᠢ᠂ ᠵᠣᠬᠢᠴᠠᠩᠭᠤᠢ ᠪᠥᠭᠡᠳ ᠡᠮᠬᠢ ᠵᠢᠷᠤᠮ ᠲᠠᠢ᠂ ᠬᠢᠨᠠᠯᠲᠠ ᠬᠠᠮᠢᠶᠠᠷᠤᠯᠲᠠ ᠨᠢ ᠬᠦᠴᠦᠲᠡᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠶᠢᠨ ᠬᠠᠮᠲᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠣᠭᠤᠭᠠᠷᠠᠭᠤᠯᠬᠤ᠂ ᠭᠤᠶᠣᠵᠢᠭᠤᠯᠬᠤ᠂ ᠭᠡᠷᠡᠯᠲᠦᠭᠦᠯᠬᠦ ᠢᠨᠵᠧᠨᠧᠷᠢᠩ ᠢ ᠵᠦᠢ ᠵᠣᠬᠢᠰᠲᠠᠢ ᠪᠥᠭᠡᠳ ᠵᠣᠬᠢᠰᠲᠠᠢ ᠪᠠᠷ ᠥᠷᠨᠢᠭᠦᠯᠬᠦ ᠬᠡᠷᠡᠭᠲᠡᠢ᠃   ᠭᠤᠷᠪᠠ ᠳᠤ᠂ ᠡᠯ᠎ᠡ ᠰᠢᠶᠠᠩ ᠪᠠᠯᠭᠠᠰᠤ ᠨᠢ ᠪᠠᠯᠭᠠᠰᠤ ᠶᠢᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠪᠣᠯᠣᠨ ᠭᠤᠣᠯᠳᠠᠯᠭ᠎ᠠ ᠲᠠᠢ ᠵᠠᠮ ᠬᠠᠷᠢᠯᠴᠠᠭ᠎ᠠ ᠳᠠᠭᠠᠤ᠂ ᠭᠤᠣᠯᠳᠠᠯᠭ᠎ᠠ ᠲᠠᠢ ᠲᠣᠰᠬᠤᠨ ᠢᠶᠠᠷ ᠭᠤᠣᠯ ᠪᠣᠯᠭᠠᠵᠤ᠂ ᠲᠤᠰ ᠰᠢᠶᠠᠩ ᠪᠠᠯᠭᠠᠰᠤ ᠶᠢᠨ ᠠᠶᠢᠯ ᠲᠣᠰᠬᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠭᠤᠣᠯᠳᠠᠯᠭ᠎ᠠ ᠪᠠᠨ ᠳᠤᠪᠤᠶᠢᠯᠭᠠᠵᠤ᠂ ᠲᠣᠰᠬᠤᠨ ᠤ ᠳᠦᠷᠰᠦ ᠪᠠᠶᠢᠳᠠᠯ ᠴᠡᠪᠡᠷ ᠲᠡᠭᠰᠢ᠂ ᠣᠷᠴᠢᠨ ᠲᠣᠭᠤᠷᠢᠨ ᠭᠤᠶᠢᠳᠠ ᠰᠠᠶᠢᠬᠠᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠲᠤ ᠲᠣᠬᠢᠷᠠᠬᠤ ᠬᠢᠯᠠᠰ ᠴᠡᠭ ᠤᠨ ᠵᠢᠱᠢᠶ᠎ᠡ ᠦᠵᠡᠭᠦᠯᠬᠦ ᠲᠣᠰᠬᠤᠨ ᠢ ᠰᠦᠪᠡᠭᠴᠢᠯᠡᠨ ᠪᠠᠶᠢᠭᠤᠯᠵᠤ᠂ ︽ᠨᠢᠭᠡ ᠲᠣᠰᠬᠤᠨ ᠳᠤ ᠭᠤᠶᠤ ᠰᠠᠶᠢᠬᠠᠨ︾ ᠪᠠᠶᠢᠭᠰᠠᠨ ᠠᠴᠠ ᠪᠠᠨ ︽ᠲᠣᠰᠬᠤᠨ ᠪᠣᠯᠭᠠᠨ ᠳᠤ ᠭᠤᠶᠤ ᠰᠠᠶᠢᠬᠠᠨ︾ ᠪᠣᠯᠭᠠᠨ ᠬᠤᠪᠢᠷᠠᠭᠤᠯᠬᠤ ᠶᠢ ᠠᠯᠬᠤᠮ ᠠᠯᠬᠤᠮ ᠢᠶᠠᠷ ᠬᠥᠲᠥᠯᠥᠨ ᠵᠢᠯᠤᠭᠤᠳᠬᠤ ᠬᠡᠷᠡᠭᠲᠡᠢ᠃ ᠲᠠᠷᠢᠶᠠᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ᠂ ᠰᠡᠳᠬᠢᠬᠦᠢ ᠶᠢᠨ ᠠᠷᠭ᠎ᠠ ᠮᠠᠶ᠋ᠢᠭ ᠤᠨ ᠬᠤᠪᠢᠰᠤᠯᠲᠠ ᠶᠢ ᠲᠦᠯᠬᠢᠨ ᠠᠬᠢᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠶᠢ ᠪᠦᠬᠦ ᠣᠷᠣᠨ ᠪᠦᠰᠡ ᠪᠠᠷ ᠢᠶᠠᠨ ᠲᠦᠯᠬᠢᠨ ᠠᠬᠢᠭᠤᠯᠤᠨ᠎ᠠ᠃ ᠭᠤᠷᠪᠠ᠂ ᠠᠵᠢᠯ ᠤᠨ ᠠᠯᠬᠤᠮ ᠳᠠᠷᠠᠭ᠎ᠠ   ︵ᠨᠢᠭᠡ︶ ᠲᠥᠪᠯᠡᠷᠡᠭᠦᠯᠦᠨ ᠴᠡᠭᠴᠡᠯᠡᠨ ᠵᠠᠰᠠᠬᠤ ᠱᠠᠲᠤ ᠦᠶ᠎ᠡ ︵7 ᠳ᠋ᠤᠭᠠᠷ ᠰᠠᠷ᠎ᠠ ᠶᠢᠨ 12 ᠤ ᠡᠳᠦᠷ ᠠᠴᠠ 7 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ︶   ᠡᠯ᠎ᠡ ᠰᠢᠶᠠᠩ ᠪᠠᠯᠭᠠᠰᠤ ᠲᠠᠶᠢᠴᠢᠯᠠᠨ ᠪᠠᠶᠢᠷᠢᠯᠠᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠭᠦᠢᠴᠡᠳ ᠲᠠᠶᠢᠴᠢᠯᠠᠨ᠂ ᠴᠠᠭ ᠪᠠ ᠬᠦᠴᠦᠨ ᠢᠶᠠᠨ ᠲᠥᠪᠯᠡᠷᠡᠭᠦᠯᠵᠦ᠂ ᠤᠯᠠᠨ ᠶᠠᠩᠵᠤ ᠶᠢᠨ ᠬᠡᠯᠪᠡᠷᠢ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠠᠬᠤᠢ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠦᠳᠲᠡᠷ ᠲᠦᠷᠭᠡᠨ ᠥᠷᠨᠢᠭᠦᠯᠵᠦ᠂ ᠣᠷᠴᠢᠨ ᠠᠬᠤᠢ ᠶᠢᠨ ︽ᠪᠤᠵᠠᠷ᠂ ᠰᠠᠮᠠᠭᠤᠷᠠᠯ᠂ ᠪᠠᠷᠤᠭᠲᠠᠢ︾ ᠵᠡᠷᠭᠡ ᠲᠣᠪᠣᠶᠢᠮ᠎ᠠ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠬᠦ ᠬᠡᠷᠡᠭᠲᠡᠢ᠃   ︵ᠬᠤᠶᠠᠷ︶ ᠪᠠᠬᠢᠵᠢᠭᠦᠯᠦᠨ ᠳᠡᠭᠡᠭᠰᠢᠯᠡᠭᠦᠯᠬᠦ ᠱᠠᠲᠤ ᠦᠶ᠎ᠡ ︵8 ᠳ᠋ᠤᠭᠠᠷ ᠰᠠᠷ᠎ᠠ ᠶᠢᠨ 1 ᠤ ᠡᠳᠦᠷ ᠠᠴᠠ 9 ᠳ᠋ᠦᠭᠡᠷ ᠰᠠᠷ᠎ᠠ ᠶᠢᠨ 30 ᠤ ᠡᠳᠦᠷ ᠪᠣᠯᠲᠠᠯ᠎ᠠ︶  ᠡᠯ᠎ᠡ ᠰᠢᠶᠠᠩ ᠪᠠᠯᠭᠠᠰᠤ ᠲᠥᠪᠯᠡᠷᠡᠭᠦᠯᠦᠨ ᠴᠡᠭᠴᠡᠯᠡᠨ ᠵᠠᠰᠠᠬᠤ ᠬᠠᠷᠠᠯᠲᠠᠲᠤ ᠡᠭᠦᠷᠭᠡ ᠪᠠ ᠡᠮᠦᠨᠡᠬᠢ ᠬᠤᠭᠤᠴᠠᠭᠠᠨ ᠤ ᠥᠷᠨᠢᠭᠦᠯᠦᠭᠰᠡᠨ ᠪᠠᠶᠢᠳᠠᠯ ᠢᠶᠠᠨ ᠦᠨᠳᠦᠰᠦᠯᠡᠨ ᠥᠪᠡᠷ ᠤᠨ ᠪᠠᠶᠢᠴᠠᠭᠠᠯᠲᠠ ᠬᠢᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠱᠠᠲᠤ ᠦᠶ᠎ᠡ ᠳᠤ ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠢ ᠵᠦᠢᠯᠡᠰ ᠲᠤ ᠴᠢᠭᠯᠡᠭᠦᠯᠦᠨ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠲᠤᠰᠬᠠᠢ ᠵᠦᠢᠯ ᠤᠨ ᠠᠵᠢᠯᠯᠠᠭ᠎ᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ᠃ ᠳᠥᠷᠪᠡ᠂ ᠠᠵᠢᠯ ᠤᠨ ᠱᠠᠭᠠᠷᠳᠠᠯᠭ᠎ᠠ    ︵ᠨᠢᠭᠡ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠨᠡᠶᠢᠲᠡᠯᠢᠭ ᠵᠢᠱᠢᠶ᠎ᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠡᠯ᠎ᠡ ᠰᠢᠶᠠᠩ ᠪᠠᠯᠭᠠᠰᠤ ᠨᠢ ᠬᠠᠷᠢᠶ᠎ᠠ ᠵᠠᠰᠠᠭ ᠵᠠᠬᠢᠷᠭᠠᠨ ᠤ ᠲᠣᠰᠬᠤᠨ ᠤ ᠲᠤᠭ᠎ᠠ ᠬᠡᠮᠵᠢᠶ᠎ᠡ ᠶᠢᠨ 30% ᠪᠠᠷ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠵᠤ᠂ ᠤᠯᠠᠷᠢᠯ ᠤᠨ ᠰᠢᠯᠭᠠᠨ ᠦᠨᠡᠯᠡᠬᠦ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ᠃ ᠡᠷᠲᠡ ᠠᠴᠠ ᠠᠭᠤᠳᠠᠯᠤᠨ ᠠᠷᠭ᠎ᠠ ᠤᠬᠠᠭᠠᠨ ᠰᠦᠪᠡᠭᠴᠢᠯᠡᠵᠦ᠂ ᠤᠷᠢᠳᠴᠢᠯᠠᠨ ᠭᠠᠷ ᠬᠥᠳᠡᠯᠵᠦ᠂ ᠨᠡᠶᠢᠲᠡᠯᠢᠭ ᠵᠢᠱᠢᠶ᠎ᠡ ᠶᠢ ᠪᠤᠢ ᠪᠣᠯᠭᠠᠵᠤ᠂ ᠬᠠᠷᠠᠯᠲᠠ ᠪᠠᠨ ᠰᠠᠶᠢᠲᠤᠷ ᠲᠣᠭᠲᠠᠭᠠᠵᠤ᠂ ᠡᠬᠢ ᠪᠠᠶᠠᠯᠢᠭ ᠢᠶᠠᠨ ᠨᠡᠶᠢᠳᠬᠡᠵᠦ᠂ ᠲᠤᠰ ᠰᠢᠶᠠᠩ ᠪᠠᠯᠭᠠᠰᠤ ᠶᠢᠨ ᠢᠶᠠᠨ ᠬᠢᠯᠠᠰ ᠴᠡᠭ ᠢ ᠡᠭᠦᠳᠴᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃   ︵ᠬᠤᠶᠠᠷ︶ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ ︽ᠰᠢᠶᠠᠨ ᠭᠠᠵᠠᠷ ᠤᠨ ᠱᠠᠲᠤᠨ ᠤ ᠤᠳᠤᠷᠢᠳᠤᠯᠭ᠎ᠠ ᠶᠢᠨ ᠬᠡᠰᠡᠭ ᠢ ᠳᠠᠭᠠᠭᠠᠴᠢᠯᠠᠨ ᠰᠢᠶᠠᠩ ᠪᠠᠯᠭᠠᠰᠤ ᠨᠡᠶᠢᠭᠡᠮ ᠲᠣᠭᠤᠷᠢᠭ ᠢ ᠳᠠᠭᠠᠭᠠᠴᠢᠯᠠᠬᠤ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠬᠡᠰᠡᠭ ᠢ ᠳᠠᠭᠠᠭᠠᠴᠢᠯᠠᠭᠰᠠᠨ ᠲᠣᠭᠤᠷᠢᠭ ᠤᠨ ᠰᠢᠶᠠᠨ ᠤ ᠤᠳᠤᠷᠢᠳᠤᠯᠭ᠎ᠠ ᠠᠴᠠ ᠳᠠᠭᠠᠭᠠᠴᠢᠯᠠᠭᠰᠠᠨ ᠲᠣᠭᠤᠷᠢᠭ ᠤᠨ ᠰᠢᠶᠠᠩ ᠪᠠᠯᠭᠠᠰᠤᠨ ᠤ ᠣᠷᠣᠰᠢᠨ ᠰᠠᠭᠤᠬᠤ ᠣᠷᠴᠢᠨ ᠲᠣᠭᠤᠷᠢᠨ   ᠢ ᠲᠣᠬᠢᠷᠠᠭᠤᠯᠬᠤ ᠡᠷᠴᠢᠮ   ᠢᠶᠠᠨ ᠴᠢᠩᠭᠠᠷᠠᠭᠤᠯᠵᠤ᠂ ᠳᠠᠭᠠᠭᠠᠴᠢᠯᠠᠨ ᠬᠤᠯᠪᠣᠭᠠᠯᠠᠬᠤ ᠠᠵᠢᠯ   ᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠎ᠠ᠃ ᠡᠭᠦᠨ ᠤ ᠬᠠᠮᠲᠤ᠂ ᠰᠢᠶᠠᠨ ᠤ ᠵᠠᠰᠠᠭ ᠤᠨ ᠣᠷᠳᠣᠨ ᠤ ᠰᠢᠪᠠᠳᠠᠨ ᠪᠠᠶᠢᠴᠠᠭᠠᠬᠤ ᠲᠠᠰᠤᠭ ᠤᠨ ᠬᠢᠨ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠲᠠᠢ ᠬᠠᠮᠲᠤᠷᠠᠨ ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ ᠲᠠᠯᠪᠢᠬᠤ ᠪᠠ ᠵᠠᠷᠯᠠᠨ ᠮᠡᠳᠡᠭᠳᠡᠬᠦ ᠠᠵᠢᠯ ᠢ ᠥᠷᠨᠢᠭᠦᠯᠵᠦ᠂ ᠦᠷ᠎ᠡ ᠪᠦᠲᠦᠮᠵᠢ ᠪᠠᠷ ᠪᠠᠷᠤᠭᠲᠠᠢ ᠰᠢᠶᠠᠩ ᠪᠠᠯᠭᠠᠰᠤ ᠨᠢ ᠪᠥᠬᠦ ᠰᠢᠶᠠᠨ ᠤ ᠬᠡᠪᠴᠢᠶᠡᠨ ᠳᠤ ᠵᠠᠷᠯᠠᠨ ᠮᠡᠳᠡᠭᠳᠡᠨ᠎ᠡ᠃    ︵ᠭᠤᠷᠪᠠ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠷᠠᠭᠤᠯᠤᠨ᠎ᠠ᠃ ᠡᠯ᠎ᠡ ᠰᠢᠶᠠᠩ ᠪᠠᠯᠭᠠᠰᠤ ︽ᠴᠡᠪᠡᠷ ᠲᠡᠭᠰᠢ ᠲᠣᠰᠬᠤᠨ ᠢ ᠡᠭᠦᠳᠴᠦ᠂ ᠤᠷᠢᠳᠠᠪᠠᠷ ᠪᠣᠯᠪᠠᠰᠤᠨ ᠬᠥᠮᠥᠨ ᠢ ᠬᠥᠮᠥᠵᠢᠭᠦᠯᠬᠦ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠨᠠᠮ ᠪᠠ ᠣᠯᠠᠨ ᠲᠦᠮᠡᠨ ᠤ ᠰᠡᠳᠬᠢᠯ ᠵᠢᠷᠦᠬᠡ ᠪᠠᠨ ᠬᠤᠯᠪᠣᠭᠰᠠᠨ ᠸᠢᠴᠠᠲ ᠤᠨ ᠪᠦᠯᠦᠭ᠂ ᠪᠦᠷᠢᠶ᠎ᠡ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠠᠴᠢ ᠬᠤᠯᠪᠣᠭᠳᠠᠯ ᠢ ᠪᠥᠬᠦ ᠲᠠᠯ᠎ᠠ ᠪᠠᠷ ᠤᠬᠠᠭᠤᠯᠪᠠ᠃ ᠡᠯ᠎ᠡ ᠰᠢᠶᠠᠩ ᠪᠠᠯᠭᠠᠰᠤᠨ ᠤ ᠤᠳᠤᠷᠢᠳᠬᠤ ᠪᠠᠭ ᠪᠡᠶ᠎ᠡ ᠪᠠᠷ ᠢᠶᠠᠨ ᠲᠦᠷᠦᠭᠦᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ︽ᠵᠢᠷᠭᠤᠭ᠎ᠠ ᠶᠢ ᠭᠠᠴᠠᠭ᠎ᠠ ᠡᠷᠦᠬᠡ ᠳᠤ ᠬᠦᠷᠭᠡᠬᠦ︾ ᠠᠵᠢᠯ ᠲᠠᠢ ᠤᠶᠠᠯᠳᠤᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠢᠳᠡᠪᠬᠢᠲᠡᠢ ᠣᠷᠣᠯᠴᠠᠭᠤᠯᠵᠤ᠂ ᠬᠥᠳᠡᠭᠡ ᠲᠣᠰᠬᠤᠨ ᠤ ᠣᠷᠴᠢᠨ ᠠᠬᠤᠢ ᠶᠢᠨ ᠳᠦᠷᠰᠦ ᠪᠠᠶᠢᠳᠠᠯ ᠪᠠ ᠤᠶᠤᠨ ᠰᠠᠨᠠᠭᠠᠨ ᠤ ᠳᠦᠷᠰᠦ ᠪᠠᠶᠢᠳᠠᠯ ᠢ ᠪᠦᠬᠦᠯᠢ ᠴᠣᠭᠴᠠ ᠪᠠᠷ ᠨᠢ ᠰᠠᠶᠢᠵᠢᠷᠠᠭᠤᠯᠬᠤ ᠶᠢ ᠲᠦᠷᠭᠡᠪᠴᠢᠯᠡᠨ ᠪᠡᠶᠡᠯᠡᠭᠦᠯᠬᠦ ᠬᠡᠷᠡᠭᠲᠡᠢ᠃                            ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                  2023 ᠣᠨ ᠤ 7 ᠰᠠᠷ᠎ᠠ ᠶᠢᠨ 13 ᠤ ᠡᠳᠦᠷ
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号