ᠲᠦᠴᠢᠦᠸᠠᠨ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠡᠭᠦᠳᠡ ᠪᠠᠨ ᠨᠡᠭᠡᠭᠡᠪᠡ
ᠨᠡᠶᠢᠲᠡᠯᠡᠭᠰᠡᠨ ᠴᠠᠭ᠄
2023/8/17
   8 ᠰᠠᠷ᠎ᠠ ᠶᠢᠨ 14 ᠤ ᠡᠳᠦᠷ᠂ ᠲᠦᠴᠢᠦᠸᠠᠨ ᠰᠢᠶᠠᠨ ᠤ ᠴᠦᠨ ᠵᠧᠦ ᠠᠭᠤᠳᠠᠮ ᠲᠠᠯᠠᠪᠠᠶ ᠶᠢᠨ 13 ᠳ᠋ᠤᠭᠠᠷ ᠳᠠᠪᠬᠤᠷᠯᠢᠭ ᠤᠨ 1300 ᠲᠡᠭᠰᠢ ᠳᠥᠷᠪᠡᠯᠵᠢᠨ ᠮᠧᠲᠷ ᠲᠠᠯᠠᠪᠠᠶ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠵᠢᠩᠬᠢᠨᠢ ᠪᠠᠷ ᠡᠭᠦᠳᠡ ᠪᠠᠨ ᠨᠡᠭᠡᠭᠡᠵᠦ ᠵᠣᠴᠢᠨ ᠤᠭᠳᠠᠪᠠ᠃    ᠲᠦᠴᠢᠦᠸᠠᠨ ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠰᠢᠨᠵᠢᠯᠡᠬᠦ ᠤᠬᠠᠭᠠᠨ ᠢ ᠤᠯᠠᠮᠵᠢᠯᠠᠨ ᠳᠡᠯᠭᠡᠷᠡᠭᠦᠯᠬᠦ ᠪᠠᠷ ᠵᠣᠷᠢᠯᠲᠠ ᠪᠣᠯᠭᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠᠷ ᠠᠴᠢᠶᠠᠯᠠᠪᠤᠷᠢ ᠪᠣᠯᠭᠠᠵᠤ᠂ ︽ᠰᠢᠨᠵᠢᠯᠡᠬᠦ ᠤᠬᠠᠭᠠᠨ ᠢ ᠬᠠᠶᠢᠨ ᠰᠦᠪᠡᠭᠴᠢᠯᠡᠵᠦ᠂ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ︾ ᠭᠡᠬᠦ ᠭᠤᠤᠯ ᠰᠡᠳᠦᠪ ᠤᠨ ᠲᠣᠭᠤᠷᠢᠨ ᠳᠤ᠂ ︽ᠷᠢᠳᠢ ᠰᠢᠳᠢᠲᠦ ᠬᠡᠷᠡᠯ ᠰᠡᠭᠦᠳᠡᠷ᠂ ᠰᠢᠨᠵᠢᠯᠡᠬᠦ ᠤᠬᠠᠭᠠᠨ ᠤ ᠨᠢᠭᠤᠴᠠ ᠬᠠᠶᠢᠯᠲᠠ᠂ ᠳᠤᠷ᠎ᠠ ᠰᠣᠨᠢᠷᠬᠠᠯ ᠤᠨ ᠥᠷᠢᠰᠥᠯᠳᠦᠭᠡᠨ᠂ ᠲᠤᠰᠬᠠᠯᠲᠠ ᠵᠢᠷᠤᠭ᠂ ᠨᠠᠷᠠᠲᠤ ᠬᠥᠮᠦᠰ ᠤᠨ ᠲᠠᠩᠬᠢᠮ᠂ ᠣᠷᠴᠢᠯᠠᠩ ᠤᠨ ᠲᠠᠨᠢᠨ ᠮᠡᠳᠡᠬᠦᠶ︾ ᠭᠡᠬᠦ ᠵᠢᠷᠭᠤᠭᠠᠨ ᠦᠵᠡᠭᠦᠯᠦᠯᠭᠡ ᠶᠢᠨ ᠲᠣᠭᠤᠷᠢᠭ ᠢ ᠵᠢᠷᠤᠵᠤ ᠲᠥᠯᠥᠪᠯᠡᠨ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠯᠧᠮᠧᠨ᠋ᠲ ᠢᠶᠠᠷ ᠲᠦᠭᠦᠷᠡᠭᠰᠡᠨ ᠦᠵᠡᠭᠦᠯᠦᠯᠭᠡ  ᠶᠢᠨ ᠪᠣᠳᠠᠰ ᠨᠡᠶᠢᠲᠡ 50 ᠶᠢ ᠵᠢᠷᠤᠵᠤ ᠲᠥᠯᠥᠪᠯᠡᠨ᠂ ᠲᠣᠭᠤᠷᠢᠨ ᠦᠵᠡᠭᠴᠢᠳ ᠶᠢ ᠰᠤᠨᠢᠷᠬᠠᠨ᠎ᠠ ᠰᠤᠭᠲᠤᠷᠠᠭᠤᠯᠵᠤ ᠪᠠᠶᠢᠯ᠎ᠠ᠃    ᠡᠭᠦᠳᠡ ᠨᠡᠭᠡᠭᠡᠭᠰᠡᠨ ᠠᠩᠬᠠᠨ ᠤ ᠡᠳᠦᠷ ᠲᠡᠭᠡᠨ ︽ᠲᠤᠯᠤᠭᠠᠨ ᠥᠩᠭᠡᠲᠦ ᠠᠮᠠᠷᠠᠯᠲᠠ ᠶᠢᠨ ᠵᠡᠭᠦᠳᠦ ᠵᠡᠷᠭᠡᠯᠭᠡᠨ︾ ᠵᠤᠰᠠᠯᠠᠩ ᠤᠨ 40 ᠭᠠᠷᠤᠶ ᠰᠣᠷᠣᠭᠴᠢ ᠣᠷᠳᠣᠨ ᠳᠤ ᠣᠷᠣᠵᠤ ᠲᠣᠭᠤᠷᠢᠨ ᠦᠵᠡᠪᠡ᠂ ᠬᠡᠦᠬᠡᠳ ᠤᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠵᠡᠰᠬᠦᠯᠡᠩ ᠳᠤ ᠬᠢᠵᠠᠭᠠᠯᠠᠰᠢ ᠥᠬᠡᠶ ᠰᠣᠨᠢᠷᠬᠠᠯ ᠲᠠᠢ ᠪᠠᠶᠢᠵᠤ᠂ ᠲᠠᠶᠢᠯᠪᠤᠷᠢᠯᠠᠭᠴᠢ ᠶᠢᠨ ᠳᠠᠭᠠᠭᠤᠯᠭ᠎ᠠ ᠳᠣᠤᠷ᠎ᠠ᠂ ᠰᠢᠨᠵᠢᠯᠡᠬᠦ ᠤᠬᠠᠭᠠᠨᠴᠢ ᠴᠢᠨᠠᠷ᠂ ᠰᠣᠨᠢᠷᠬᠠᠯᠲᠤ ᠴᠢᠨᠠᠷ᠂ ᠬᠠᠷᠢᠯᠴᠠᠨ ᠦᠶᠯᠡᠳᠦᠯᠴᠡᠬᠦ ᠴᠢᠨᠠᠷ ᠢ ᠨᠢᠭᠡ ᠴᠣᠭᠴᠠᠵᠢᠭᠤᠯᠤᠭᠰᠠᠨ ᠲᠥᠷᠥᠯ ᠵᠦᠶᠯ ᠳᠤ ᠰᠣᠭᠲᠣᠭᠤᠷᠠᠵᠤ᠂ ᠰᠢᠨᠵᠢᠯᠡᠬᠦ ᠤᠬᠠᠭᠠᠨ  ᠤ ᠷᠢᠳᠢ ᠰᠢᠳᠢ ᠶᠢ ᠮᠡᠳᠡᠷᠡᠵᠦ᠂ ᠬᠠᠶᠢᠨ ᠰᠥᠪᠡᠭᠴᠢᠯᠡᠯᠲᠡ ᠶᠢᠨ ᠪᠠᠶᠠᠷ ᠪᠠᠶᠠᠰᠤᠯ ᠢ ᠪᠡᠶᠡᠴᠢᠯᠡᠨ ᠣᠶᠢᠯᠠᠭᠠᠵᠠᠶ᠃    ︽ᠡᠨᠡ ᠬᠦ ᠲᠤᠷ᠎ᠠ ᠰᠤᠨᠢᠷᠬᠠᠯᠳᠤ ᠥᠷᠢᠰᠥᠯᠳᠦᠭᠡᠨ ᠤ ᠣᠷᠣᠨ ᠦᠨᠡᠬᠡᠷ ᠰᠣᠨᠢᠷᠬᠠᠯᠲᠠᠶ᠂ ᠠᠳᠡ ᠪᠢ ᠮᠠᠰᠢ ᠣᠯᠠᠨ ᠬᠠᠴᠢᠨ ᠰᠣᠨᠢᠷᠬᠠᠯᠲᠠᠶ ᠲᠥᠬᠦᠭᠡᠷᠦᠮᠵᠢ ᠶᠢ ᠪᠡᠶᠡᠴᠢᠯᠡᠨ ᠣᠶᠢᠯᠠᠭᠠᠵᠤ᠂ ᠨᠠᠳᠠ   ᠳᠤ ᠨᠠᠭᠠᠳᠤᠭᠤᠯᠬᠤ ᠶᠢᠨ ᠬᠠᠮᠲᠤ ᠮᠡᠳᠡᠯᠭᠡ ᠪᠠᠨ ᠨᠡᠮᠡᠭᠳᠡᠭᠦᠯᠵᠦ ᠴᠢᠳᠠᠭᠰᠠᠨ ᠳᠠᠭᠠᠨ ᠮᠠᠰᠢ ᠪᠠᠶᠠᠷᠲᠠᠶ ᠪᠠᠶᠢᠨ᠎ᠠ︕︾ ᠭᠡᠵᠦ ᠵᠤᠰᠠᠯᠠᠩ ᠤᠨ ᠬᠠᠮᠲᠤ ᠰᠤᠷᠤᠯᠭᠠᠲᠠᠨ ᠨᠢᠦ ᠼᠤᠤ ᠶᠤᠸᠠᠨ ᠪᠠᠶᠠᠷᠯᠠᠨ ᠬᠡᠯᠡᠨ᠎ᠡ᠃    ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠡᠭᠦᠳᠡ ᠪᠠᠨ ᠨᠡᠭᠡᠭᠡᠭᠰᠡᠨ ᠨᠢ ᠥᠷᠭᠡᠨ ᠤᠯᠠᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠦᠢᠯᠡᠳᠦᠯᠭᠡ ᠪᠠ ᠰᠢᠨᠵᠢᠯᠡᠬᠦ ᠤᠬᠠᠭᠠᠨ ᠤ ᠰᠢᠨ᠎ᠡ ᠡᠭᠦᠳᠦᠯᠲᠡ ᠳᠤ ᠢᠳᠡᠪᠬᠢᠲᠡᠢ ᠣᠷᠣᠯᠴᠠᠬᠤ ᠵᠣᠷᠢᠭ ᠰᠠᠨᠠᠭ᠎ᠠ ᠶᠢ ᠬᠥᠮᠦᠵᠢᠭᠦᠯᠦᠭᠰᠡᠨ ᠢᠶᠠᠷ ᠪᠠᠷᠠᠬᠤ ᠦᠭᠡᠢ ᠪᠠᠰᠠ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠳᠤ ᠬᠦᠴᠦᠨ ᠨᠡᠮᠡᠷᠢᠯᠡᠭᠰᠡᠨ ᠪᠠᠶᠢᠨ᠎ᠠ᠃ ᠡᠭᠦᠨ ᠤ ᠬᠠᠮᠲᠤ ᠰᠢᠶᠠᠨ ᠤ ᠳᠣᠲᠣᠨ᠎ᠠ ᠭᠠᠳᠠᠨᠠᠬᠢ ᠦᠶᠯᠡᠳᠦᠯᠭᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠠᠬᠢᠭᠤᠯᠵᠤ᠂ ᠥᠷᠭᠡᠨ ᠣᠯᠠᠨ ᠵᠠᠯᠠᠭᠤᠴᠤᠳ ᠪᠠᠭᠠᠴᠤᠳ  ᠢ ᠳᠠᠶᠢᠴᠢᠯᠠᠨ ᠦᠶᠯᠡᠳᠦᠯᠭᠡ ᠶᠢᠨ ᠬᠠᠶᠢᠨ ᠰᠥᠪᠡᠭᠴᠢᠯᠡᠯᠲᠡ ᠶᠢᠨ ᠳᠤᠮᠳᠠ ᠪᠣᠯᠪᠠᠰᠤᠷᠠᠯ ᠢ ᠥᠷᠭᠡᠳᠬᠡᠵᠦ᠂ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠦᠵᠡᠯ ᠤᠬᠠᠮᠰᠠᠷ ᠢ ᠤᠯᠠᠮ ᠨᠢᠭᠡ ᠠᠯᠬᠤᠮ ᠬᠥᠲᠥᠯᠥᠨ ᠳᠠᠭᠠᠭᠤᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号