2023 ᠣᠨ ᠤ 1-6 ᠰᠠᠷ᠎ᠠ ᠶᠢᠨ ᠲᠦᠴᠢᠦᠸᠠᠨ ᠰᠢᠶᠠᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2023/7/27
    ᠬᠤᠰᠢᠭᠤ ᠰᠢᠶᠠᠨ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2023 ᠣᠨ ᠤ 1 ︱ 6 ᠳ᠋ᠤᠭᠠᠷ ᠰᠠᠷ᠎ᠠ ᠳᠤ ᠪᠥᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 40.72 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠪᠡ᠃ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠳᠥᠷᠪᠡᠳᠦᠭᠡᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 7.6%︶᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 5.73 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 12.5% ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 21.62 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.3% ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 13.36 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 5.4% ᠨᠡᠮᠡᠭᠳᠡᠪᠡ᠃     2023 ᠣᠨ ᠤ 1 ︱ 6 ᠳ᠋ᠤᠭᠠᠷ ᠰᠠᠷ᠎ᠠ ᠳᠤ ᠲᠦᠴᠢᠦᠸᠠᠨ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.2% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠳᠥᠷᠪᠡᠳᠦᠭᠡᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 14.9%︶᠃      2023 ᠣᠨ ᠤ 1 ︱ 6 ᠳ᠋ᠤᠭᠠᠷ ᠰᠠᠷ᠎ᠠ ᠳᠤ ᠲᠦᠴᠢᠦᠸᠠᠨ ᠰᠢᠶᠠᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠡᠶᠡᠯᠡᠭᠦᠯᠦᠭᠰᠡᠨ ᠲᠤᠭ᠎ᠠ ᠠᠳᠠᠯᠢ ᠬᠤᠭᠤᠴᠠᠭᠠᠨ ᠤ ᠬᠢ ᠠᠴᠠ 10.4% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠤᠮᠳᠠ ᠬᠤᠶᠠᠳᠤᠭᠠᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 27.3%︶᠃     2023 ᠣᠨ ᠤ 1 ︱ 6 ᠳ᠋ᠤᠭᠠᠷ ᠰᠠᠷ᠎ᠠ ᠳᠤ ᠲᠦᠴᠢᠦᠸᠠᠨ ᠰᠢᠶᠠᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 62570.2 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.8% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠤᠮᠳᠠ ᠬᠤᠶᠠᠳᠤᠭᠠᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 6.1%︶᠃  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号