ᠦᠵᠦᠮ ᠤᠨ ᠦᠨᠦᠷ ᠬᠦᠷᠢᠶᠡᠯᠡᠩ ᠳᠦᠭᠦᠷᠡᠩ ᠬᠠᠩᠬᠤᠯᠠᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/8/21
   ᠭᠠᠷᠠᠭ ᠤᠨ ᠰᠡᠭᠦᠯᠴᠢ ᠪᠤᠶᠤ ᠪᠠᠭ᠎ᠠ ᠠᠮᠠᠷᠠᠯᠲᠠ ᠪᠣᠯᠬᠤ ᠪᠦᠷᠢ᠂ ᠲᠦᠴᠢᠦᠸᠠᠨ ᠰᠢᠶᠠᠨ ᠤ ᠤᠢᠢᠷ᠎ᠠ ᠲᠡᠬᠦᠷᠭᠡ ᠶᠢᠨ ᠲᠡᠭᠦᠬᠦ ᠵᠤᠭᠠᠴᠠᠯ ᠨᠢ ᠮᠠᠰᠢ ᠤᠯᠠᠨ ᠬᠤᠳᠠ ᠶᠢᠨ ᠠᠷᠠᠳ ᠤᠨ ᠭᠠᠳᠠᠭᠰᠢ ᠭᠠᠷᠬᠤ ᠰᠣᠩᠭᠤᠯᠲᠠ ᠪᠤᠯᠳᠠᠭ᠂ ᠤᠯᠠᠨ ᠢᠶᠠᠷ ᠢᠶᠠᠨ ᠬᠥᠳᠡᠭᠡ ᠲᠣᠰᠬᠤᠨ ᠤ ᠦᠵᠡᠰᠬᠦᠯᠡᠩᠲᠦ ᠰᠠᠶᠢᠬᠠᠨ ᠦᠵᠡᠮᠵᠢ ᠪᠣᠯᠤᠨ ᠰᠢᠨ᠎ᠡ ᠬᠤᠪᠢᠷᠠᠯᠲᠠ ᠶᠢ ᠮᠡᠳᠡᠷᠡᠵᠦ ᠳᠡᠶᠢᠯᠬᠦ ᠪᠠᠷ ᠪᠠᠷᠠᠬᠤ ᠦᠬᠡᠢ᠂ ᠪᠠᠰᠠ ᠥᠪᠡᠷ ᠢᠶᠠᠨ ᠭᠠᠷ ᠬᠥᠳᠡᠯᠦᠨ ᠲᠡᠭᠦᠬᠦ ᠬᠠᠪᠤ ᠴᠡᠩᠭᠡᠯ ᠢ ᠴᠦ ᠡᠳ᠋ᠯᠡᠨ᠎ᠡ᠃
   ᠦᠵᠦᠮ ᠠᠩᠬᠢᠯᠤᠮ᠎ᠠ ᠦᠨᠦᠷ ᠬᠠᠩᠬᠤᠯᠵᠤ᠂ ᠨᠠᠮᠤᠷ ᠤᠨ ᠠᠭᠤᠷ ᠠᠭᠠᠵᠢᠮ ᠢᠶᠠᠷ ᠥᠳᠬᠡᠨ ᠪᠣᠯᠪᠠ︕ ᠲᠦᠴᠢᠦᠸᠠᠨ ᠪᠠᠯᠭᠠᠰᠤᠨ ᠤ ᠰᠢᠨ ᠱᠧᠩ ᠲᠣᠰᠬᠤᠨ ᠤ ︽ ᠦᠵᠦᠮ ᠤᠨ ᠬᠦᠷᠢᠶᠡᠯᠡᠩ︾ ᠳᠣᠲᠣᠷ᠎ᠠ᠂ ᠲᠦᠴᠢᠦᠸᠠᠨ ᠰᠢᠶᠠᠨ ᠤ ᠳᠥᠷᠪᠡᠳᠦᠭᠡᠷ ᠬᠤᠭᠤᠴᠠᠭᠠᠨ ᠤ ᠦᠵᠦᠮ ᠲᠡᠭᠦᠬᠦ ᠨᠠᠶᠢᠷ ᠬᠥᠷ ᠬᠥᠭᠵᠢᠶᠡᠨ ᠲᠠᠢ ᠡᠬᠢᠯᠡᠪᠡ︕ ᠠᠵᠢᠯᠯᠠᠭ᠎ᠠ ᠨᠢ ᠪᠠᠶᠠᠯᠢᠭ ᠰᠠᠶᠢᠬᠠᠨ ᠤᠷᠠᠨ ᠰᠠᠶᠢᠬᠠᠨ ᠤ ᠲᠣᠭᠯᠠᠯᠲᠠ᠂ ᠦᠢᠯᠡᠳᠦᠯᠴᠡᠬᠦ ᠲᠣᠭᠯᠠᠭᠠᠮ ᠪᠣᠯᠤᠨ ᠬᠦᠷᠢᠶᠡᠯᠡᠩ ᠲᠣᠭᠤᠷᠢᠭ ᠤᠨ ᠡᠷᠳᠡᠨᠢ ᠡᠷᠢᠬᠦ ᠠᠵᠢᠯᠯᠠᠭ᠎ᠠ ᠶᠢ ᠨᠠᠷᠢᠯᠢᠭ ᠲᠥᠰᠦᠪᠯᠡᠵᠦ᠂ ᠵᠤᠭᠠᠴᠠᠭᠰᠠᠳ ᠬᠠᠨᠲᠠᠯ᠎ᠠ ᠨᠠᠭᠠᠳᠤᠭᠰᠠᠨ ᠤ ᠳᠠᠷᠠᠭ᠎ᠠ ᠦᠵᠦᠮ ᠤᠨ ᠬᠦᠯᠡᠮᠵᠢ ᠳᠤ ᠣᠷᠣᠵᠤ᠂ ᠪᠡᠶ᠎ᠡ ᠪᠠᠷ ᠢᠶᠠᠨ ᠲᠡᠭᠦᠬᠦ ᠬᠥᠳᠡᠭᠡ ᠨᠤᠲᠤᠭ ᠤᠨ ᠬᠠᠪᠤ ᠴᠡᠩᠭᠡᠯ ᠢ ᠡᠳ᠋ᠯᠡᠵᠦ ᠪᠣᠯᠤᠨ᠎ᠠ᠃
   ︽ᠮᠢᠨᠦ ᠦᠵᠡᠬᠦ ᠪᠠᠷ ᠥᠨᠥᠳᠦᠷ ᠤᠨ ᠪᠦᠬᠦᠶᠢᠯᠡ ᠬᠥᠳᠡᠯᠭᠡᠭᠡᠨ ᠪᠦᠷ ᠲᠤᠩ ᠤᠳᠬ᠎ᠠ ᠠᠭᠤᠯᠭ᠎ᠠ ᠲᠠᠢ᠂ ᠪᠢ ᠲᠤᠩ ᠪᠠᠶᠠᠷᠲᠠᠢ ᠨᠠᠭᠠᠳᠴᠠᠢ᠂ ᠶᠠᠪᠤᠬᠤ ᠠᠴᠠ ᠪᠠᠨ ᠡᠮᠦᠨ᠎ᠡ ᠪᠠᠰᠠ ᠪᠡᠶ᠎ᠡ ᠪᠠᠷ ᠢᠶᠠᠨ ᠦᠵᠦᠮ ᠲᠡᠭᠦᠵᠦ ᠭᠡᠷ ᠲᠡᠭᠡᠨ ᠠᠪᠠᠴᠢᠨ᠎ᠠ᠂ ᠪᠢ ᠰᠡᠭᠦᠯᠡᠷ ᠦᠷᠭᠦᠯᠵᠢ ᠢᠷᠡᠨ᠎ᠡ᠃︾ ᠭᠡᠵᠦ ᠦᠵᠦᠮ ᠢᠶᠠᠨ ᠲᠡᠭᠦᠵᠢᠯᠡᠭᠰᠡᠨ ᠵᠤᠭᠠᠴᠠᠭᠴᠢ ᠵᠠᠩ ᠸᠧᠢ ᠬᠡᠯᠡᠨ᠎ᠡ᠃
   ᠲᠦᠴᠢᠦᠸᠠᠨ ᠰᠢᠶᠠᠨ ᠤ ᠰᠢᠨ ᠱᠧᠩ ᠲᠣᠰᠬᠤᠨ ᠤ ᠦᠵᠦᠮ ᠳᠠᠷᠢᠭᠰᠠᠨ ᠲᠡᠦᠬᠡ ᠨᠢᠭᠡᠨᠲᠡ 20 ᠭᠠᠷᠤᠶ ᠵᠢᠯ ᠪᠣᠯᠵᠣ᠂ ᠬᠠᠮᠤᠭ ᠤᠨ ᠠᠩᠬᠠᠨ ᠤ ᠲᠠᠷᠠᠬᠠᠶ ᠪᠤᠲᠠᠷᠬᠠᠶ ᠡᠷᠦᠬᠡ ᠠᠴᠠ ᠣᠲᠣ ᠪᠣᠯᠲᠠᠯ᠎ᠠ ᠬᠡᠪᠴᠢᠶᠡᠵᠢᠭᠦᠯᠦᠨ ᠳᠠᠷᠢᠵᠤ᠂ ᠦᠵᠦᠮ ᠳᠠᠷᠢᠬᠤ ᠨᠢ ᠨᠢᠭᠡᠨᠲᠡ ᠪᠥᠬᠦ ᠲᠣᠰᠬᠤᠨ ᠤ ᠲᠤᠯᠭᠠᠭᠤᠷᠢ ᠠᠵᠤ ᠦᠶᠯᠡᠰ ᠪᠣᠯᠤᠭᠰᠠᠨ ᠪᠠᠶᠢᠨ᠎ᠠ᠃
   ︽ᠠᠮᠢ ᠠᠬᠤᠢ ᠶᠢᠨ ᠬᠥᠳᠡᠭᠡ ᠲᠣᠰᠬᠤᠨ ᠤ ᠵᠤᠭᠠᠴᠠᠯ᠂ ᠰᠡᠯᠡᠭᠦᠴᠡᠯ ᠤᠨ ᠵᠢᠵᠢᠭ ᠬᠥᠳᠡᠭᠡ︾ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠬᠦᠷᠢᠶᠡᠯᠡᠩ ᠲᠣᠭᠤᠷᠢᠭ ᠨᠢ ᠦᠵᠦᠮ ᠲᠡᠭᠦᠬᠦ᠂ ᠬᠡᠦᠬᠡᠳ ᠤᠨ ᠵᠤᠭ᠎ᠠ ᠴᠡᠩᠭᠡᠯ᠂ ᠢᠳᠡᠭᠡᠨ ᠤᠮᠳᠠᠭᠠᠨ ᠢ ᠪᠡᠶᠡᠴᠢᠯᠡᠨ ᠣᠶᠢᠯᠠᠭᠠᠬᠤ ᠵᠡᠷᠭᠡ ᠰᠢᠨ᠎ᠡ ᠪᠠᠷ ᠮᠠᠨᠳᠤᠭᠰᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠨᠢᠭᠡ ᠴᠤᠬᠴᠠᠵᠢᠭᠤᠯᠤᠬᠰᠠᠨ ᠬᠥᠳᠡᠭᠡ ᠲᠣᠰᠬᠤᠨ ᠤ ᠵᠤᠭᠠᠴᠠᠯ ᠤᠨ ᠵᠢᠱᠢᠶ᠎ᠡ ᠦᠵᠡᠭᠦᠯᠬᠦ ᠴᠡᠭ ᠪᠤᠯᠵᠥ᠂ ᠥᠷᠭᠡᠨ ᠤᠯᠠᠨ ᠬᠤᠳᠠ ᠶᠢᠨ ᠠᠷᠠᠳ ᠭᠡᠷ ᠤᠨ ᠡᠭᠦᠳᠡᠨ ᠳᠤ ᠪᠠᠨ ︽ᠰᠢᠯᠦᠭ ᠪᠠ ᠠᠯᠤᠰ ᠢᠷᠡᠭᠡᠳᠦᠢ︾ ᠶᠢ ᠡᠳ᠋ᠯᠡᠬᠦ ᠪᠣᠯᠪᠠ᠃
   ᠭᠠᠷᠠᠭ ᠤᠨ ᠰᠡᠭᠦᠯᠴᠢ ᠪᠣᠯᠤᠭᠰᠠᠭᠠᠷ ᠭᠠᠳᠠᠭᠰᠢ ᠭᠠᠷᠴᠤ ᠨᠠᠭᠠᠳᠤᠶ᠎ᠠ ᠭᠡᠵᠦ ᠰᠠᠨᠠᠨ᠎ᠠ᠂ ᠭᠡᠪᠡᠴᠦ ᠪᠠᠰᠠ ᠬᠤᠯᠠ ᠶᠠᠪᠤᠵᠤ ᠳᠠᠢᠯᠠᠬᠤ ᠦᠭᠡᠢ᠂ ︿ᠦᠵᠦᠮ ᠤᠨ ᠬᠦᠷᠢᠶᠡᠯᠡᠩ﹀ ᠨᠢ ᠪᠢᠳᠡᠨ ᠳᠤ ᠭᠠᠷᠠᠭ ᠤᠨ ᠰᠡᠭᠦᠯᠴᠢ ᠪᠠᠷ ᠵᠤᠭᠠᠴᠠᠬᠤ ᠰᠠᠶᠢᠨ ᠭᠠᠵᠠᠷ ᠬᠠᠩᠭᠠᠵᠠᠢ᠂ ᠠᠳᠡᠬᠢ ᠦᠵᠦᠮ ᠨᠢ ᠲᠣᠮᠣ ᠮᠥᠷᠲᠡᠭᠡᠨ ᠰᠢᠬᠢᠷᠯᠢᠭ᠂ ᠪᠠᠰᠠ ᠠᠮᠤᠷ ᠲᠦᠪᠰᠢᠨ ᠭᠤᠤᠷ ᠬᠥᠨᠥᠭᠡᠯ ᠦᠭᠡᠢ᠂ ᠭᠠᠷᠠᠭ ᠤᠨ ᠰᠡᠭᠦᠯᠴᠢ ᠪᠠᠷ ᠠᠳᠡ ᠢᠷᠡᠵᠦ ᠲᠡᠭᠦᠵᠦ ᠨᠠᠭᠠᠳᠤᠭᠠᠳ ᠲᠤᠩ ᠪᠠᠶᠠᠷᠲᠠᠢ᠃︾ ᠭᠡᠵᠦ ᠶᠠᠩ ᠳ᠋ᠦᠩ ᠶᠤᠸᠠᠢ ᠬᠡᠯᠡᠵᠡᠶ᠃
   ᠤᠤᠯ ᠦᠨᠦᠷ ᠠᠮᠲᠠ ᠲᠠᠢ ᠬᠥᠳᠡᠭᠡ ᠶᠢᠨ ᠦᠵᠡᠮᠵᠢ ᠶᠢ ᠰᠣᠨᠢᠷᠬᠠᠵᠤ᠂ ᠥᠪᠡᠷ ᠢᠶᠠᠨ ᠲᠡᠭᠦᠭᠰᠡᠨ ᠵᠢᠮᠢᠰ ᠨᠣᠭᠤᠭ᠎ᠠ ᠢᠳᠡᠬᠦ ᠨᠢ ᠬᠤᠲᠠ ᠶᠢᠨ ᠠᠮᠢᠳᠤᠷᠠᠯ ᠳᠤ ᠳᠠᠳᠤᠭᠰᠠᠨ ᠬᠤᠲᠠ ᠶᠢᠨ ᠬᠥᠮᠦᠰ ᠲᠤ ᠠᠪᠴᠤ ᠬᠡᠯᠡᠪᠡᠯ ᠣᠯᠳᠠᠰᠢ ᠦᠭᠡᠢ ᠰᠠᠶᠢᠨ ᠥᠩᠭᠡᠷᠡᠯᠲᠡ ᠪᠣᠯᠤᠨ᠎ᠠ᠃    ᠣᠶᠢᠷ᠎ᠠ ᠶᠢᠨ ᠵᠢᠯ ᠤᠳ ᠲᠤ᠂ ᠲᠦᠴᠢᠦᠸᠠᠨ ᠰᠢᠶᠠᠨ ᠣᠶᠢᠷ᠎ᠠ ᠲᠡᠭᠦᠷᠭᠡ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠠᠷᠠᠭᠠᠯᠠᠨ᠂ ᠡᠯ᠎ᠡ ᠲᠣᠮᠣ ᠬᠦᠷᠢᠶᠡᠯᠡᠩ ᠲᠣᠭᠤᠷᠢᠭ ᠤᠨ ᠲᠠᠷᠢᠶᠠᠯᠠᠩ ᠵᠢᠭᠤᠯᠴᠢᠯᠠᠯ ᠤᠨ ᠡᠬᠢ ᠪᠠᠶᠠᠯᠢᠭ᠂ ᠡᠯ᠎ᠡ ᠰᠢᠶᠠᠩ ᠪᠠᠯᠭᠠᠰᠤᠨ ᠤ ᠵᠢᠮᠢᠰ ᠲᠡᠭᠦᠬᠦ ᠬᠦᠷᠢᠶᠡᠯᠡᠩ᠂ ᠲᠠᠷᠢᠶᠠᠴᠢᠨ ᠠᠶᠢᠯ ᠤᠨ ᠵᠢᠭᠤᠯᠴᠢᠯᠠᠯ ᠵᠡᠷᠭᠡ ᠶᠢ ᠭᠦᠶᠴᠡᠳ ᠠᠰᠢᠭᠯᠠᠵᠤ᠂ ᠤᠯᠠᠮᠵᠢᠯᠠᠯᠲᠤ ᠵᠢᠭᠤᠯᠴᠢᠯᠠᠯ ᠤᠨ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠂ ᠡᠷᠬᠢᠨ ᠲᠣᠭᠤᠷᠢᠨ ᠤ ᠦᠵᠡᠮᠵᠢ ᠶᠢᠨ ᠣᠷᠣᠨ ᠬᠢᠭᠡᠳ ᠣᠨᠴᠠᠯᠢᠭᠲᠤ ᠠᠵᠤ ᠦᠶᠯᠡᠰ ᠢ ᠠᠭᠤᠰᠤᠯᠴᠠᠭᠤᠯᠵᠤ᠂ ᠵᠢᠮᠢᠰ ᠲᠡᠭᠦᠬᠦ ᠵᠢᠭᠤᠯᠴᠢᠯᠠᠯ᠂ ᠠᠷᠠᠳ ᠤᠨ ᠵᠠᠩ ᠦᠶᠯᠡ ᠶᠢᠨ ᠵᠢᠭᠤᠯᠴᠢᠯᠠᠯ ᠢ ᠢᠳᠡᠪᠬᠢᠲᠡᠶ ᠬᠥᠭᠵᠢᠭᠦᠯᠦᠨ᠂ ᠬᠥᠳᠡᠭᠡ ᠲᠣᠰᠬᠤᠨ ᠤ ᠠᠵᠤ ᠦᠶᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠵᠤ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠬᠦᠴᠦᠨ ᠢᠶᠠᠷ ᠳᠥᠯᠭᠢᠨ ᠠᠬᠢᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号