ᠪᠠᠶᠠᠨᠨᠠᠭᠤᠷ ᠬᠤᠲᠠ ᠲᠦᠴᠢᠦᠸᠠᠨ ᠰᠢᠶᠠᠨ ᠳᠤ ᠬᠦᠷᠴᠦ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ᠰᠣᠯᠪᠢᠴᠠᠨ ᠬᠠᠷᠢᠯᠴᠠᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/8/18
   2023 ᠣᠨ ᠤ 8 ᠰᠠᠷ᠎ᠠ ᠶᠢᠨ 16 ᠤ ᠡᠳᠦᠷ  ︽ᠬᠤᠶᠠᠷ ᠢ ᠬᠦᠩᠬᠡᠷᠡᠭᠦᠯᠬᠦ︾ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠵᠠᠰᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠂ ᠰᠤᠷᠭᠠᠭᠤᠯᠢ  ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ᠰᠤᠷᠭᠠᠭᠤᠯᠢ ᠡᠷᠭᠢᠯᠡᠬᠦ ᠦᠶᠯᠡ ᠠᠵᠢᠯᠯᠠᠭ᠎ᠠ ᠶᠢ ᠵᠢᠷᠤᠮᠵᠢᠭᠤᠯᠵᠤ᠂ ᠵᠣᠨ ᠤ ᠠᠮᠠᠷᠠᠯᠲᠠ ᠶᠢᠨ ᠬᠤᠭᠤᠴᠠᠭᠠᠨ ᠳᠠᠬᠢ ᠵᠠᠩᠭᠢᠯᠠᠭ᠎ᠠ ᠶᠢᠨ ᠦᠶ᠎ᠡ ᠶᠢᠨ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢ ᠵᠠᠰᠠᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠪᠠᠶᠠᠨᠨᠠᠭᠤᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠰᠢᠶᠠᠨ ᠳᠤ ᠬᠦᠷᠴᠦ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ  ᠶᠢᠨ ᠰᠣᠯᠪᠢᠴᠠᠨ ᠬᠠᠷᠢᠯᠴᠠᠨ ᠪᠠᠶᠢᠴᠠᠭᠠᠬᠤ ᠠᠵᠢᠯ ᠢ ᠥᠷᠨᠢᠭᠦᠯᠵᠦ᠂ ᠠᠶᠢᠮᠠᠭ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
   ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠭᠠᠷᠮᠠᠭᠠᠶ ᠡᠭᠦᠳᠦᠭᠴᠢ ᠴᠣᠭᠴᠠᠯᠠᠭᠴᠢ ᠶᠢᠨ ᠪᠣᠯᠪᠠᠰᠤᠷᠠᠯ ᠤᠨ ᠰᠤᠷᠭᠠᠭᠤᠯᠢ᠂ ᠡᠷᠢᠶᠡᠨ ᠲᠠᠬᠢ ᠵᠢᠷᠤᠭ ᠤᠨ ᠥᠷᠥᠭᠡ ᠶᠢᠨ ᠤᠷᠠᠯᠢᠭ ᠤᠨ ᠪᠣᠯᠪᠠᠰᠤᠷᠠᠯ ᠤᠨ ᠰᠤᠷᠭᠠᠭᠤᠯᠢ᠂ ᠢ ᠼᠠᠢ ᠬᠡᠦᠬᠡᠳ ᠤᠨ ᠥᠯᠢᠭᠡᠷ ᠤᠨ ᠰᠤᠷᠭᠠᠨ ᠬᠥᠮᠦᠵᠢᠯ ᠤᠨ ᠲᠥᠪ ᠳᠤ ᠭᠦᠨᠵᠡᠭᠡᠶᠢᠷᠡᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠵᠢᠷᠤᠮᠵᠢᠯ ᠲᠠᠢ ᠰᠤᠷᠭᠠᠭᠤᠯᠢ ᠡᠷᠭᠢᠯᠡᠬᠦ ᠶᠢ ᠲᠤᠬᠠᠶ ᠶᠢᠨ ᠭᠠᠵᠠᠷ ᠲᠤᠨᠢ ᠰᠤᠷᠪᠤᠯᠵᠢᠯᠠᠪᠠ᠂ ︽ᠬᠤᠶᠠᠷ ᠢ ᠬᠦᠩᠬᠡᠷᠡᠭᠦᠯᠬᠦ︾ ᠠᠵᠢᠯ ᠢ ᠨᠠᠶᠢᠳᠠᠪᠤᠷᠢᠵᠢᠭᠤᠯᠤᠭᠰᠠᠨ ᠪᠠ ᠳᠠᠯᠳᠠ ᠪᠠᠷ ᠣᠨᠳᠣᠤᠰᠢᠭᠰᠠᠨ ᠰᠢᠨᠵᠢᠯᠡᠭᠡᠨ ᠤ ᠰᠠᠯᠠᠭ᠎ᠠ ᠶᠢᠨ ᠲᠥᠷᠥᠯ ᠤᠨ ᠲᠣᠭᠲᠠᠭᠠᠯ ᠠᠴᠠ ᠵᠥᠷᠢᠴᠡᠭᠰᠡᠨ ᠪᠤᠯᠪᠠᠰᠤᠷᠠᠯ ᠵᠠᠰᠠᠯᠲᠠ ᠵᠡᠷᠭᠡ ᠲᠠᠯ᠎ᠠ ᠶᠢᠨ ᠠᠵᠢᠯ ᠤᠨ ᠪᠠᠶᠢᠳᠠᠯ᠂ ᠪᠠᠰᠠ ᠲᠤᠬᠠᠢ ᠶᠢᠨ ᠭᠠᠵᠠᠷ ᠲᠤ ᠪᠠᠶᠢᠴᠠᠭᠠᠬᠤ ᠪᠠᠷ ᠳᠠᠮᠵᠢᠨ᠂ ᠮᠠᠲ᠋ᠧᠷᠢᠶᠠᠯ ᠪᠠᠶᠢᠴᠠᠭᠠᠨ ᠦᠵᠡᠬᠦ᠂ ᠲᠠᠰᠢᠷᠠᠮ ᠤᠨ ᠰᠤᠷᠪᠤᠯᠵᠢᠯᠠᠭ᠎ᠠ ᠵᠡᠷᠭᠡ ᠠᠷᠭ᠎ᠠ ᠮᠠᠶ᠋ᠢᠭ᠂ ᠰᠤᠷᠭᠠᠭᠤᠯᠢ  ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠮᠡᠳᠡᠭᠡ ᠵᠠᠩᠭᠢ ᠶᠢᠨ ᠵᠠᠷᠯᠠᠯ᠂   ᠳᠣᠲᠣᠭᠠᠳᠤ ᠬᠠᠮᠢᠶᠠᠷᠤᠯᠲᠠ ᠂ ᠭᠠᠯ ᠰᠡᠷᠭᠡᠶᠢᠯᠡᠬᠦ ᠠᠶᠤᠯᠭᠦᠶ ᠶᠢᠨ ᠬᠠᠮᠢᠶᠠᠷᠤᠯᠲᠠ᠂ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢᠨ ᠬᠠᠮᠢᠶᠠᠷᠤᠯᠲᠠ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠭᠡᠷ ᠤᠨ ᠠᠬᠠᠮᠠᠳ ᠤᠨ APP ᠶᠢᠨ ᠬᠡᠷᠡᠭᠯᠡᠯᠲᠡ᠂ ᠰᠤᠷᠭᠠᠭᠤᠯᠢ  ᠶᠢᠨ ᠭᠠᠳᠠᠨᠠᠬᠢ ᠪᠣᠯᠪᠠᠰᠤᠷᠠᠯ ᠤᠨ ᠵᠢᠷᠤᠮᠵᠢᠯ ᠭᠡᠷ᠎ᠡ ᠶᠢ ᠲᠣᠭᠲᠠᠭᠠᠭᠰᠠᠨ ᠵᠢᠴᠢ ᠰᠦᠶᠳᠬᠡᠯ ᠬᠤᠷᠢᠶᠠᠵᠤ ᠪᠤᠴᠠᠭᠠᠬᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃
   ᠪᠠᠶᠢᠴᠠᠭᠠᠬᠤ ᠳᠤᠭᠤᠶᠢᠯᠠᠩ ᠤᠨ ᠬᠢᠨ ᠲᠦᠴᠢᠦᠸᠠᠨ ᠰᠢᠶᠠᠨ ᠤ ︽ᠬᠤᠶᠠᠷ ᠢ ᠬᠦᠩᠬᠡᠷᠡᠭᠦᠯᠬᠦ︾ ᠠᠵᠢᠯ ᠢ ᠨᠠᠶᠢᠳᠠᠪᠤᠷᠢᠵᠢᠭᠤᠯᠤᠭᠠᠳ ᠣᠯᠤᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠭᠰᠠᠨ ᠪᠥᠭᠡᠳ ᠬᠤᠯᠪᠣᠭᠳᠠᠯ ᠪᠦᠬᠦᠢ ᠠᠵᠢᠯ ᠤᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠡᠷᠬᠢᠮ ᠨᠠᠨᠳᠢᠨ ᠰᠠᠨᠠᠭᠤᠯᠭ᠎ᠠ ᠳᠤᠷᠠᠳᠴᠠᠢ᠃
   ᠲᠠᠷᠠᠭᠠᠴᠢ ᠶᠢᠨ ᠠᠯᠬᠤᠮ ᠳᠤ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ︽ᠬᠤᠶᠠᠷ ᠢ ᠬᠦᠩᠬᠡᠷᠡᠭᠦᠯᠬᠦ︾ ᠠᠵᠢᠯ ᠤᠨ ᠱᠠᠭᠠᠷᠳᠠᠯᠭ᠎ᠠ ᠶᠢ ᠦᠷᠭᠦᠯᠵᠢᠯᠡᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠲᠤᠰᠬᠠᠶ ᠵᠠᠰᠠᠬᠤ ᠠᠵᠢᠯ ᠢ ᠯᠠᠪᠳᠠᠭᠤᠨ ᠪᠠᠲᠤᠲᠠᠶ ᠨᠠᠷᠢᠯᠢᠭ ᠰᠠᠶᠢᠲᠤᠷ ᠬᠢᠬᠦ ᠶᠢᠨ ᠬᠠᠮᠲᠤ᠂ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠴᠠᠭ ᠢ ᠬᠤᠶᠢᠰᠢᠯᠠᠭᠤᠯᠬᠤ ᠦᠶᠯᠡᠴᠢᠯᠡᠭᠡ ᠶᠢ ᠪᠥᠬᠦ ᠬᠦᠴᠦᠨ ᠢᠶᠠᠷ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠮᠠᠨ ᠤ ᠰᠢᠶᠠᠨ ᠤ ︽ᠬᠤᠶᠠᠷ ᠢ ᠬᠦᠩᠬᠡᠷᠡᠭᠦᠯᠬᠦ︾ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠲᠦᠴᠢᠤᠸᠠ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号