ᠰᠢᠤᠸᠠᠢ ᠲᠢᠶᠠᠨ ᠰᠢᠶᠠᠩ ᠤᠨ ︽ᠰᠣᠶᠣᠯ ᠰᠤᠳᠤᠯᠤᠨ ᠰᠤᠷᠤᠯᠴᠠᠬᠤ︾ ᠨᠢ ᠦᠨᠳᠦᠰᠦᠲᠡᠨ ᠤ ᠪᠦᠯᠬᠦᠮᠳᠡᠯ  ᠤᠨ ᠴᠡᠴᠡᠭ ᠲᠡᠯᠭᠡᠷᠡᠨ᠎ᠡ
ᠨᠡᠶᠢᠲᠡᠯᠡᠭᠰᠡᠨ ᠴᠠᠭ᠄
2023/8/18
   ᠵᠠᠯᠠᠭᠤᠴᠤᠳ ᠪᠠᠭᠠᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠶᠢᠨ ᠲᠥᠯᠥᠭᠡ᠂ ︽ᠤᠯᠠᠮᠵᠢᠯᠠᠯᠲᠤ ᠰᠣᠶᠣᠯ︾ ᠰᠤᠳᠤᠯᠤᠨ ᠰᠤᠷᠤᠯᠴᠠᠬᠤ ᠠᠵᠢᠯᠯᠠᠭ᠎ᠠ ᠰᠢᠤᠸᠠᠢ ᠲᠢᠶᠠᠨ ᠰᠢᠶᠠᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠤᠨ ᠰᠠᠭᠤᠷᠢᠨ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠤᠯᠠᠭᠠᠨᠬᠤᠲᠠ ᠠᠴᠠ ᠢᠷᠡᠭᠰᠡᠨ 30 ᠰᠤᠷᠤᠭᠴᠢ᠂ ᠭᠡᠷ ᠤᠨ ᠠᠬᠠᠮᠠᠳ ᠪᠣᠯᠤᠨ ᠰᠢᠤᠸᠠᠢ ᠲᠢᠶᠠᠨ ᠰᠢᠶᠠᠩ ᠤᠨ 20 ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠡᠶᠡᠴᠢᠯᠡᠨ ᠣᠶᠢᠯᠠᠭᠠᠵᠤ᠂ ᠥᠪᠡᠷᠮᠢᠴᠡ ᠣᠨᠴᠠᠯᠢᠭ ᠲᠠᠢ ᠤᠯᠤᠰ ᠤᠨ ᠰᠤᠳᠤᠯᠤᠯ ᠤᠨ ᠦᠪᠡᠳᠡᠭᠰᠢ ᠨᠠᠶᠢᠷ ᠢ ᠡᠬᠢᠯᠡᠭᠦᠯᠪᠡ᠃    ᠰᠢᠯᠢᠳᠡᠭ ᠤᠯᠠᠮᠵᠢᠯᠠᠯᠲᠤ ᠰᠣᠶᠣᠯ ᠢ ᠰᠤᠷᠤᠯᠴᠠᠵᠤ ᠳᠤᠮᠳᠠᠳᠤ ᠶᠢᠨ ᠰᠣᠶᠣᠯ ᠤᠨ ᠢᠲᠡᠭᠡᠯ ᠢ ᠴᠢᠩᠭᠠᠳᠬᠠᠨ᠎ᠠ    ᠰᠤᠷᠭᠠᠨ ᠬᠥᠮᠦᠵᠢᠯ ᠤᠨ ᠰᠠᠭᠤᠷᠢᠨ ᠭᠠᠵᠠᠷ ᠲᠤ ᠢᠷᠡᠭᠡᠳ᠂ ᠰᠤᠷᠤᠭᠴᠢᠳ ᠤᠯᠠᠮᠵᠢᠯᠠᠯᠲᠤ ᠰᠣᠶᠣᠯ ᠤᠨ ᠣᠨᠴᠠᠯᠢᠭᠲᠤ ᠦᠵᠡᠭᠦᠯᠦᠯᠭᠡ ᠶᠢᠨ ᠲᠣᠭᠤᠷᠢᠭ ᠲᠤ ᠲᠠᠲᠠᠭᠳᠠᠪᠠ᠃ ᠰᠤᠳᠤᠯᠤᠨ ᠰᠤᠷᠤᠯᠴᠠᠬᠤ ᠵᠢᠯᠣᠭᠤᠳᠣᠭᠴᠢ ᠪᠠᠭᠰᠢ ᠣᠯᠠᠨ ᠢ ᠳᠠᠭᠠᠭᠤᠯᠤᠨ ᠲᠠᠰ ᠳᠠᠷᠠᠭᠠᠯᠠᠨ ᠰᠣᠶᠣᠯ ᠤᠨ ᠬᠤᠩᠭᠢᠯ᠂ ᠡᠷᠲᠡᠨ ᠤ ᠬᠢ ᠶᠢ ᠳᠠᠭᠤᠷᠢᠶᠠᠬᠤ ᠰᠤᠷᠭᠠᠭᠤᠯᠢ᠂ ᠤᠷᠠᠨ ᠪᠢᠴᠢᠯᠭᠡ ᠬᠡᠷᠡᠯ ᠵᠢᠷᠤᠭ ᠤᠨ ᠦᠵᠡᠭᠦᠯᠭᠡ ᠶᠢᠨ ᠲᠠᠰᠤᠭ᠂ ᠡᠪᠡᠰᠦᠨ ᠭᠦᠷᠦᠮᠡᠯ ᠴᠠᠭᠠᠰᠤᠨ ᠬᠠᠶᠢᠴᠢᠯᠠᠮᠠᠯ ᠤᠨ ᠦᠵᠡᠭᠦᠯᠭᠡ ᠶᠢᠨ ᠲᠠᠰᠤᠭ᠂ ᠵᠤᠸᠠᠩ ᠶᠤᠸᠠᠨ ᠴᠢᠶᠣᠤ ᠬᠥᠭᠦᠷᠭᠡ᠂ ᠺᠦᠩ ᠴᠢᠶᠣᠤ ᠬᠥᠭᠦᠷᠭᠡ ᠵᠡᠷᠭᠡ ᠶᠢ ᠲᠣᠭᠤᠷᠢᠨ ᠦᠵᠡᠪᠡ᠃ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠡᠷᠲᠡᠨ ᠤ ᠬᠢ ᠶᠢ ᠳᠠᠭᠤᠷᠢᠶᠠᠬᠤ ᠰᠤᠷᠭᠠᠭᠤᠯᠢ ᠳᠤ᠂ ᠰᠤᠷᠤᠭᠴᠢᠳ ᠪᠠᠭ᠎ᠠ ᠠᠩᠭᠢ ᠶᠢᠨ ᠳᠠᠷᠤᠭ᠎ᠠ ᠶᠢᠨ ᠳᠠᠭᠠᠭᠤᠯᠭ᠎ᠠ ᠳᠣᠤᠷ᠎ᠠ ᠵᠡᠷᠭᠡ  ᠪᠠᠷ ᠬᠤᠯᠤᠰᠤᠨ ᠪᠢᠴᠢᠭ ᠤᠩᠰᠢᠪᠠ᠃ ᠢᠷᠠᠭᠤ ᠰᠠᠶᠢᠬᠠᠨ ᠨᠣᠮ ᠤᠩᠰᠢᠬᠤ ᠲᠠᠭᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠲᠤ ᠠᠯᠭᠤᠷᠬᠠᠨ ᠢᠶᠠᠷ ᠲᠠᠷᠬᠠᠪᠠ᠃ ᠤᠷᠠᠨ ᠪᠢᠴᠢᠯᠭᠡ ᠭᠡᠷᠡᠯ ᠵᠢᠷᠤᠭ ᠤᠨ ᠦᠵᠡᠭᠦᠯᠭᠡ ᠶᠢᠨ ᠲᠠᠰᠤᠭ ᠲᠤ᠂ ᠰᠤᠷᠤᠭᠴᠢᠳ ᠤᠷᠠᠨ ᠪᠢᠴᠢᠯᠭᠡ ᠶᠢᠨ ᠪᠦᠲᠦᠭᠡᠯ ᠢ ᠰᠣᠨᠢᠷᠬᠠᠵᠤ᠂ ᠲᠡᠭᠦᠮᠡᠯ ᠦᠰᠦᠭ ᠤᠨ ᠬᠡᠪᠯᠡᠯ  ᠤᠨ ᠦᠢᠯᠡᠳᠬᠦ ᠶᠠᠪᠤᠴᠠ ᠶᠢ ᠪᠡᠶᠡᠴᠢᠯᠡᠨ ᠣᠶᠢᠯᠠᠭᠠᠵᠤ᠂ ᠲᠡᠭᠦᠮᠡᠯ ᠦᠰᠦᠭ ᠤᠨ ᠬᠡᠪᠯᠡᠯ ᠤᠨ ᠤᠭ ᠶᠣᠰᠣ ᠵᠢᠴᠢ ᠬᠡᠷᠬᠢᠨ ᠲᠡᠭᠦᠮᠡᠯ ᠦᠰᠦᠭ ᠤᠨ ᠬᠡᠪᠯᠡᠯ ᠤᠨ ᠬᠡᠪ ᠢ ᠳᠥᠭᠦᠮᠬᠡᠨ ᠦᠢᠯᠡᠳᠬᠦ ᠶᠢ ᠣᠶᠢᠯᠠᠭᠠᠪᠠ᠃ ᠰᠤᠷᠤᠭᠴᠢᠳ ᠤᠨ ᠳᠤᠮᠳᠠᠳᠤ ᠶᠢᠨ ᠤᠯᠠᠮᠵᠢᠯᠠᠯᠲᠤ ᠰᠣᠶᠣᠯ ᠢ ᠳᠣᠲᠣᠨᠣᠴᠢᠯᠠᠬᠤ ᠪᠠ ᠮᠡᠳᠡᠷᠡᠬᠦ ᠰᠡᠳᠬᠢᠯᠭᠡ ᠶᠢ ᠬᠥᠮᠦᠵᠢᠭᠦᠯᠵᠦ᠂ ᠰᠣᠶᠣᠯ ᠤᠨ ᠢᠲᠡᠭᠡᠯ ᠢ ᠨᠡᠮᠡᠭᠳᠡᠭᠦᠯᠪᠡ᠃   ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠰᠣᠨᠣᠰᠴᠤ ᠤᠯᠤᠰ ᠢᠶᠠᠨ ᠬᠠᠶᠢᠷᠠᠯᠠᠬᠤ ᠰᠡᠳᠬᠢᠯᠭᠡ ᠪᠡᠨ‌ᠨᠡᠮᠡᠭᠳᠡᠭᠦᠯᠦᠨ᠎ᠡ    ᠬᠤᠪᠢᠰᠬᠠᠯ ᠤᠨ ᠰᠣᠶᠣᠯ ᠤᠨ ᠦᠯᠢᠭᠡᠷ ᠢ ᠰᠣᠨᠣᠰᠬᠤ ᠪᠠᠷ ᠳᠠᠮᠵᠢᠨ᠂ ᠰᠤᠷᠤᠭᠴᠢᠳ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠡᠷᠡᠯᠬᠡᠭ ᠪᠠᠭᠠᠲᠤᠷᠯᠢᠭ᠂ ᠤᠯᠤᠰ ᠢᠶᠠᠨ ᠬᠠᠶᠢᠷᠠᠯᠠᠬᠤ ᠨᠠᠮ ᠢᠶᠠᠨ ᠬᠠᠶᠢᠷᠠᠯᠠᠬᠤ ᠵᠣᠷᠢᠭ ᠰᠠᠨᠠᠭ᠎ᠠ ᠶᠢ ᠣᠶᠢᠯᠠᠭᠠᠪᠠ᠃ ᠪᠡᠭᠡᠵᠢᠩ ᠤᠨ ᠰᠡᠬᠡᠭᠡᠲᠡᠨ ᠵᠠᠯᠠᠭᠤᠴᠤᠳ ᠤᠨ ᠰᠡᠳᠬᠢᠯ ᠤᠨ ᠬᠤᠯᠪᠣᠭ᠎ᠠ ᠪᠣᠯᠬᠤ ᠰᠢᠤᠸᠠᠢ ᠲᠢᠶᠠᠨ ᠤ ᠦᠨᠳᠦᠰᠦᠲᠡᠨ ᠤ ᠪᠦᠯᠬᠦᠮᠳᠡᠯ ᠤᠨ ᠰᠠᠶᠢᠬᠠᠨ ᠵᠣᠭᠤᠭ ᠨᠢ ᠰᠤᠷᠤᠭᠴᠢᠳ ᠲᠤ ᠡᠯ᠎ᠡ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠴᠢᠬᠤᠯᠠ ᠴᠢᠨᠠᠷ ᠢ ᠠᠩᠬ᠎ᠠ ᠠᠯᠬᠤᠮ ᠲᠠᠨᠢᠭᠤᠯᠪᠠ᠃ ᠰᠢᠤᠸᠠᠢ ᠲᠢᠶᠠᠨ ᠰᠢᠶᠠᠩ ᠤᠨ ᠲᠠᠷᠢᠶᠠᠯᠠᠬᠤ ᠰᠣᠶᠣᠯ᠂ ᠬᠤᠪᠢᠰᠬᠠᠯ ᠤᠨ ᠰᠣᠶᠣᠯ ᠨᠢ ᠭᠡᠷ ᠤᠨ ᠠᠬᠠᠮᠠᠳ ᠰᠤᠷᠤᠭᠴᠢᠳ ᠲᠤ ᠭᠦᠨ ᠰᠠᠭᠤᠭᠳᠠᠯ ᠦᠯᠡᠳᠡᠭᠡᠵᠡᠶ᠃ ᠪᠦᠬᠦᠶᠢᠯᠡ ᠰᠤᠳᠤᠯᠤᠨ ᠰᠤᠷᠤᠯᠴᠠᠬᠤ ᠶᠠᠪᠤᠴᠠ ᠳᠤ᠂ ᠦᠨᠳᠦᠰᠦᠲᠡᠨ ᠨᠦᠭᠦᠳ ᠤᠨ ᠰᠤᠷᠤᠭᠴᠢᠳ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠬᠦᠨᠳᠦᠳᠬᠡᠵᠦ᠂ ᠬᠠᠷᠢᠯᠴᠠᠨ ᠪᠠᠭᠲᠠᠭᠠᠵᠤ᠂ ᠬᠠᠷᠢᠯᠴᠠᠨ ᠪᠠᠭ᠋ᠠᠷᠬᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠬᠠᠪᠰᠤᠷᠤᠯᠴᠠᠪᠠ᠃ ᠤᠯᠠᠮᠵᠢᠯᠠᠯᠲᠤ ᠰᠣᠶᠣᠯ ᠢ ᠰᠤᠷᠤᠯᠴᠠᠨ᠂ ᠲᠠᠷᠢᠶᠠᠯᠠᠬᠤ ᠬᠠᠪᠤ ᠴᠡᠩᠭᠡᠯ ᠢ ᠣᠶᠢᠯᠠᠭᠠᠵᠤ᠂ ᠦᠨᠳᠦᠰᠦᠲᠡᠨ ᠤ ᠪᠦᠯᠬᠦᠮᠳᠡᠯ ᠤᠨ ᠦᠯᠢᠭᠡᠷ  ᠢ ᠣᠶᠢᠯᠠᠭᠠᠬᠤ ᠶᠢᠨ ᠬᠠᠮᠲᠤ ︽ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠯ ᠲᠠᠢ︾ ᠦᠨᠳᠦᠰᠦᠲᠡᠨ ᠤ ᠬᠠᠷᠢᠴᠠᠭ᠎ᠠ ᠶᠢ ᠪᠠᠶᠢᠭᠤᠯᠪᠠ᠃    ᠲᠣᠰ ᠤᠳᠠᠭᠠᠨ ᠤ ᠰᠤᠳᠤᠯᠤᠨ ᠰᠤᠷᠤᠯᠴᠠᠬᠤ ᠠᠵᠢᠯᠯᠠᠭ᠎ᠠ ᠨᠢ ᠤᠯᠠᠮᠵᠢᠯᠠᠯᠲᠤ ᠰᠣᠶᠣᠯ ᠢ ᠰᠤᠷᠤᠯᠴᠠᠬᠤ ᠪᠠᠷ ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠦᠷ᠎ᠡ ᠶᠢ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠡᠳᠬᠢᠯ ᠳᠤ ᠭᠦᠨ ᠦᠨᠳᠦᠰᠦᠯᠡᠭᠦᠯᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠲᠤ ᠳᠤᠮᠳᠠᠳᠤ ᠶᠢᠨ ᠰᠣᠶᠣᠯ ᠶᠠᠪᠤᠬᠤ ᠲᠤᠲᠤᠮ ᠰᠢᠨᠡᠳᠴᠦ ᠪᠠᠶᠢᠭ᠎ᠠ ᠪᠣᠯ ᠮᠠᠨ ᠤ ᠬᠦᠴᠦᠷᠬᠡᠭ ᠶᠡᠭᠡ ᠰᠣᠶᠣᠯ ᠤᠨ ᠢᠲᠡᠭᠡᠯ ᠤᠨ ᠦᠨᠳᠦᠰᠦ ᠰᠤᠷᠪᠤᠯᠵᠢ ᠮᠥᠨ ᠭᠡᠳᠡᠭ ᠢ ᠭᠦᠨᠵᠡᠭᠡᠶ ᠲᠠᠨᠢᠭᠤᠯᠵᠤ᠂ ᠰᠤᠷᠤᠭᠴᠢᠳ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠬᠥᠭᠵᠢᠭᠡᠪᠡ᠃ ᠦᠨᠳᠦᠰᠦᠲᠡᠨ  ᠨᠦᠭᠦᠳ ᠤᠨ ᠵᠠᠯᠠᠭᠤᠴᠤᠳ ᠪᠠᠭᠠᠴᠤᠳ ᠢ ᠰᠡᠳᠬᠢᠯ ᠵᠢᠷᠦᠬᠡ ᠪᠠᠨ ᠬᠤᠯᠪᠣᠵᠤ᠂ ᠨᠢᠭᠡ ᠭᠡᠷ ᠤᠨ ᠬᠥᠮᠦᠨ ᠰᠢᠭ ᠳᠣᠲᠣᠨᠣ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠬᠠᠮᠤᠭ ᠤᠨ ᠭᠤᠶᠤ ᠨᠥᠬᠦᠷᠯᠡᠯ ᠤᠨ ᠴᠡᠴᠡᠭ ᠢ  ᠲᠡᠯᠭᠡᠷᠡᠭᠦᠯᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号