ᠮᠢᠩ ᠰᠢᠩ ᠨᠠᠭᠤᠷ ᠲᠤ ᠴᠤᠭᠯᠠᠷᠠᠨ ᠦᠵᠡᠮᠵᠢ ᠰᠤᠨᠢᠷᠬᠠᠨ ᠲᠤᠭᠤᠶᠢᠯᠠᠩ ᠲᠡᠷᠭᠡ ᠤᠷᠤᠯᠳᠤᠨ᠎ᠠ
ᠨᠡᠶᠢᠲᠡᠯᠡᠭᠰᠡᠨ ᠴᠠᠭ᠄
2023/8/14
   ᠳᠣᠤᠷ᠎ᠠ ᠨᠡᠭᠦᠷᠡᠰᠦᠲᠥ᠋ᠷᠥᠭᠴᠢᠲᠦ ᠪᠣᠬᠢᠷᠲᠤᠯ ᠥᠬᠡᠶ ᠶᠠᠪᠤᠵᠤ ᠰᠠᠭᠤᠬᠤ ᠶᠢ ᠤᠯᠠᠮ ᠨᠢᠭᠡ ᠠᠯᠬᠤᠮ ᠤᠬᠠᠭᠤᠯᠵᠤ᠂ ᠪᠥᠬᠦ ᠠᠷᠠᠳ ᠤᠨ ᠪᠡᠶ᠎ᠡ ᠮᠠᠬᠠᠪᠣᠳ ᠤᠨ ᠬᠡᠪ ᠴᠢᠨᠠᠷ ᠢ ᠳᠡᠭᠡᠭᠰᠢᠯᠡᠭᠦᠯᠦᠨ᠂ ᠲᠦᠴᠢᠦᠸᠠᠨ ᠰᠢᠶᠠᠨ ᠤ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ︾ ᠠᠵᠢᠯᠯᠠᠭ᠎ᠠ ᠶᠢᠨ ᠬᠥᠮᠦᠰ ᠤᠨ ᠰᠡᠳᠬᠢᠯ ᠳᠤ ᠭᠦᠨᠵᠡᠭᠡᠶᠢᠷᠡᠬᠦ ᠶᠢ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 13 ᠤ ᠡᠳᠦᠷ᠂ ᠲᠦᠴᠢᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠦᠴᠢᠦᠸᠠᠨ ᠰᠢᠶᠠᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠲᠦᠴᠢᠦᠸᠠᠨ ᠰᠢᠶᠠᠨ ᠤ ᠵᠡᠭᠦᠨ ᠲᠦᠷᠦᠯᠵᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠲᠦᠴᠢᠦᠸᠠᠨ  ᠤ ᠮᠢᠩ ᠰᠢᠩ ᠵᠢᠭᠤᠯᠴᠢᠯᠠᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠤ᠋ ᠾᠦᠸᠧ ᠪᠡᠶ᠎ᠡ ᠶᠢᠨ ᠲᠠᠮᠢᠷ  ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠨ 2023 ᠣᠨ ᠤ ᠲᠦᠴᠢᠦᠸᠠᠨ ᠰᠢᠶᠠᠨ ᠤ ᠠᠩᠬᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠮᠢᠩ ᠰᠢᠩ ᠨᠠᠭᠤᠷ ᠢ ᠲᠣᠭᠤᠷᠢᠭᠰᠠᠨ ᠳᠤᠭᠤᠶ ᠲᠡᠷᠭᠡᠨ ᠤ ᠤᠷᠤᠯᠳᠤᠭᠠᠨ ᠢ ᠡᠷᠭᠢᠯᠡᠪᠡ᠃    ᠨᠠᠮᠤᠷ ᠤᠨ ᠡᠬᠢᠨ ᠤ ᠮᠢᠩ ᠰᠢᠩ ᠨᠠᠭᠤᠷ ᠨᠢ ᠬᠠᠮᠤᠭ ᠤᠨ ᠰᠠᠶᠢᠬᠠᠨ ᠤᠯᠠᠷᠢᠯ ᠢᠶᠠᠨ ᠤᠭᠲᠤᠵᠤ᠂ ᠲᠩᠷᠢ ᠨᠢ ᠴᠡᠯᠮᠡᠭ ᠲᠤᠩᠭᠠᠯᠠᠭ᠂ ᠨᠠᠭᠤᠷ ᠤᠨ ᠨᠢᠭᠤᠷ ᠨᠢ ᠲᠣᠯᠢ ᠮᠡᠲᠦ ᠲᠤᠩᠭᠠᠯᠠᠭ ᠪᠠᠶᠢᠵᠤ᠂ ᠭᠤᠶᠣ ᠦᠵᠡᠮᠵᠢ ᠪᠠᠷ ᠳᠦᠭᠦᠷᠡᠩ ᠪᠠᠶᠢᠨ᠎ᠠ᠃ ᠰᠢᠯᠢ ᠶᠢᠨ ᠭᠤᠤᠯ᠂ ᠴᠢᠴᠢᠬᠠᠷ᠂ ᠲᠦᠩᠯᠢᠶᠣᠤ ᠵᠡᠷᠭᠡ ᠭᠠᠵᠠᠷ ᠤᠨ ᠳᠤᠭᠤᠶ ᠤᠨᠤᠬᠤ ᠳᠤᠷᠠᠲᠠᠶ ᠬᠥᠮᠦᠰ ᠲᠦᠴᠢᠦᠸᠠᠨ ᠲᠤ ᠴᠤᠭᠯᠠᠷᠠᠵᠤ᠂ ᠨᠠᠭᠤᠷ ᠢ ᠲᠣᠭᠤᠷᠢᠭᠰᠠᠨ ᠳᠤᠭᠤᠶ ᠤᠨᠤᠬᠤ ᠶᠢᠨ ᠷᠢᠳᠢ ᠰᠢᠳᠢ  ᠶᠢ ᠬᠠᠮᠲᠤ ᠪᠠᠷ ᠮᠡᠳᠡᠷᠡᠪᠡ᠃    ᠦᠳᠡ ᠶᠢᠨ ᠡᠮᠦᠨᠡᠬᠢ 8 ᠴᠠᠭ 30 ᠮᠢᠨᠦ᠋ᠲ ᠲᠤ᠂ ᠫᠤᠤ ᠲᠤᠤᠭᠠᠷᠬᠤ ᠶᠢ ᠲᠠᠭᠠᠯᠳᠤᠨ᠂ ᠤᠷᠤᠯᠳᠤᠭᠠᠨ ᠵᠢᠩᠬᠢᠨᠢ ᠪᠠᠷ ᠡᠬᠢᠯᠡᠵᠦ᠂ ᠲᠠᠮᠢᠷᠴᠢᠳ ᠶᠠᠭ ᠬᠥᠪᠴᠢ ᠠᠴᠠ ᠰᠠᠯᠤᠭᠰᠠᠨ ᠰᠤᠮᠤ ᠰᠢᠭ ᠢᠶᠠᠷ ᠡᠬᠢᠯᠡᠯᠲᠡ ᠶᠢᠨ ᠱᠤᠭᠤᠮ  ᠠᠴᠠ ᠰᠢᠪᠲᠤᠯᠤᠨ ᠭᠠᠷᠴᠤ᠂ ᠡᠴᠦᠰ ᠤᠨ ᠴᠡᠭ ᠵᠦᠭ ᠱᠠᠯᠠᠮᠠᠭᠠᠶᠢᠯᠠᠨ ᠤᠷᠤᠭᠰᠢᠯᠠᠵᠤ᠂ ᠬᠦᠴᠦ ᠲᠠᠮᠢᠷ᠂ ᠲᠡᠰᠪᠦᠷᠢ ᠲᠡᠪᠴᠢᠶᠡᠷᠢ ᠪᠠ ᠬᠠᠲᠠᠭᠤ ᠵᠣᠷᠢᠭ ᠤᠨ ᠰᠢᠯᠭᠠᠯᠲᠠ ᠶᠢ ᠬᠠᠮᠲᠤ ᠪᠠᠷ ᠦᠩᠭᠡᠷᠡᠭᠦᠯᠦᠨ᠎ᠡ᠃    ᠲᠠᠮᠢᠷᠴᠢᠳ ᠤᠨ ᠭᠡᠷ ᠪᠦᠯᠢ ᠶᠢᠨ ᠬᠢᠨ ᠳ᠋ᠠᠢ ᠱᠠᠨ ᠱᠠᠨ ᠥᠨᠥᠳᠦᠷ ᠤᠷᠤᠯᠳᠤᠭᠠᠨ ᠡᠷᠬᠢᠯᠡᠬᠦ ᠶᠢ ᠰᠣᠨᠣᠰᠤᠭᠠᠳ ᠂ ᠭᠡᠷ ᠤᠨ ᠬᠥᠮᠦᠰ᠂ ᠬᠡᠦᠬᠡᠳ ᠢᠶᠠᠨ ᠳᠠᠭᠠᠭᠤᠯᠤᠨ ᠲᠥᠷᠥᠯ ᠰᠠᠳᠤᠨ ᠳᠠᠭᠠᠨ ᠬᠦᠴᠦ ᠨᠡᠮᠡᠷᠢᠯᠡᠪᠡ᠃    ︽ᠮᠢᠩ ᠰᠢᠩ ᠨᠠᠭᠤᠷ ᠳᠤ ᠥᠨᠥᠳᠦᠷ ᠨᠠᠭᠤᠷ ᠲᠣᠭᠤᠷᠢᠭᠰᠠᠨ ᠳᠤᠭᠤᠶ ᠤᠨᠤᠬᠤ ᠬᠥᠳᠡᠯᠭᠡᠭᠡᠨ ᠲᠠᠢ ᠭᠡᠵᠦ ᠰᠣᠨᠣᠰᠤᠭᠠᠳ ᠪᠢ ᠢᠷᠡᠵᠦ ᠦᠵᠡᠭᠰᠡᠨ ᠶᠤᠮ᠂ ᠮᠠᠰᠢ ᠬᠥᠷ ᠬᠥᠭᠵᠢᠶᠡᠨ ᠲᠠᠢ ᠰᠠᠨᠠᠭᠳᠠᠵᠤ ᠪᠠᠶᠢᠨ᠎ᠠ᠂ ᠲᠡᠳᠡᠨ ᠤ ᠲᠣᠨᠤᠭ ᠲᠥᠬᠦᠭᠡᠷᠦᠮᠵᠢ ᠨᠢ ᠴᠦ ᠮᠠᠰᠢ ᠲᠤᠰᠬᠠᠶ ᠮᠡᠷᠭᠡᠵᠢᠯ ᠤᠨ ᠪᠠᠶᠢᠵᠤ᠂ ᠲᠡᠳᠡᠨ ᠤ ᠬᠡᠪ ᠨᠠᠮᠪᠠ ᠲᠠᠢ ᠤᠷᠤᠯᠳᠤᠨ ᠬᠢᠷᠢ ᠲᠦᠪᠰᠢᠨ ᠭᠠᠷᠭᠠᠵᠤ᠂ ᠬᠦᠰᠡᠯᠡᠩ ᠤᠨ ᠬᠢᠷᠢ ᠪᠦᠲᠦᠮᠵᠢ ᠤᠯᠬᠤ ᠶᠢ ᠬᠦᠰᠡᠵᠦ ᠪᠠᠶᠢᠨ᠎ᠠ᠂ ᠪᠠᠰᠠ ᠤᠯᠠᠮ ᠠᠴᠠ ᠤᠯᠠᠮ ᠣᠯᠠᠨ ᠬᠥᠮᠦᠨ ᠮᠠᠨ ᠤ ᠮᠢᠩ ᠰᠢᠩ ᠨᠠᠭᠤᠷ ᠲᠤ ᠢᠷᠡᠵᠦ ᠵᠤᠭᠠᠴᠠᠨ᠂ ᠮᠠᠨ ᠤ ᠲᠦᠴᠢᠦᠸᠠᠨ ᠤ ᠦᠵᠡᠰᠬᠦᠯᠡᠩᠲᠦ ᠰᠠᠶᠢᠬᠠᠨ ᠦᠵᠡᠮᠵᠢ ᠶᠢ ᠰᠤᠨᠢᠷᠬᠠᠬᠤ ᠶᠢ ᠬᠦᠰᠡᠵᠦ ᠪᠠᠶᠢᠨ᠎ᠠ᠃︾ ᠭᠡᠵᠦ ᠵᠢᠭᠤᠯᠴᠢᠯᠠᠭᠴᠢ ᠳ᠋ᠠᠶ ᠱᠠᠨ ᠱᠠᠨ ᠬᠡᠯᠡᠪᠡ᠃    ᠣᠷᠭᠢᠯᠤᠮ᠎ᠠ ᠰᠡᠳᠬᠢᠯᠭᠡ ᠪᠠᠷ ᠳᠤᠭᠤᠶ ᠤᠨᠤᠬᠤ ᠳᠤᠮᠳᠠ ᠪᠠᠢᠭᠠᠯᠢ ᠲᠠᠢ ᠣᠢᠷᠠᠲᠤᠵᠤ᠂ ᠪᠠᠢᠭᠠᠯᠢ ᠶᠢ ᠡᠳ᠋ᠯᠡᠬᠦ ᠳᠤᠮᠳᠠ ᠪᠠᠶᠠᠷ ᠪᠠᠶᠠᠰᠤᠯ ᠢ ᠮᠡᠳᠡᠷᠡᠨ᠎ᠡ᠃ ᠨᠠᠭᠤᠷ ᠢ ᠲᠣᠭᠤᠷᠢᠭᠰᠠᠨ ᠲᠠᠮᠢᠷᠴᠢᠳ  ᠮᠢᠩ ᠰᠢᠩ ᠨᠠᠭᠤᠷ ᠤᠨ ᠪᠠᠶᠢᠭᠠᠯᠢ ᠶᠢᠨ ᠦᠵᠡᠮᠵᠢ ᠶᠢ ᠬᠠᠨᠲᠠᠯ᠎ᠠ ᠰᠣᠨᠢᠷᠬᠠᠵᠤ᠂ ᠲᠡᠷᠭᠡᠨ ᠬᠦᠷᠳᠦ ᠪᠣᠯᠤᠨ ᠲᠡᠳᠡᠨ ᠤ ᠭᠢᠯᠠᠯᠵᠠᠭᠰᠠᠨ ᠰᠡᠭᠦᠳᠡᠷ  ᠤᠳ ᠨᠢ ᠭᠤᠶᠣ ᠰᠠᠶᠢᠬᠠᠨ ᠦᠵᠡᠮᠵᠢ ᠶᠢ ᠵᠢᠷᠤᠭᠰᠠᠨ ᠪᠠᠶᠢᠨ᠎ᠠ᠃    ︽ᠪᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠠᠴᠠ ᠢᠷᠡᠭᠰᠡᠨ ᠶᠤᠮ᠂ ᠲᠦᠴᠢᠦᠸᠠᠨ ᠳᠤ ᠠᠩᠬ᠎ᠠ ᠤᠳᠠᠭ᠎ᠠ ᠨᠠᠭᠤᠷ ᠢ ᠲᠣᠭᠤᠷᠢᠭᠰᠠᠨ ᠳᠤᠭᠤᠶ ᠤᠨᠤᠵᠤ ᠠᠶᠠᠯᠠᠬᠤ ᠳᠤ ᠣᠷᠣᠯᠴᠠᠵᠤ ᠪᠠᠶᠢᠨ᠎ᠠ᠂ ᠮᠠᠨ ᠤ ᠨᠤᠲᠤᠭ ᠣᠲᠣ ᠤᠯᠠᠮ ᠠᠴᠠ ᠤᠯᠠᠮ ᠭᠤᠶᠣ ᠪᠣᠯᠵᠣ ᠪᠠᠶᠢᠨ᠎ᠠ᠂ ᠠᠳᠡᠬᠢ ᠦᠵᠡᠮᠵᠢ ᠮᠠᠰᠢ ᠭᠤᠶᠣ᠂ ᠣᠶᠢᠯᠠᠭᠠᠯᠲᠠ ᠨᠡᠯᠢᠶᠡᠳ ᠵᠦᠭᠡᠷ᠂ ᠬᠠᠮᠢᠶ᠎ᠠ ᠪᠥᠬᠦᠶ ᠦᠶᠯᠡᠴᠢᠯᠡᠭᠡ ᠴᠦ ᠮᠠᠰᠢ ᠰᠠᠶᠢᠨ ᠪᠠᠶᠢᠨ᠎ᠠ᠂ ᠮᠢᠩ ᠰᠢᠩ ᠨᠠᠭᠤᠷ ᠲᠤ ᠡᠨᠡ ᠬᠦ ᠨᠠᠭᠤᠷ ᠢ ᠲᠣᠭᠤᠷᠢᠭᠰᠠᠨ ᠳᠤᠭᠤᠶ ᠤᠨᠤᠬᠤ ᠤᠷᠤᠯᠳᠤᠭᠠᠨ ᠳᠤ ᠣᠷᠣᠯᠴᠠᠭᠰᠠᠨ ᠨᠢ ᠮᠢᠨᠦ ᠪᠡᠶ᠎ᠡ ᠮᠠᠬᠠᠪᠣᠳ ᠢ ᠪᠣᠯᠪᠠᠰᠤᠷᠠᠭᠤᠯᠬᠤ ᠪᠠᠷ ᠪᠠᠷᠠᠬᠤ ᠥᠬᠡᠶ ᠪᠠᠰᠠ ᠰᠡᠳᠬᠢᠯ ᠰᠠᠨᠠᠭ᠎ᠠ ᠶᠢ ᠲᠠᠶᠢᠪᠤᠰᠢᠷᠠᠭᠤᠯᠵᠤ᠂ ᠮᠠᠰᠢ ᠰᠠᠶᠢᠨ ᠲᠥᠷᠥᠭᠳᠡᠯ ᠲᠠᠢ ᠪᠠᠶᠢᠨ᠎ᠠ᠃︾ ᠭᠡᠵᠦ ᠤᠷᠤᠯᠳᠤᠭᠠᠨ ᠳᠤ ᠣᠷᠣᠯᠴᠠᠭᠰᠠᠨ ᠲᠠᠮᠢᠷᠴᠢᠨ ᠳ᠋ᠠᠶ ᠼᠠᠢ ᠰᠢᠶᠠ ᠬᠡᠯᠡᠪᠡ᠃    ︽ᠠᠩᠬᠠᠳᠤᠭᠠᠷ ᠬᠤᠭᠤᠴᠠᠭᠠᠨ ᠤ ᠨᠠᠭᠤᠷ ᠲᠣᠭᠤᠷᠢᠨ ᠳᠤᠭᠤᠶ ᠤᠨᠤᠬᠤ ᠤᠷᠤᠯᠳᠤᠭᠠᠨ ᠳᠤ ᠣᠷᠣᠯᠴᠠᠬᠤ ᠪᠣᠯᠤᠭᠰᠠᠨ ᠳᠠᠭᠠᠨ ᠮᠠᠰᠢ ᠠᠵᠠᠲᠠᠶ ᠰᠠᠨᠠᠭᠳᠠᠵᠤ ᠪᠠᠶᠢᠨ᠎ᠠ᠂ ᠪᠢ ᠪᠠᠰᠠ ᠠᠩᠬ᠎ᠠ ᠤᠳᠠᠭ᠎ᠠ ᠡᠶᠢᠮᠦ ᠠᠵᠢᠯᠯᠠᠭ᠎ᠠ ᠳᠤ ᠣᠷᠣᠯᠴᠠᠵᠤ ᠪᠠᠶᠢᠨ᠎ᠠ᠂ ᠮᠠᠰᠢ ᠪᠠᠶᠠᠷᠲᠠᠶ ᠰᠠᠨᠠᠭᠳᠠᠵᠤ ᠪᠠᠶᠢᠨ᠎ᠠ᠂ ᠬᠤᠶᠢᠰᠢᠳᠠ ᠡᠶᠢᠮᠦ ᠠᠵᠠ ᠲᠣᠬᠢᠶᠠᠯ ᠲᠠᠢ ᠪᠤᠯ ᠪᠢ ᠪᠠᠰᠠ ᠢᠳᠡᠪᠬᠢᠲᠡᠶ ᠣᠷᠣᠯᠴᠠᠨ᠎ᠠ᠃︾ ᠭᠡᠵᠦ ᠤᠷᠤᠯᠳᠤᠭᠠᠨ ᠳᠤ ᠣᠷᠣᠯᠴᠠᠭᠴᠢ ᠵᠧᠦ ᠮᠢᠩ ᠰᠢᠨ ᠬᠡᠯᠡᠪᠡ᠃    ᠮᠢᠩ ᠰᠢᠩ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠣᠭᠴᠠ ᠪᠣᠯ ᠲᠦᠴᠢᠦᠸᠠᠨ ᠰᠢᠶᠠᠨ ᠤ ᠬᠥᠳᠡᠭᠡ ᠲᠣᠰᠬᠤᠨ ᠤ ᠣᠨᠴᠠᠯᠢᠭ᠂ ᠵᠢᠭᠠᠰᠤᠨ ᠠᠵᠤ ᠠᠬᠤᠢ ᠶᠢᠨ ᠡᠬᠢ ᠪᠠᠶᠠᠯᠢᠭ ᠢ ᠠᠭᠤᠰᠤᠯᠴᠠᠭᠤᠯᠵᠤ᠂ ᠬᠢᠩᠭᠠᠨ ᠠᠶᠢᠮᠠᠭ  ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ ᠪᠠᠶᠢᠭᠤᠯᠤᠭᠰᠠᠨ ᠠᠶᠢᠮᠠᠭ ᠤᠨ ᠲᠡᠰ ᠤᠨ ᠴᠢᠬᠤᠯᠠ ᠶᠡᠭᠡ ᠲᠥᠷᠥᠯ ᠵᠦᠢᠯ ᠪᠣᠯᠤᠨ᠎ᠠ᠃ ᠲᠦᠴᠢᠦᠸᠠᠨ ᠰᠢᠶᠠᠨ ᠤ ᠵᠡᠭᠦᠨ ᠳᠥᠷᠥᠯᠵᠢ ᠪᠠᠯᠭᠠᠰᠤ ᠶᠢᠨ ᠮᠢᠩ ᠰᠢᠩ ᠲᠣᠰᠬᠤᠨ ᠳᠤ ᠪᠠᠶᠢᠷᠢᠯᠠᠵᠤ᠂ ᠬᠢᠩᠭᠠᠨ ᠠᠶᠢᠮᠠᠭ ᠤᠨ ᠬᠤᠶᠢᠲᠤ ᠬᠡᠰᠡᠭ ᠤᠨ ᠵᠤᠭᠠᠴᠠᠯ  ᠤᠨ ᠤᠷᠳᠤ ᠬᠤᠩᠭᠢᠯ ᠤᠨ ᠴᠢᠬᠤᠯᠠ ᠵᠠᠮ ᠬᠠᠷᠢᠯᠴᠠᠭᠠᠨ ᠤ ᠱᠤᠭᠤᠮ ᠳᠠᠭᠠᠤ ᠪᠠᠶᠢᠷᠢᠯᠠᠵᠤ᠂ 12.8 ᠲᠡᠭᠰᠢ ᠳᠥᠷᠪᠡᠯᠵᠢᠨ ᠺᠢᠯᠤᠮᠧᠲᠷ ᠲᠠᠯᠠᠪᠠᠢ ᠲᠠᠢ᠂ 12 ᠺᠢᠯᠤᠮᠧᠲᠷ ᠤᠨᠴᠠᠯᠢᠭᠲᠤ ᠨᠠᠭᠤᠷ ᠲᠣᠭᠤᠷᠢᠭᠰᠠᠨ ᠨᠣᠭᠤᠭᠠᠨ ᠵᠠᠮ  ᠲᠠᠢ ᠪᠠᠶᠢᠵᠤ᠂ ᠤᠷᠤᠯᠳᠤᠭᠠᠨ ᠳᠤ ᠣᠷᠣᠯᠴᠠᠭᠰᠠᠳ ᠲᠤ ᠬᠥᠬᠡᠮᠳᠦᠭ ᠠᠭᠤᠯᠠ ᠤᠰᠤᠨ ᠤ ᠬᠤᠭᠤᠷᠣᠨᠳᠣ ᠬᠤᠷᠳᠤᠴᠠ ᠪᠠ ᠣᠷᠭᠢᠯᠤᠮ᠎ᠠ ᠰᠡᠳᠬᠢᠯᠭᠡ ᠶᠢ ᠮᠡᠳᠡᠷᠡᠭᠦᠯᠪᠡ᠃    ︽ᠥᠨᠥᠳᠦᠷ ᠶᠠᠪᠤᠭᠳᠠᠭᠰᠠᠨ 2023 ᠣᠨ ᠤ ᠲᠦᠴᠢᠦᠸᠠᠨ ᠰᠢᠶᠠᠨ ᠤ ᠠᠩᠬᠠᠳᠤᠭᠠᠷ ᠬᠤᠭᠤᠴᠠᠭᠠᠨ ᠤ ︿ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ﹀ ᠳᠤᠭᠤᠶ ᠲᠡᠷᠭᠡᠨ ᠤ ᠤᠷᠤᠯᠳᠤᠭᠠᠨ ᠳᠤ ᠨᠡᠶᠢᠲᠡ 245 ᠬᠥᠮᠦᠨ ᠣᠷᠣᠯᠴᠠᠵᠤ᠂ ᠤᠷᠤᠯᠳᠤᠭᠠᠨ ᠤ ᠵᠠᠮ ᠨᠢ ᠨᠡᠶᠢᠲᠡ 30 ᠺᠢᠯᠣᠮᠧᠲᠷ ᠪᠣᠯᠤᠨ᠎ᠠ᠂ ᠡᠨᠡ ᠬᠦ ᠠᠵᠢᠯᠯᠠᠭ᠎ᠠ ᠳᠤ ᠣᠷᠣᠯᠴᠠᠭᠰᠠᠨ ᠲᠠᠮᠢᠷᠴᠢᠳ ᠴᠥᠮ ᠱᠠᠩᠨᠠᠯ ᠭᠥᠷᠳᠡᠳᠡᠭ ᠤᠷᠤᠯᠳᠤᠭᠠᠨ ᠳᠤ ᠣᠷᠣᠯᠴᠠᠭᠰᠠᠨ ᠪᠣᠶ ᠪᠥᠬᠦᠶ ᠲᠠᠮᠢᠷᠴᠢᠳ ᠳᠤᠭᠤᠶ ᠤᠨᠤᠵᠤ ᠠᠶᠠᠯᠠᠬᠤ ᠶᠢᠨ ᠪᠠᠶᠠᠷ ᠪᠠᠶᠠᠰᠤᠯ ᠢ ᠡᠳ᠋ᠯᠡᠵᠦ ᠴᠢᠳᠠᠬᠤ ᠮᠥᠷᠲᠡᠭᠡᠨ ᠪᠠᠰᠠ ᠮᠠᠩ ᠰᠢᠩ ᠨᠠᠭᠤᠷ ᠤᠨ ᠭᠤᠶᠢᠳᠠ ᠰᠠᠶᠢᠬᠠᠨ ᠠᠮᠢ ᠠᠬᠤᠶ ᠶᠢᠨ ᠣᠷᠴᠢᠨ ᠲᠣᠭᠤᠷᠢᠨ ᠢ ᠣᠶᠢᠯᠠᠭᠠᠵᠤ ᠴᠢᠳᠠᠬᠤ ᠶᠢ ᠬᠦᠰᠡᠵᠦ ᠪᠠᠶᠢᠨ᠎ᠠ᠂ ᠪᠡᠶ᠎ᠡ ᠶᠢᠨ ᠲᠠᠮᠢᠷ ᠤᠨ ᠤᠷ᠎ᠠ ᠴᠢᠳᠠᠪᠤᠷᠢ ᠪᠠᠷ ᠳᠠᠮᠵᠢᠭᠤᠯᠤᠨ ᠮᠢᠩ ᠰᠢᠩ ᠨᠠᠭᠤᠷ ᠤᠨ ︿ᠨᠠᠶᠢᠵᠠ ᠶᠢᠨ ᠲᠣᠭᠤᠷᠢᠭ﹀ ᠢ ᠥᠷᠭᠡᠳᠬᠡᠭᠰᠡᠨ ᠢᠶᠠᠷ ᠪᠠᠷᠠᠬᠤ ᠥᠬᠡᠶ᠂ ᠠᠷᠠᠳ ᠣᠯᠠᠨ ᠳᠤ ᠠᠪᠴᠤ ᠬᠡᠯᠡᠪᠡᠯ᠂ ᠨᠠᠩ ᠴᠤ ᠪᠡᠶ᠎ᠡ ᠶᠢᠨ ᠲᠠᠮᠢᠷ ᠤᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ  ᠢ ᠨᠡᠮᠡᠭᠳᠡᠭᠦᠯᠦᠭᠰᠡᠨ ᠪᠠᠶᠢᠨ᠎ᠠ᠃︾ ᠭᠡᠵᠦ ᠶᠡᠷᠦᠩᠬᠡᠶ ᠬᠢᠨᠠᠭᠴᠢ ᠶᠢᠨ ᠳᠠᠷᠤᠭ᠎ᠠ ᠼᠦᠩ ᠹᠦ᠋ ᠱᠧᠩ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号