ᠲᠦᠴᠢᠦᠸᠠᠨ ᠰᠢᠶᠠᠨ ︽ᠳᠣᠯᠣᠭᠠᠨ ᠥᠩᠭᠡᠲᠦ ᠠᠮᠠᠷᠠᠯᠲᠠ ᠶᠢᠨ ᠬᠤᠭᠤᠴᠠᠭᠠᠨ ᠳᠤ ᠴᠢᠩ ᠰᠡᠳᠬᠢᠯ ᠢᠶᠠᠷ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠵᠤᠰᠠᠯᠠᠩ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/19
   ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠤᠬᠠᠮᠰᠠᠷ ᠢ ᠬᠥᠲᠥᠯᠥᠨ ᠳᠠᠭᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠵᠤᠨ ᠤ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ᠪᠠᠶᠠᠯᠢᠭᠵᠢᠭᠤᠯᠤᠨ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠬᠦᠴᠦᠨ ᠨᠡᠮᠡᠷᠢᠯᠡᠬᠦ  ᠶᠢᠨ ᠲᠥᠯᠥᠭᠡ᠂ 8 ᠰᠠᠷ᠎ᠠ ᠶᠢᠨ 14 ᠤ ᠡᠳᠦᠷ ᠠᠴᠠ 17 ᠤ ᠡᠳᠦᠷ ᠪᠣᠯᠲᠠᠯ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠦᠴᠢᠦᠸᠠᠨ ᠰᠢᠶᠠᠨ ᠤ ᠬᠤᠷᠢᠶ᠎ᠠ ᠲᠦᠴᠢᠦᠸᠠᠨ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠶᠡᠭᠡ ᠠᠩᠭᠢ ᠵᠡᠷᠭᠡ ᠣᠯᠠᠨ ᠨᠢᠭᠡᠴᠡ ᠲᠠᠢ ᠬᠠᠮᠲᠤᠷᠠᠨ 《 ᠳᠣᠯᠣᠭᠠᠨ ᠥᠩᠭᠡᠲᠦ ᠠᠮᠠᠷᠠᠯᠲᠠ ᠶᠢᠨ ᠬᠤᠭᠤᠴᠠᠭᠠᠨ ᠳᠤ ᠴᠢᠩ ᠰᠡᠳᠬᠢᠯ ᠢᠶᠠᠷ ᠬᠦᠰᠡᠯ ᠵᠡᠭᠦᠳᠦ ᠪᠠᠨ ᠲᠡᠷᠭᠡᠯᠰᠢᠭᠦᠯᠬᠦ 》 ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠵᠤᠰᠠᠯᠠᠩ ᠤᠨ ᠠᠵᠢᠯᠯᠠᠭ᠎ᠠ ᠥᠷᠨᠢᠭᠦᠯᠵᠦ᠂ 40 ᠭᠠᠷᠤᠶ ᠪᠠᠭᠠᠴᠤᠳ ᠬᠡᠦᠬᠡᠳ ᠤᠷᠤᠯᠴᠠᠪᠠ᠃    ᠡᠪ ᠬᠠᠮᠲᠤ ᠵᠠᠯᠠᠭᠤᠴᠤᠳ ᠤᠨ ᠡᠪᠯᠡᠯ ᠤᠨ ᠲᠦᠴᠢᠦᠸᠠᠨ ᠰᠢᠶᠠᠨ ᠤ ᠬᠤᠷᠢᠶ᠎ᠠ ᠰᠤᠷᠤᠭᠴᠢᠳ ᠤᠨ ᠳᠤᠷ᠎ᠠ ᠪᠠᠬ᠎ᠠ ᠶᠢ ᠦᠨᠳᠦᠰᠦᠯᠡᠨ ᠡᠯ᠎ᠡ ᠵᠦᠢᠯ ᠤᠨ ᠳᠤᠷ᠎ᠠ ᠰᠣᠨᠢᠷᠬᠠᠯ ᠤᠨ ᠬᠢᠴᠢᠶᠡᠯ ᠪᠠ ᠮᠥᠰᠥ ᠬᠠᠭᠠᠯᠬᠤ ᠲᠣᠭᠯᠠᠭᠠᠮ ᠢ ᠨᠠᠷᠢᠨ ᠨᠢᠮᠪᠠᠢ ᠪᠡᠯᠡᠳᠬᠡᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠠᠮᠤᠷ ᠲᠦᠪᠰᠢᠨ᠂ ᠤᠩᠰᠢᠯᠭ᠎ᠠ᠂ ᠡᠬᠡ ᠣᠷᠣᠨᠴᠢ ᠦᠵᠡᠯ ᠤᠨ ᠬᠥᠮᠦᠵᠢᠯ ᠵᠡᠷᠭᠡ ᠠᠷᠪᠠ ᠭᠠᠷᠤᠢ ᠵᠦᠢᠯ ᠤᠨ ᠳᠤᠷ᠎ᠠ ᠰᠣᠨᠢᠷᠬᠠᠯ ᠤᠨ ᠬᠢᠴᠢᠶᠡᠯ ᠢ ᠨᠡᠭᠡᠭᠡᠵᠦ᠂ ᠵᠠᠯᠠᠭᠤᠴᠤᠳ ᠪᠠᠭᠠᠴᠤᠳ ᠤᠨ ᠰᠤᠷᠤᠯᠴᠠᠬᠤ ᠳᠤᠷ᠎ᠠ ᠰᠣᠨᠢᠷᠬᠠᠯ ᠢ ᠭᠦᠢᠴᠡᠳ ᠬᠥᠭᠵᠢᠭᠡᠨ᠂ ᠡᠬᠡ ᠣᠷᠣᠨᠴᠢ ᠦᠵᠡᠯ  ᠤᠨ ᠰᠡᠳᠬᠢᠯᠭᠡ ᠶᠢ ᠵᠤᠵᠠᠭᠠᠳᠬᠠᠵᠤ᠂ ᠮᠡᠳᠡᠯᠭᠡ ᠡᠵᠡᠮᠰᠢᠬᠦ᠂ ᠪᠠᠶᠠᠷ ᠪᠠᠶᠠᠰᠤᠯ ᠲᠠᠢ ᠪᠣᠯᠬᠤ᠂ ᠨᠠᠶᠢᠵᠠ ᠨᠥᠬᠦᠳ ᠲᠠᠢ ᠲᠠᠨᠢᠯᠴᠠᠬᠤ ᠶᠢᠨ ᠬᠠᠮᠲᠤ ᠢᠯᠡᠷᠡᠭᠦᠯᠬᠦ ᠳᠡᠭᠡᠨ ᠴᠢᠳᠠᠮᠠᠭᠠᠢ᠂ ᠰᠡᠳᠬᠢᠬᠦ ᠳᠡᠭᠡᠨ ᠴᠢᠳᠠᠮᠠᠭᠠᠢ ᠪᠠᠶᠢᠬᠤ ᠰᠠᠶᠢᠨ ᠳᠠᠳᠬᠠᠯ  ᠢ ᠪᠤᠢ ᠪᠣᠯᠭᠠᠵᠤ᠂ ᠪᠦᠲᠦᠭᠡᠯᠴᠢ ᠴᠢᠳᠠᠪᠤᠷᠢ ᠪᠠ ᠰᠢᠨ᠎ᠡ ᠶᠢ ᠡᠭᠦᠳᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠪᠠ᠃    ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠤ ᠠᠵᠢᠯᠯᠠᠭᠠᠨ ᠤ ᠠᠬᠤᠶ ᠲᠠᠯᠠᠪᠠᠶ ᠳᠤ ᠬᠦᠷᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤ ᠳᠠᠭᠠᠭᠤᠯᠭ᠎ᠠ ᠳᠣᠤᠷ᠎ᠠ᠂ ᠰᠤᠷᠤᠭᠴᠢᠳ ︽ᠷᠢᠳᠢ ᠰᠢᠳᠢᠲᠦ ᠬᠡᠷᠡᠯ ᠰᠡᠭᠦᠳᠡᠷ᠂ ᠰᠢᠨᠵᠢᠯᠡᠬᠦ ᠤᠬᠠᠭᠠᠨ ᠤ ᠨᠢᠭᠤᠴᠠ ᠶᠢ ᠬᠠᠶᠢᠬᠤ᠂ ᠰᠣᠨᠢᠷᠬᠠᠯᠲᠤ ᠥᠷᠢᠰᠥᠯᠳᠦᠭᠡᠨ᠂ ᠲᠤᠰᠬᠠᠯᠲᠠ ᠵᠢᠷᠤᠭᠯᠠᠯ᠂ ᠨᠠᠷᠠᠲᠤ ᠬᠥᠮᠦᠨ ᠤ ᠲᠠᠩᠬᠢᠮ᠂ ᠣᠷᠴᠢᠯᠠᠩ ᠤᠨ ᠲᠠᠨᠢᠨ ᠮᠡᠳᠡᠬᠦᠶ︾ ᠵᠡᠷᠭᠡ ᠵᠢᠷᠭᠤᠭᠠᠨ ᠦᠵᠡᠭᠦᠯᠦᠯᠭᠡ ᠶᠢᠨ ᠲᠣᠭᠤᠷᠢᠭ ᠢ ᠲᠣᠭᠤᠷᠢᠨ ᠦᠵᠡᠵᠦ᠂ ᠰᠤᠷᠤᠭᠴᠢᠳ ᠤᠨ ᠬᠠᠯᠠᠭᠤᠨ ᠰᠡᠳᠬᠢᠯᠭᠡ ᠣᠷᠭᠢᠯᠣᠨ ᠪᠠᠳᠠᠷᠠᠵᠤ᠂ ᠦᠵᠡᠭᠦᠯᠦᠯᠭᠡ ᠶᠢᠨ ᠵᠦᠶᠯᠡᠰ ᠤᠨ ᠦᠶᠯᠡᠳᠦᠯᠴᠡᠯ ᠳᠤ ᠭᠦᠨ ᠵᠤᠵᠠᠭᠠᠨ ᠳᠤᠷ᠎ᠠ ᠰᠣᠨᠢᠷᠬᠠᠯ ᠲᠠᠢ ᠪᠣᠯᠵᠣ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠢᠭᠤᠴᠠ ᠶᠢ ᠬᠠᠶᠢᠨ ᠰᠦᠪᠡᠭᠴᠢᠯᠡᠬᠦ ᠶᠢᠷᠲᠢᠨᠴᠦ ᠳᠤ ᠰᠣᠭᠲᠣᠭᠤᠷᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠪᠴᠢᠷᠠᠭᠰᠠᠨ ᠪᠠᠶᠠᠷ ᠪᠠᠶᠠᠰᠤᠯ ᠢ ᠭᠦᠨᠵᠡᠭᠡᠶ ᠣᠶᠢᠯᠠᠭᠠᠵᠠᠶ᠃    ︽ᠲᠤᠰ ᠤᠳᠠᠭ᠎ᠠ ᠶᠢᠨ ᠵᠤᠰᠠᠯᠠᠩ ᠤᠨ ᠠᠵᠢᠯᠯᠠᠭ᠎ᠠ ᠳᠤ ᠣᠷᠣᠯᠴᠠᠭᠰᠠᠨ ᠳᠠᠭᠠᠨ ᠲᠤᠶᠢᠯ ᠢᠶᠠᠷ ᠪᠠᠶᠠᠷᠯᠠᠵᠦ ᠳᠣᠭᠳᠣᠯᠤᠭᠤᠯᠤᠭᠰᠠᠨ ᠪᠠᠶᠢᠨ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠦᠴᠢᠦᠸᠠᠨ ᠰᠢᠶᠠᠨ ᠤ ᠬᠤᠷᠢᠶ᠎ᠠ  ᠶᠢᠨ ᠠᠬ᠎ᠠ ᠡᠭᠡᠴᠢ ᠶᠢᠨ ᠲᠠᠭᠠᠭᠤᠯᠭ᠎ᠠ ᠳᠣᠣᠷ᠎ᠠ᠂ ᠪᠢ ᠮᠠᠰᠢ ᠤᠯᠠᠨ ᠮᠡᠳᠡᠯᠭᠡ ᠰᠤᠷᠴᠤ᠂ ᠪᠠᠰᠠ ᠪᠡᠶ᠎ᠡ ᠪᠠᠨ ᠳᠠᠭᠠᠭᠠᠬᠤ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠮᠠᠰᠢ ᠤᠯᠠᠨ ᠰᠣᠨᠢᠷᠬᠠᠯᠲᠠᠢ ᠲᠣᠭᠯᠠᠭᠠᠮ ᠢ ᠪᠡᠶᠡᠴᠢᠯᠡᠨ ᠣᠶᠢᠯᠠᠭᠠᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠷᠢᠳᠢ ᠰᠢᠳᠢ ᠶᠢ ᠮᠡᠳᠡᠭᠰᠡᠨ ᠪᠠᠶᠢᠨ᠎ᠠ᠃ ᠪᠢ ᠯᠠᠪᠲᠠᠶ ᠴᠢᠷᠮᠠᠶᠢᠨ ᠰᠤᠷᠤᠯᠴᠠᠵᠤ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠵᠤ᠂ ᠡᠬᠡ ᠤᠯᠤᠰ᠂ ᠨᠤᠲᠤᠭ ᠤᠰᠤᠨ ᠤ ᠪᠠᠨ ᠲᠥᠯᠥᠭᠡ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ᠃︾ ᠭᠡᠵᠦ ᠵᠤᠰᠠᠯᠠᠩ ᠤᠨ ᠰᠣᠷᠣᠭᠴᠢ ᠲᠠᠩ ᠰᠢᠨ ᠢ ᠬᠡᠯᠡᠪᠡ᠃    ᠲᠦᠴᠢᠦᠸᠠᠨ ᠰᠢᠶᠠᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠶᠡᠭᠡ ᠠᠩᠭᠢ ᠳᠤ ᠣᠷᠣᠬᠤ ᠳᠤ᠂ ᠰᠤᠷᠤᠭᠴᠢᠳ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠩᠭᠢ ᠶᠢᠨ ᠬᠢᠨ ᠤ ᠳᠠᠭᠠᠭᠤᠯᠭ᠎ᠠ ᠳᠣᠤᠷ᠎ᠠ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠢ ᠲᠣᠭᠤᠷᠢᠨ ᠦᠵᠡᠵᠦ ᠰᠤᠷᠤᠯᠴᠠᠵᠤ᠂ ᠡᠯ᠎ᠡ ᠵᠢᠵᠢᠭᠦᠷᠯᠡᠵᠦ ᠪᠠᠶᠢᠭ᠎ᠠ ᠪᠠᠶᠢᠯᠳᠤᠭᠠᠨ ᠤ ᠲᠡᠷᠭᠡ ᠬᠥᠰᠬᠡ ᠵᠢᠴᠢ  ᠲᠡᠷᠭᠡᠨ ᠲᠡᠭᠡᠷᠡᠬᠢ ᠪᠠᠭᠠᠵᠢ ᠬᠡᠷᠡᠭᠰᠡᠯ ᠤᠨ ᠴᠢᠳᠠᠮᠵᠢ᠂ ᠬᠡᠷᠡᠭᠴᠡᠭᠡ ᠵᠢᠴᠢ ᠬᠡᠷᠡᠭᠯᠡᠬᠦ ᠠᠷᠭ᠎ᠠ ᠶᠢ ᠣᠶᠢᠯᠠᠭᠠᠪᠠ᠃ ᠲᠡᠭᠡᠬᠦ ᠮᠥᠷᠲᠡᠭᠡᠨ ᠰᠤᠷᠤᠭᠴᠢᠳ ᠥᠨᠳᠥᠷ ᠲᠠᠪᠴᠠᠩ ᠳᠤ ᠭᠠᠷᠬᠤ ᠭᠠᠯ ᠤᠨᠲᠠᠷᠠᠭᠠᠬᠤ ᠲᠡᠷᠭᠡᠨ ᠳᠤ ᠰᠠᠭᠤᠵᠤ ᠠᠪᠤᠷᠠᠨ ᠲᠤᠰᠠᠯᠠᠬᠤ ᠪᠠᠶᠢᠳᠠᠯ ᠢᠶᠠᠨ ᠦᠵᠡᠭᠦᠯᠵᠦ ᠂ ᠭᠠᠯ ᠤᠨᠲᠠᠷᠠᠭᠠᠭᠴᠢᠳ ᠤᠨ ᠡᠳᠦᠷ ᠲᠤᠲᠤᠮ ᠤᠨ ᠠᠵᠢᠯ ᠤᠨ ᠪᠠᠶᠢᠳᠠᠯ ᠢ ᠪᠡᠶᠡᠴᠢᠯᠡᠨ ᠦᠢᠯᠭᠠᠭᠰᠠᠨ ᠪᠠᠶᠢᠨ᠎ᠠ᠃    ︽ᠠᠩᠬ᠎ᠠ ᠤᠳᠠᠭ᠎ᠠ ᠭᠠᠯ ᠤᠨᠲᠠᠷᠠᠭᠠᠬᠤ ᠠᠩᠬᠢ ᠶᠢ ᠲᠣᠭᠤᠷᠢᠨ ᠦᠵᠡᠵᠦ ᠪᠠᠶᠢᠨ᠎ᠠ᠂ ᠪᠢ ᠭᠠᠯ ᠤᠨᠲᠠᠷᠠᠭᠠᠬᠤ ᠮᠡᠳᠡᠯᠭᠡ ᠶᠢ ᠮᠠᠰᠢ ᠤᠯᠠᠨ ᠣᠯᠵᠤ ᠰᠤᠷᠴᠠᠢ᠂ ᠪᠠᠭ᠎ᠠ ᠭᠠᠯ ᠤᠨᠲᠠᠷᠠᠭᠠᠭᠴᠢ  ᠪᠤᠯᠵᠦ᠂ ᠭᠠᠯ ᠤᠨᠲᠠᠷᠠᠭᠠᠭᠴᠢ ᠠᠪᠠᠭ᠎ᠠ  ᠶᠢᠨ ᠵᠦᠳᠡᠷᠡᠯ ᠪᠣᠯᠤᠨ ᠬᠢᠯᠪᠠᠷ ᠪᠤᠰᠤ ᠶᠢ ᠪᠢ ᠨᠡᠩ ᠢᠯᠡᠭᠦᠦ ᠣᠶᠢᠯᠠᠭᠠᠵᠤ ᠪᠠᠶᠢᠨ᠎ᠠ᠂ ᠮᠢᠨᠦ ᠦᠵᠡᠬᠦ ᠪᠠᠷ ᠡᠨᠡ ᠤᠳᠠᠭ᠎ᠠ ᠶᠢᠨ ᠵᠤᠰᠠᠯᠠᠩ ᠮᠠᠰᠢ ᠤᠳᠬ᠎ᠠ ᠠᠭᠤᠯᠭ᠎ᠠ ᠲᠠᠢ᠃︾ ᠭᠡᠵᠦ ᠵᠤᠰᠠᠯᠠᠩ ᠤᠨ ᠰᠤᠷᠤᠭᠴᠢ ᠯᠢᠦ ᠱᠦᠸᠧ ᠭᠧ ᠬᠡᠯᠡᠪᠡ᠃    ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠬᠠᠮᠲᠤ ᠰᠤᠷᠤᠭᠴᠢᠳ  ᠤᠨ ᠮᠡᠳᠡᠯᠭᠡ ᠶᠢ ᠪᠠᠶᠠᠯᠢᠭᠵᠢᠭᠤᠯᠵᠤ᠂ ᠬᠠᠷᠠᠭ᠎ᠠ ᠶᠢ ᠨᠢ ᠥᠷᠭᠡᠵᠢᠭᠦᠯᠦᠭᠰᠡᠨ ᠪᠥᠭᠡᠳ ᠰᠢᠨᠵᠢᠯᠡᠬᠦ ᠤᠬᠠᠭᠠᠨ ᠢ ᠬᠠᠶᠢᠷᠠᠯᠠᠬᠤ᠂ ᠵᠣᠷᠢᠭᠲᠠᠶ ᠪᠠᠷ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠪᠣᠶ ᠪᠣᠯᠭᠠᠵᠤ᠂ ᠨᠠᠩ ᠴᠤ ᠰᠢᠶᠠᠨ ᠤ ᠬᠡᠪᠴᠢᠶᠡᠨ ᠤ ᠰᠤᠷᠤᠭᠴᠢᠳ ᠲᠤ ᠬᠢᠴᠢᠶᠡᠯ ᠤᠨ ᠭᠠᠳᠠᠨᠠᠬᠢ ᠦᠶᠯᠡᠳᠦᠯᠭᠡ ᠶᠢᠨ ᠠᠵᠢᠯᠯᠠᠭ᠎ᠠ ᠳᠤ ᠣᠷᠣᠯᠴᠠᠬᠤ ᠲᠣᠬᠢᠶᠠᠯ ᠢ ᠬᠠᠩᠭᠠᠭᠰᠠᠨ ᠪᠠᠶᠢᠨ᠎ᠠ᠃    ︽ᠲᠣᠰ ᠤᠳᠠᠭᠠᠨ ᠤ ᠨᠡᠶᠢᠲᠡ ᠶᠢᠨ ᠠᠰᠠᠷᠠᠮᠵᠢ ᠶᠢᠨ ᠵᠤᠰᠠᠯᠠᠩ ᠤᠨ ᠠᠵᠢᠯᠯᠠᠭ᠎ᠠ ᠨᠢ ᠰᠢᠶᠠᠨ ᠤ ᠳᠣᠲᠣᠨ᠎ᠠ ᠭᠠᠳᠠᠨᠠᠬᠢ ᠦᠶᠯᠡᠳᠦᠯᠭᠡ ᠶᠢᠨ ᠬᠥᠮᠦᠵᠢᠯ ᠤᠨ ᠡᠬᠢ ᠪᠠᠶᠠᠯᠢᠭ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠥᠷᠭᠡᠨ ᠣᠯᠠᠨ ᠵᠠᠯᠠᠭᠤᠴᠤᠳ ᠪᠠᠭᠠᠴᠤᠳ ᠢ ᠳᠠᠶᠢᠴᠢᠯᠠᠨ ᠦᠶᠯᠡᠳᠦᠯᠭᠡ ᠶᠢᠨ ᠰᠥᠪᠡᠭᠴᠢᠯᠡᠯᠲᠡ ᠬᠢᠬᠦ ᠪᠠ ᠪᠣᠯᠪᠠᠰᠤᠷᠠᠯ ᠢ ᠥᠷᠭᠡᠳᠬᠡᠬᠦ ᠶᠠᠪᠤᠴᠠ ᠳᠤ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠦᠵᠡᠯ ᠤᠬᠠᠮᠰᠠᠷ ᠢ ᠤᠯᠠᠮ ᠨᠢᠭᠡ ᠠᠯᠬᠤᠮ ᠬᠥᠲᠥᠯᠥᠨ ᠳᠠᠭᠠᠭᠤᠯᠬᠤ ᠶᠢᠨ ᠲᠥᠯᠥᠭᠡ ᠶᠤᠮ᠃ ᠬᠡᠦᠬᠡᠳ ᠤᠨ ᠵᠣᠨ ᠤ ᠠᠮᠠᠷᠠᠯᠲᠠ ᠶᠢᠨ ᠬᠤᠭᠤᠴᠠᠭᠠᠨ  ᠤ ᠠᠮᠢᠳᠤᠷᠠᠯ ᠢ ᠪᠠᠶᠠᠯᠢᠭᠵᠢᠭᠤᠯᠵᠤ᠂ ᠬᠡᠦᠬᠡᠳ ᠤᠳ ᠢ ᠪᠠᠶᠠᠷ ᠬᠥᠷ ᠲᠠᠢ ᠪᠥᠭᠡᠳ ᠤᠳᠬ᠎ᠠ ᠠᠭᠤᠯᠭ᠎ᠠ ᠲᠠᠢ 《 ᠲᠤᠯᠤᠭᠠᠨ ᠥᠩᠭᠡᠲᠦ ᠠᠮᠠᠷᠠᠯᠲᠠ 》 ᠶᠢ ᠥᠩᠭᠡᠷᠡᠭᠦᠯᠪᠡ᠃ ᠲᠠᠷᠠᠭᠠᠴᠢ ᠶᠢᠨ ᠠᠯᠬᠤᠮ ᠳᠤ᠂ ᠪᠢᠳᠡ ᠪᠠᠰᠠ ᠰᠤᠷᠭᠠᠭᠤᠯᠢ ᠶᠢᠨ ᠳᠣᠲᠣᠨ᠎ᠠ ᠭᠠᠳᠠᠨ᠎ᠠ ᠬᠠᠮᠵᠢᠯᠴᠠᠬᠤ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠰᠢᠨ᠎ᠡ ᠪᠠᠶᠢᠳᠠᠯ ᠢ ᠦᠷᠭᠦᠯᠵᠢᠯᠡᠨ ᠢᠳᠡᠪᠬᠢᠲᠡᠶ ᠰᠦᠪᠡᠭᠴᠢᠯᠡᠵᠦ᠂ ᠠᠵᠢᠯᠯᠠᠭ᠎ᠠ ᠶᠢᠨ ᠵᠢᠷᠤᠮᠵᠢᠯ᠂ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠠᠬᠢᠭᠤᠯᠤᠨ᠎ᠠ᠃︾ ᠡᠪ ᠬᠠᠮᠲᠤ ᠵᠠᠯᠠᠭᠤᠴᠤᠳ ᠤᠨ ᠡᠪᠯᠡᠯ ᠤᠨ ᠲᠦᠴᠢᠦᠸᠠᠨ ᠰᠢᠶᠠᠨ ᠤ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠧᠦ ᠯᠢ ᠵᠢᠶᠧ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号