︽ᠲᠦᠴᠢᠦᠸᠠᠨ ᠰᠢᠶᠠᠨ ᠤ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠰᠢᠶᠠᠨ ᠢ ᠪᠦᠲᠦᠭᠡᠨ ᠪᠠᠶᠢᠭᠤᠯᠬᠤ ᠲᠤᠷᠰᠢᠯᠲᠠ ᠶᠢᠨ ᠰᠢᠶᠠᠨ ᠤ ᠠᠵᠢᠯ ᠢ ᠰᠠᠶᠢᠲᠤᠷ ᠬᠢᠬᠦ ᠲᠤᠬᠠᠢ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/8/22
ᠵᠠᠰᠠᠭ ᠠᠯᠪᠠᠨ ᠲᠠᠷᠬᠠᠭᠠᠭᠰᠠᠨ〔2023〕69 ᠳ᠋ᠦᠭᠡᠷ ᠲᠣᠭᠠᠲᠤ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ ᠤ ᠠᠯᠪᠠᠨ ᠭᠡᠷ ᠤᠨ ︽ᠲᠦᠴᠢᠦᠸᠠᠨ ᠰᠢᠶᠠᠨ ᠤ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠰᠢᠶᠠᠨ ᠢ ᠪᠦᠲᠦᠭᠡᠨ ᠪᠠᠶᠢᠭᠤᠯᠬᠤ ᠲᠤᠷᠰᠢᠯᠲᠠ ᠶᠢᠨ ᠰᠢᠶᠠᠨ ᠤ ᠠᠵᠢᠯ ᠢ ᠰᠠᠶᠢᠲᠤᠷ ᠬᠢᠬᠦ ᠲᠤᠬᠠᠢ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ ᠳᠤ᠄ ᠡᠳᠦᠭᠡ ︽ᠲᠦᠴᠢᠦᠸᠠᠨ ᠰᠢᠶᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠰᠢᠶᠠᠨ ᠢ ᠪᠦᠲᠦᠭᠡᠨ ᠪᠠᠶᠢᠭᠤᠯᠬᠤ ᠲᠤᠷᠰᠢᠯᠲᠠ ᠶᠢᠨ ᠰᠢᠶᠠᠨ ᠤ ᠠᠵᠢᠯ ᠢ ᠰᠠᠶᠢᠲᠤᠷ ᠬᠢᠬᠦ ᠲᠤᠬᠠᠢ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠲᠤᠭᠠᠢ᠃                           2023 ᠣᠨ ᠤ 8 ᠰᠠᠷ᠎ᠠ ᠶᠢᠨ 21 ᠤ ᠡᠳᠦᠷ ᠲᠦᠴᠢᠦᠸᠠᠨ ᠰᠢᠶᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠰᠢᠶᠠᠨ ᠢ ᠪᠦᠲᠦᠭᠡᠨ ᠪᠠᠶᠢᠭᠤᠯᠬᠤ ᠲᠤᠷᠰᠢᠯᠲᠠ ᠶᠢᠨ ᠰᠢᠶᠠᠨ ᠢ ᠪᠠᠶᠢᠭᠤᠯᠬᠤ ᠠᠵᠢᠯ ᠤᠨ ᠲᠥᠰᠥᠯ    ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠰᠢᠶᠠᠨ ᠢ ᠪᠦᠲᠦᠭᠡᠨ ᠪᠠᠶᠢᠭᠤᠯᠬᠤ ᠲᠤᠷᠰᠢᠯᠲᠠ ᠶᠢᠨ ᠰᠢᠶᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠪᠦᠬᠦ ᠨᠡᠶᠢᠭᠡᠮ ᠤᠨ ᠰᠢᠨ᠎ᠡ ᠶᠢ ᠡᠭᠦᠳᠬᠦ ᠠᠮᠢᠵᠢᠷᠠᠯ ᠤᠨ ᠲᠦᠴᠢᠦᠸᠠᠨ ᠰᠢᠶᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠠᠵᠢᠯ ᠢ ᠪᠦᠬᠦ ᠲᠠᠯ᠎ᠠ  ᠪᠠᠷ ᠴᠢᠩᠭᠠᠳᠬᠠᠵᠤ᠂ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ ︵2021 ︱ 2035 ᠣᠨ ︾ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠬᠡᠷᠡᠭᠯᠡᠯᠲᠡ ᠶᠢᠨ ᠲᠥᠯᠦᠪᠵᠢᠭᠦᠯᠭᠡ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠬᠡᠷᠡᠭᠯᠡᠯᠲᠡ ᠶᠢᠨ ᠲᠥᠯᠦᠪᠵᠢᠭᠦᠯᠭᠡ︾ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ︽2023 ᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠤᠷᠰᠢᠯᠲᠠ ᠶᠢᠨ ᠴᠢᠭ᠋ ᠪᠣᠯᠬᠤ ᠬᠤᠲᠠ᠂ ᠬᠦᠴᠦᠷᠬᠡᠭ ᠰᠢᠶᠠᠨ ᠢ ᠵᠣᠬᠢᠶᠠᠨ ᠪᠠᠶᠢᠭᠤᠯᠵᠤ ᠭᠤᠶᠤᠴᠢᠯᠠᠨ ᠮᠡᠳᠡᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠮᠡᠳᠡᠭᠳᠡᠯ︾ ᠤᠨ ᠲᠦᠴᠢᠦᠸᠠᠨ ᠰᠢᠶᠠᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠲᠥᠰᠥᠯ ᠢ ᠣᠨᠴᠠᠭᠠᠶᠢᠯᠠᠨ ᠲᠣᠭᠲᠠᠭᠠᠪᠠ᠃ ᠨᠢᠭᠡ᠂ ᠵᠢᠯᠤᠭᠤᠳᠬᠤ ᠦᠵᠡᠯ ᠰᠠᠨᠠᠭ᠎ᠠ     ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ ︵2021 ︱ 2035 ᠣᠨ︶︾ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠬᠡᠷᠡᠭᠯᠡᠯᠲᠡ ᠶᠢᠨ ᠲᠥᠯᠦᠪᠵᠢᠭᠦᠯᠭᠡ︾ ︽ᠥᠪᠥᠷ ᠮᠣᠩᠭᠤᠯ ᠤᠨ ᠥᠪᠡᠷᠲᠡᠭᠡᠨ ᠵᠣᠬᠢᠴᠠᠭᠤᠯᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠬᠡᠷᠡᠭᠯᠡᠯᠲᠡ ᠶᠢᠨ ᠬᠤᠪᠢᠶᠠᠷᠢᠯᠠᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾ ᠪᠣᠯᠣᠨ ︽ᠨᠢᠭᠡ ᠪᠠᠬᠢᠯᠡᠯᠲᠡ︾ ᠶᠢ ᠲᠦᠷᠭᠡᠪᠴᠢᠯᠡᠨ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾ ᠪᠣᠯᠣᠨ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠪᠦᠬᠦ ᠲᠠᠯ᠎ᠠ ᠪᠠᠷ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠯᠤᠰ ᠢᠶᠠᠨ ᠬᠦᠴᠦᠷᠬᠡᠭᠵᠢᠭᠦᠯᠵᠦ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠴᠢᠩᠭᠠᠳᠬᠠᠵᠤ᠂ ᠪᠦᠬᠦ ᠨᠡᠶᠢᠭᠡᠮ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠮᠠᠨ ᠤ ᠰᠢᠶᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠯᠲᠡ᠂ ᠠᠯᠤᠰ ᠬᠡᠷᠡᠭᠯᠡᠭᠡ᠂ ᠬᠠᠮᠠᠭᠠᠯᠠᠯᠲᠠ᠂ ᠬᠠᠮᠢᠶᠠᠷᠤᠯᠲᠠ ᠪᠠ ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ ᠬᠤᠶᠠᠷ᠂ ᠶᠡᠷᠦᠩᠬᠡᠢ ᠰᠡᠳᠬᠢᠴᠡ ᠪᠠ ᠬᠠᠷᠠᠯᠲᠠ   ︵ᠨᠢᠭᠡ︶ ᠶᠡᠷᠦᠩᠬᠡᠢ ᠰᠡᠳᠬᠢᠴᠡ᠃ ︽ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠬᠠᠮᠠᠭᠠᠯᠠᠯᠲᠠ ᠶᠢ ᠴᠢᠩᠭᠠᠳᠬᠠᠬᠤ᠂ ᠰᠢᠰᠲ᠋ᠧᠮ ᠲᠠᠢ ᠵᠠᠰᠠᠬᠤ︾ ᠪᠠᠷ ᠵᠠᠷᠴᠢᠮ ᠪᠣᠯᠭᠠᠬᠤ ᠶᠢ ᠪᠠᠷᠢᠮᠲᠠᠯᠠᠵᠤ᠂ ᠳᠦᠷᠢᠮ ᠢ ᠪᠦᠷᠢᠨᠰᠢᠭᠦᠯᠬᠦ᠂ ᠲᠣᠭᠲᠠᠴᠠ ᠶᠢ ᠲᠡᠭᠦᠯᠳᠡᠷᠵᠢᠭᠦᠯᠬᠦ᠂ ᠡᠭᠦᠳᠦᠯᠲᠡ ᠶᠢ ᠠᠬᠢᠭᠤᠯᠬᠤ᠂ ᠬᠤᠪᠢᠷᠠᠭᠤᠯᠤᠯᠲᠠ ᠶᠢ ᠠᠬᠢᠭᠤᠯᠬᠤ᠂ ᠬᠠᠮᠠᠭᠠᠯᠠᠯᠲᠠ ᠶᠢ ᠴᠢᠩᠭᠠᠳᠬᠠᠬᠤ ᠵᠡᠷᠭᠡ ᠲᠠᠯ᠎ᠠ ᠠᠴᠠ ᠭᠠᠷᠳᠠᠵᠤ᠂ ᠮᠠᠨ ᠤ ᠰᠢᠶᠠᠨ ᠤ ᠡᠬᠢ ᠪᠠᠶᠠᠯᠢᠭ ᠤᠨ ᠳᠠᠪᠠᠭᠤᠯᠢᠭ ᠢ ᠵᠠᠬ᠎ᠠ ᠳᠡᠯᠭᠡᠭᠦᠷ ᠤᠨ ᠥᠷᠢᠰᠦᠯᠳᠦᠭᠡᠨ ᠤ ᠳᠠᠪᠠᠭᠤᠯᠢᠭ ᠪᠣᠯᠭᠠᠨ ᠬᠤᠪᠢᠷᠠᠭᠤᠯᠵᠤ᠂ ᠣᠷᠣᠨ ᠪᠦᠰᠡ ᠶᠢᠨ ᠨᠡᠷ᠎ᠡ ᠶᠢᠨ ᠬᠠᠭᠤᠳᠠᠰᠤ ᠶᠢ ᠪᠤᠢ ᠪᠣᠯᠭᠠᠨ᠎ᠠ᠃ ᠰᠢᠶᠠᠨ ᠤ ᠲᠤᠯᠭᠠᠭᠤᠷᠢ ᠠᠵᠤ ᠦᠢᠯᠡᠰ᠂ ᠣᠨᠴᠠᠯᠢᠭᠲᠤ ᠦᠢᠯᠡᠳᠬᠦᠨ ᠤ ᠳᠤᠮᠳᠠ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠬᠦ ᠪᠠᠷ ᠴᠢᠷᠮᠠᠶᠢᠵᠤ᠂ ᠮᠠᠨ ᠤ ᠰᠢᠶᠠᠨ ᠤ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠰᠢᠶᠠᠨ ᠢ ᠬᠦᠴᠦᠷᠬᠡᠭᠵᠢᠭᠦᠯᠬᠦ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠃   ︵ᠬᠤᠶᠠᠷ︶ ᠶᠡᠷᠦᠩᠬᠡᠢ ᠬᠠᠷᠠᠯᠲᠠ᠃ 2025 ᠣᠨ ᠪᠣᠯᠬᠤ ᠳᠤ᠂ ᠪᠦᠬᠦ ᠰᠢᠶᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠤ ᠵᠠᠰᠠᠯᠲᠠ ᠶᠢᠨ ᠰᠢᠰᠲ᠋ᠥᠮ ᠪᠣᠯᠣᠨ ᠵᠠᠰᠠᠯᠲᠠ ᠶᠢᠨ ᠴᠢᠳᠠᠪᠤᠷᠢ ᠶᠢ ᠴᠢᠨᠠᠭᠰᠢᠳᠠ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠯᠲᠡ ᠶᠢᠨ ᠶᠠᠰᠤ ᠴᠢᠨᠠᠷ᠂ ᠬᠡᠷᠡᠭᠯᠡᠯᠲᠡ ᠶᠢᠨ ᠦᠷ᠎ᠡ ᠠᠰᠢᠭ᠂ ᠬᠠᠮᠠᠭᠠᠯᠠᠯᠲᠠ ᠶᠢᠨ ᠦᠷ᠎ᠡ ᠠᠰᠢᠭ᠂ ᠬᠠᠮᠢᠶᠠᠷᠤᠯᠲᠠ ᠶᠢᠨ ᠴᠢᠳᠠᠪᠤᠷᠢ ᠪᠣᠯᠣᠨ ᠦᠢᠯᠡᠴᠢᠯᠡᠭᠡᠨ ᠤ ᠬᠠᠩᠭᠠᠯᠭ᠎ᠠ ᠶᠢᠨ ᠲᠦᠪᠰᠢᠨ ᠤ ᠪᠦᠲᠦᠭᠡᠭᠳᠡᠬᠦᠨ ᠢ ᠮᠡᠳᠡᠭᠳᠡᠮ᠎ᠡ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠡᠯᠧᠮᠧᠨ᠋ᠲ ᠢ ᠲᠥᠪᠯᠡᠷᠡᠭᠦᠯᠵᠦ᠂ ᠤᠯᠠᠷᠢᠭᠤᠯᠤᠨ ᠬᠡᠷᠡᠭᠯᠡᠬᠦ ᠶᠢ ᠰᠢᠯᠤᠭᠤᠳᠬᠠᠵᠤ᠂ ᠬᠠᠮᠠᠭᠠᠯᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠦᠢᠯᠡᠳᠦᠯ ᠢ ᠲᠣᠪᠣᠶᠢᠮ᠎ᠠ ᠪᠣᠯᠭᠠᠵᠤ᠂ ᠦᠢᠯᠡᠴᠢᠯᠡᠭᠡᠨ ᠤ ᠰᠢᠰᠲ᠋ᠥᠮ ᠢ ᠪᠦᠷᠢᠨᠰᠢᠭᠦᠯᠵᠦ᠂ ᠳᠡᠭᠡᠳᠦ ᠲᠡᠰ ᠤᠨ ᠴᠢᠳᠠᠪᠤᠷᠢᠲᠠᠨ ᠢ ᠴᠤᠭᠯᠠᠷᠠᠭᠤᠯᠤᠨ᠎ᠠ᠃    1. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠨ᠎ᠡ ᠶᠢ ᠡᠭᠦᠳᠬᠦ ᠭᠤᠣᠯ ᠴᠣᠭᠴᠠ ᠪᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ ᠴᠢᠳᠠᠪᠤᠷᠢ ᠤᠯᠠᠮ ᠨᠢᠭᠡ ᠠᠯᠬᠤᠮ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠯᠲᠡ ᠨᠢ ᠲᠤᠭ᠎ᠠ ᠬᠡᠮᠵᠢᠶ᠎ᠡ ᠶᠢ ᠬᠥᠭᠡᠭᠡᠴᠡᠯᠳᠦᠵᠦ ᠪᠠᠶᠢᠭᠰᠠᠨ ᠠᠴᠠ ᠪᠠᠨ ᠡᠭᠦᠳᠦᠯᠲᠡ ᠶᠢᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠵᠦ᠂ ᠮᠠᠨ ᠤ ᠰᠢᠶᠠᠨ ᠤ ᠭᠠᠵᠠᠷ ᠵᠦᠢ ᠶᠢᠨ ᠪᠡᠯᠭᠡ ᠲᠡᠮᠳᠡᠭ ᠤᠨ ᠨᠠᠷᠠᠲᠤ ᠲᠥᠷᠥᠯ ᠲᠡᠮᠳᠡᠭᠲᠦ ᠪᠠ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠣᠨᠴᠠᠯᠢᠭᠲᠤ ᠪᠦᠲᠦᠭᠡᠭᠳᠡᠬᠦᠨ ᠤ ᠡᠬᠢ ᠪᠠᠶᠠᠯᠢᠭ ᠤᠨ ᠳᠠᠪᠠᠭᠤᠯᠢᠭ ᠢ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠳᠠᠪᠠᠭᠤᠯᠢᠭ ᠪᠠ ᠵᠠᠬ᠎ᠠ ᠳᠡᠯᠭᠡᠭᠦᠷ ᠤᠨ ᠥᠷᠢᠰᠦᠯᠳᠦᠭᠡᠨ ᠤ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠨᠢᠭᠡ ᠪᠦᠯᠦᠭ ᠴᠢᠨᠠᠷ ᠰᠠᠶᠢᠲᠠᠢ᠂ ᠥᠨᠳᠥᠷ ᠦᠨ᠎ᠡ ᠥᠷᠲᠡᠭ ᠲᠠᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠪᠣᠶᠢᠵᠢᠭᠤᠯᠤᠨ ᠪᠣᠶ ᠪᠣᠯᠭᠠᠵᠤ᠂ ᠪᠥᠬᠦ ᠰᠢᠶᠠᠨ ᠤ ᠲᠤᠰᠬᠠᠢ ᠠᠰᠢᠭ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠦᠭᠵᠢᠭᠦᠯᠦᠨ᠎ᠡ᠃  2. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠶᠢ ᠨᠠᠪᠲᠠᠷᠡᠭᠦᠯᠵᠦ᠂ ᠨᠡᠪᠴᠢᠭᠦᠯᠬᠦ᠂ ᠠᠷᠠᠯᠵᠢᠶᠠᠯᠠᠬᠤ ᠶᠢ ᠡᠷᠭᠢᠯᠲᠡ ᠳᠤ ᠣᠷᠣᠭᠤᠯᠬᠤ ᠪᠠ ᠬᠤᠪᠢᠷᠠᠭᠤᠯᠬᠤ ᠶᠢ ᠬᠡᠷᠡᠭᠵᠢᠭᠦᠯᠬᠦ ᠪᠦᠬᠦ ᠬᠡᠯᠬᠢᠶ᠎ᠡ ᠶᠢ ᠪᠣᠶᠢᠵᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ ᠶᠢ ᠪᠦᠷᠢᠨᠰᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠦᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ  ᠬᠦᠭᠵᠢᠯᠲᠡ ᠳᠤ ᠬᠤᠪᠢ ᠨᠡᠮᠡᠷᠢ ᠦᠵᠡᠭᠦᠯᠦᠨ᠎ᠡ᠃   3. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠬᠠᠤᠯᠢ ᠪᠠᠷ ᠵᠠᠰᠠᠬᠤ ᠬᠢᠷᠢ ᠲᠦᠪᠰᠢᠨ ᠢ ᠪᠦᠬᠦ ᠲᠠᠯ᠎ᠠ  ᠪᠠᠷ ᠳᠡᠭᠡᠭᠰᠢᠯᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ︽ᠲᠡᠮᠦᠷ ᠨᠢᠳᠤᠷᠭ᠎ᠠ︾᠂ ︽ᠬᠥᠬᠡ ᠲᠡᠭᠷᠢ︾᠂ ︽ᠺᠦᠨᠯᠦ᠋ᠨ︾ ᠵᠡᠷᠭᠡ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠷᠬᠡ ᠳᠤ ᠬᠠᠯᠳᠠᠭᠰᠠᠨ ᠤ ᠭᠤᠮᠣᠳᠠᠯ ᠲᠣᠷᠭᠠᠭᠤᠯᠢ ᠶᠢᠨ ᠴᠢᠨᠠᠷᠲᠠᠢ ᠲᠥᠯᠥᠪᠦᠷᠢ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠤᠯᠠᠨ ᠲᠦᠮᠡᠨ ᠤ ᠲᠤᠰᠬᠠᠯ ᠶᠡᠬᠡᠲᠡᠢ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠠᠩᠬᠠᠷᠤᠯ ᠢ ᠲᠠᠲᠠᠭᠰᠠᠨ᠂ ᠡᠷᠬᠡ ᠳᠤ ᠬᠠᠯᠳᠠᠬᠤ ᠪᠠ ᠬᠠᠭᠤᠷᠮᠠᠭᠯᠠᠨ ᠦᠢᠯᠡᠳᠬᠦ ᠶᠠᠪᠤᠳᠠᠯ ᠤᠯᠠᠨ ᠭᠠᠷᠳᠠᠭ ᠭᠤᠣᠯᠳᠠᠯᠭ᠎ᠠ ᠲᠠᠢ ᠬᠦᠷᠢᠶ᠎ᠡ ᠪᠠ ᠣᠷᠣᠨ ᠪᠦᠰᠡ ᠳᠤ ᠬᠦᠴᠦᠲᠡᠢ ᠴᠣᠬᠢᠯᠲᠠ ᠥᠭᠴᠦ᠂ ᠡᠴᠦᠰ ᠲᠤᠨᠢ ᠲᠤᠯᠲᠠᠯ᠎ᠠ ᠴᠡᠭᠴᠡᠯᠡᠨ ᠵᠠᠰᠠᠵᠤ᠂ ᠪᠣᠳᠠᠲᠠᠢ ᠪᠠᠷ ᠠᠶᠤᠯᠭᠠᠨ ᠰᠦᠷᠳᠡᠭᠦᠯᠵᠦ᠂ ᠰᠢᠨ᠎ᠡ ᠶᠢ ᠡᠭᠦᠳᠬᠦ ᠨᠡᠩ ᠰᠢᠯᠢᠳᠡᠭ ᠣᠷᠴᠢᠨ ᠨᠥᠬᠦᠴᠡᠯ ᠪᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠤᠢ ᠪᠣᠯᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃    4. ᠮᠡᠳᠡᠯᠭᠡ ᠶᠢᠨ ᠥᠮᠴᠢᠯᠡᠬᠦ ᠡᠷᠬᠡ ᠶᠢᠨ ᠬᠠᠮᠢᠶᠠᠷᠤᠯᠲᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠣᠬᠢᠶᠠᠨ ᠪᠠᠶᠢᠭᠤᠯᠤᠯᠲᠠ᠂ ᠲᠤᠰᠬᠠᠢ ᠠᠰᠢᠭ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠵᠡᠷᠭᠡ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢ ᠵᠢᠷᠤᠮᠵᠢᠭᠤᠯᠤᠨ ᠭᠡᠷᠡᠴᠢᠯᠡᠬᠦ ᠳᠤ ᠣᠷᠣᠯᠴᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠮᠠᠨ ᠤ ᠰᠢᠶᠠᠨ ᠤ ᠭᠠᠵᠠᠷ ᠵᠦᠢ ᠶᠢᠨ ᠪᠡᠯᠭᠡ ᠲᠡᠮᠳᠡᠭ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠠᠵᠤ ᠠᠬᠤᠶᠢᠯᠠᠯ ᠢ ᠪᠣᠶᠢᠵᠢᠭᠤᠯᠬᠤ ᠬᠥᠮᠥᠷᠭᠡ ᠶᠢ ᠪᠠᠶᠢᠭᠤᠯᠵᠤ᠂ ︽ᠭᠤᠣᠯᠳᠠᠯᠭ᠎ᠠ ᠲᠠᠢ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠰᠢᠭᠤᠳ ᠨᠡᠪᠲᠡᠷᠡᠬᠦ ᠳᠦᠷᠢᠮ︾ ᠢ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠵᠡᠷᠭᠡᠴᠡᠭᠡᠪᠡᠷ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ᠃   5. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡ᠃ ᠰᠢᠨ᠎ᠡ ᠶᠢ ᠡᠭᠦᠳᠬᠦ ᠭᠤᠣᠯ ᠴᠣᠭᠴᠠ ᠪᠠ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠪᠦᠷᠢᠨ ᠬᠡᠯᠬᠢᠶ᠎ᠡ᠂ ᠲᠤᠰᠬᠠᠶᠢᠵᠢᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡ ᠬᠠᠩᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠲᠣᠭᠲᠠᠭᠠᠨ ᠨᠡᠶᠢᠲᠡᠯᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠨᠠᠩ ᠲᠡᠭᠦᠯᠳᠡᠷᠵᠢᠭᠦᠯᠦᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠢ ᠴᠤᠭᠯᠠᠷᠠᠭᠤᠯᠤᠨ᠂ ᠪᠦᠲᠦᠭᠡᠨ ᠪᠠᠶᠢᠭᠤᠯᠤᠯᠲᠠ ᠶᠢ  ᠠᠬᠢᠭᠤᠯᠤᠨ᠂ ᠮᠡᠳᠡᠯᠭᠡ ᠶᠢᠨ ᠪᠦᠲᠦᠭᠡᠭᠳᠡᠭᠦᠨ ᠤ ᠨᠠᠶᠢᠲᠡ ᠶᠢᠨ ᠦᠢᠯᠡᠴᠢᠯᠡᠭᠡᠨ ᠠᠷᠠᠳ ᠳᠤ ᠨᠡᠩ ᠳᠦᠭᠦᠮ ᠦᠵᠡᠭᠦᠯᠦᠨ᠎ᠡ᠃    ︵ᠭᠤᠷᠪᠠ︶ ᠥᠨᠳᠥᠷ ᠥᠷᠲᠡᠭᠲᠦ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠬᠤ ᠡᠷᠴᠢᠮ ᠢ ᠴᠢᠩᠭᠠᠷᠠᠭᠤᠯᠤᠨ᠎ᠠ᠃ ᠨᠡᠷ᠎ᠡ ᠠᠯᠳᠠᠷᠰᠢᠭᠰᠠᠨ ᠲᠠᠸᠠᠷ ᠤᠨ ᠲᠡᠮᠳᠡᠭ᠂ ᠭᠠᠵᠠᠷ ᠵᠦᠢ ᠶᠢᠨ ᠲᠡᠮᠳᠡᠭ ᠢᠶᠠᠷ ᠭᠡᠷᠡᠴᠢᠯᠡᠬᠦ ᠲᠠᠸᠠᠷ ᠤᠨ ᠲᠡᠮᠳᠡᠭ᠂ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠲᠡᠮᠳᠡᠭ᠂ ᠭᠠᠵᠠᠷ ᠵᠦᠢ ᠶᠢᠨ ᠲᠡᠮᠳᠡᠭ ᠢᠶᠠᠷ ᠬᠠᠮᠠᠭᠠᠯᠠᠬᠤ ᠦᠢᠯᠡᠳᠬᠦᠨ ᠵᠢᠴᠢ ᠵᠣᠬᠢᠬᠤ ᠨᠥᠯᠥᠭᠡᠯᠡᠬᠦ ᠬᠦᠴᠦᠨ ᠲᠠᠢ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ᠂ ᠨᠠᠷᠠᠲᠤ ᠲᠠᠸᠠᠷ ᠤᠨ ᠲᠡᠮᠳᠡᠭ ᠢᠶᠠᠷ ᠭᠤᠣᠯ ᠪᠣᠯᠭᠠᠭᠰᠠᠨ ᠲᠠᠸᠠᠷ ᠤᠨ ᠲᠡᠮᠳᠡᠭ ᠤᠨ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠰᠢᠰᠲ᠋ᠧᠮᠵᠢ ᠶᠢ ᠪᠣᠶᠢᠵᠢᠭᠤᠯᠤᠨ ᠪᠠᠶᠢᠭᠤᠯᠤᠨ᠎ᠠ᠃ ᠲᠦᠴᠢᠦᠸᠠᠨ ᠰᠢᠶᠠᠨ ᠤ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠷᠭᠠᠬᠤ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠪᠣᠬᠢᠷᠲᠤᠯ ᠦᠭᠡᠢ ᠣᠨᠴᠠᠯᠢᠭᠲᠤ ᠳᠠᠪᠠᠭᠤᠯᠢᠭ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠠᠮᠢ ᠠᠬᠤᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ᠂ ᠶᠠᠰᠤ ᠴᠢᠨᠠᠷ ᠤᠨ ᠳᠠᠪᠠᠭᠤᠯᠢᠭ ᠢ ᠨᠠᠷᠠᠲᠤ ᠲᠥᠷᠥᠯ ᠲᠡᠮᠳᠡᠭᠲᠦ ᠶᠢᠨ ᠳᠠᠪᠠᠭᠤᠯᠢᠭ ᠳᠠᠰᠢ ᠬᠤᠪᠢᠷᠠᠭᠤᠯᠬᠤ ᠶᠢ ᠠᠬᠢᠭᠤᠯᠵᠤ᠂ ᠣᠲᠣ ᠦᠶ᠎ᠡ ᠶᠢᠨ ᠠᠵᠤ ᠦᠢᠯᠡᠰ ᠤᠨ ᠨᠠᠷᠠᠲᠤ ᠲᠥᠷᠥᠯ ᠲᠡᠮᠳᠡᠭᠲᠦ ᠶᠢᠨ ᠥᠷᠲᠡᠭ ᠤᠨ ᠰᠢᠰᠲ᠋ᠧᠮᠵᠢ ᠶᠢ ᠪᠠᠶᠢᠭᠤᠯᠤᠨ᠎ᠠ᠃ ᠭᠠᠵᠠᠷ ᠵᠦᠢ ᠶᠢᠨ ᠪᠡᠯᠭᠡ ᠲᠡᠮᠳᠡᠭ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ ︽ᠲᠦᠴᠢᠦᠸᠠᠨ ᠤ ᠨᠠᠷᠢᠮᠤ ︾᠂ ︽ᠲᠦᠴᠢᠦᠸᠠᠨ ᠤ ᠨᠣᠭᠤᠭᠠᠨ ᠪᠤᠷᠴᠠᠭ︾᠂ ︽ᠲᠦᠴᠢᠦᠸᠠᠨ ᠤ ᠬᠤᠯᠤᠰᠤᠨ ᠴᠡᠴᠡᠭᠲᠦ ᠲᠠᠬᠢᠶ᠎ᠠ︾ ᠵᠡᠷᠭᠡ ᠭᠠᠵᠠᠷ ᠵᠦᠢ ᠶᠢᠨ ᠪᠡᠯᠭᠡ ᠲᠡᠮᠳᠡᠭ ᠢᠶᠠᠷ ᠭᠠᠷᠳᠠᠴᠠ ᠪᠣᠯᠭᠠᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢ ᠴᠢᠩᠭᠠᠳᠬᠠᠵᠤ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠤᠷᠲᠤᠳᠬᠠᠬᠤ ᠶᠢ ᠪᠡᠶᠡᠯᠡᠭᠦᠯᠵᠦ᠂ ᠮᠠᠯᠴᠢᠨ ᠲᠠᠷᠢᠶᠠᠴᠢᠨ ᠢ ᠳᠠᠶᠢᠴᠢᠯᠠᠨ ᠪᠠᠶᠠᠵᠢᠭᠤᠯᠬᠤ ᠶᠢᠨ ᠬᠠᠮᠲᠤ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠵᠤ᠂ ᠭᠠᠵᠠᠷ ᠵᠦᠢ ᠶᠢᠨ ᠪᠡᠯᠭᠡ ᠲᠡᠮᠳᠡᠭ ᠢᠶᠠᠷ ᠲᠠᠷᠢᠶᠠᠯᠠᠩ ᠢ ᠬᠥᠭᠵᠢᠭᠦᠯᠵᠦ ᠲᠠᠷᠢᠶᠠᠴᠢᠨ ᠢ ᠪᠠᠶᠠᠵᠢᠭᠤᠯᠤᠨ ᠲᠠᠷᠢᠶᠠᠯᠠᠩ ᠢ ᠬᠦᠴᠦᠷᠬᠡᠭᠵᠢᠭᠦᠯᠬᠦ ᠶᠢ ᠪᠡᠶᠡᠯᠡᠭᠦᠯᠦᠨ᠎ᠡ᠃ ᠠᠵᠤ ᠠᠬᠤᠶᠢᠯᠠᠯ ᠤᠨ ︽ᠥᠨᠳᠥᠷ ᠪᠠᠷᠢᠮᠵᠢᠶ᠎ᠠ + ᠴᠢᠩᠭ᠎ᠠ ᠭᠡᠷᠡᠴᠢᠯᠡᠯ + ᠴᠢᠩᠭ᠎ᠠ ᠬᠢᠨᠠᠯᠲᠠ ᠬᠠᠮᠢᠶᠠᠷᠤᠯᠲᠠ ᠶᠢᠨ ᠠᠷᠪᠠ ᠶᠢ ᠮᠥᠷᠳᠡᠵᠦ ᠪᠣᠯᠬᠤ ᠠᠷᠪᠠᠨ ᠰᠢᠯᠢᠳᠡᠭ ᠦᠢᠯᠡᠴᠢᠯᠡᠭᠡ︾ ᠶᠢᠨ ᠬᠠᠮᠢᠶᠠᠷᠤᠨ ᠡᠵᠡᠮᠳᠡᠬᠦ ᠰᠢᠰᠲ᠋ᠧᠮᠵᠢ ᠶᠢ ᠬᠡᠷᠡᠭᠵᠢᠭᠦᠯᠬᠦ ᠶᠢ ᠳᠡᠮᠵᠢᠵᠦ᠂ ︽ᠮᠣᠩᠭᠤᠯ ︾ ᠥᠰᠥᠭ ᠤᠨ ᠲᠡᠮᠳᠡᠭ ᠤᠨ ᠭᠡᠷᠡᠴᠢᠯᠡᠯᠲᠡ ᠳᠤ ᠣᠷᠣᠯᠴᠠᠵᠤ᠂ ᠴᠢᠨᠠᠷ ᠰᠠᠶᠢᠲᠠᠢ ᠥᠨᠳᠥᠷ ᠥᠷᠲᠡᠭᠲᠦ ᠦᠢᠯᠡᠳᠬᠦᠨ ᠢ ᠪᠣᠶ ᠪᠣᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ︶    ︵ᠳᠥᠷᠪᠡ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠰᠢᠨ᠎ᠡ ᠲᠣᠭᠲᠠᠴᠠ ᠶᠢ ᠢᠳᠡᠪᠬᠢᠲᠡᠢ ᠰᠦᠪᠡᠭᠴᠢᠯᠡᠨ ᠪᠠᠶᠢᠭᠤᠯᠵᠤ᠂ ᠤᠯᠠᠮᠵᠢᠯᠠᠯᠲᠤ ᠮᠡᠳᠡᠯᠭᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠦᠵᠡᠯ ᠤᠬᠠᠮᠰᠠᠷ ᠢ ᠤᠯᠠᠮ ᠲᠤᠰᠬᠠᠢ ᠠᠰᠢᠭ᠂ ᠲᠠᠸᠠᠷ ᠤᠨ ᠲᠡᠮᠳᠡᠭ᠂ ᠬᠡᠪᠯᠡᠯ ᠤᠨ ᠡᠷᠬᠡ ᠳᠤ ᠬᠠᠯᠳᠠᠵᠤ ᠬᠠᠭᠤᠷᠮᠠᠭᠯᠠᠨ ᠬᠡᠷᠡᠭᠯᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠮᠠᠭᠤ ᠰᠠᠨᠠᠭ᠎ᠠ ᠲᠠᠢ ᠪᠠᠷ ᠡᠷᠬᠡ ᠳᠤ ᠬᠠᠯᠳᠠᠭᠰᠠᠨ᠂ ᠳᠠᠪᠬᠤᠷᠳᠠᠭᠤᠯᠤᠨ ᠡᠷᠬᠡ ᠳᠤ ᠬᠠᠯᠳᠠᠭᠰᠠᠨ ᠵᠡᠷᠭᠡ ᠬᠡᠷᠡᠭ ᠲᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠵᠦᠢᠯ ᠤᠨ ᠲᠤᠰᠬᠠᠢ ᠠᠵᠢᠯᠯᠠᠭ᠎ᠠ ᠲᠠᠢ ᠤᠶᠠᠯᠳᠤᠭᠤᠯᠤᠨ᠂ ᠠᠷᠠᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠭᠠᠵᠠᠷ ᠵᠦᠢ ᠶᠢᠨ ᠪᠡᠯᠭᠡ ᠲᠡᠮᠳᠡᠭ᠂ ᠲᠠᠸᠠᠷ ᠤᠨ ᠲᠡᠮᠳᠡᠭᠲᠦ ᠶᠢᠨ ᠡᠷᠬᠡ ᠳᠤ ᠬᠠᠯᠳᠠᠭᠰᠠᠨ ᠪᠠ ᠲᠤᠰᠬᠠᠢ ᠠᠰᠢᠭ ᠢ ᠬᠠᠭᠤᠷᠮᠠᠭᠯᠠᠨ ᠬᠡᠷᠡᠭᠯᠡᠭᠰᠡᠨ ᠠᠵᠢᠯᠯᠠᠭ᠎ᠠ ᠳᠤ ᠬᠠᠤᠯᠢ ᠶᠣᠰᠣᠭᠠᠷ ᠭᠤᠣᠯᠳᠠᠯᠭ᠎ᠠ ᠲᠠᠢ ᠪᠠᠷ ᠴᠢᠩᠭ᠎ᠠ ᠴᠣᠬᠢᠯᠲᠠ ᠥᠭᠭᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠢᠯᠡ ᠪᠣᠯᠭᠠᠬᠤ ᠶᠢ ᠬᠡᠷᠡᠭᠵᠢᠭᠦᠯᠵᠦ᠂ ᠬᠡᠷᠡᠭ ᠢ ᠵᠠᠭᠠᠯᠳᠤᠭᠰᠠᠨ ᠪᠠ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠢ  ᠳᠤᠨᠢ ᠨᠡᠶᠢᠭᠡᠮ ᠳᠤ ᠨᠡᠶᠢᠲᠡᠯᠡᠬᠦ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠡᠪᠲᠡᠷᠡᠯᠴᠡᠭᠡ ᠪᠠ ᠬᠠᠮᠲᠤᠷᠠᠯᠴᠠᠭ᠎ᠠ ᠶᠢ ᠴᠢᠩᠭᠠᠳᠬᠠᠵᠤ᠂ ᠬᠠᠮᠲᠤᠷᠠᠨ ᠬᠠᠤᠯᠢ ᠬᠡᠷᠡᠭᠵᠢᠭᠦᠯᠬᠦ ᠶᠢ ᠵᠣᠬᠢᠴᠠᠭᠤᠯᠬᠤ ᠲᠣᠭᠲᠠᠴᠠ ᠶᠢ ᠪᠣᠶ ᠪᠣᠯᠭᠠᠨ᠂ ᠡᠷᠬᠡ ᠳᠤ ᠬᠠᠯᠳᠠᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠵᠦ ᠴᠣᠬᠢᠯᠲᠠ ᠥᠭᠬᠦ ᠡᠷᠴᠢᠮ ᠢᠶᠠᠨ ᠬᠠᠤᠯᠢ ᠶᠣᠰᠣᠭᠠᠷ ᠴᠢᠩᠭᠠᠷᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠬᠠᠤᠯᠢ ᠴᠠᠭᠠᠵᠠ ᠶᠢᠨ ᠬᠠᠮᠠᠭᠠᠯᠠᠯᠲᠠ ᠶᠢ ᠵᠣᠯᠭᠠᠭᠤᠯᠬᠤ ᠶᠢ ᠠᠬᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ   ᠠᠴᠠ ᠵᠥᠷᠢᠴᠡᠭᠰᠡᠨ ᠶᠠᠯᠠᠲᠤ ᠬᠡᠷᠡᠭ ᠢ ᠴᠠᠭ ᠲᠤᠬᠠᠢ ᠳᠤᠨᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ︵ᠬᠠᠷᠢᠭᠤᠴᠠᠯᠭᠠᠲᠤ ᠨᠢᠭᠡᠴᠢ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠶᠠᠨ ᠤ ᠠᠷᠠᠳ ᠤᠨ ᠰᠢᠭᠦᠬᠦ ᠬᠤᠷᠢᠶ᠎ᠠ᠂ ᠰᠢᠶᠠᠨ ᠤ ᠪᠠᠶᠢᠴᠠᠭᠠᠬᠤ ᠬᠤᠷᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ︶    ︵ᠲᠠᠪᠤ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠥᠨᠳᠥᠷ ᠬᠢᠷᠢ ᠲᠦᠪᠰᠢᠨ ᠪᠦᠬᠦᠢ ᠦᠢᠯᠡᠴᠢᠯᠡᠭᠡ ᠬᠠᠩᠭᠠᠨ᠎ᠠ ᠤᠯᠠᠨ ᠨᠡᠶᠢᠲᠡ ᠶᠢᠨ ᠦᠢᠯᠡᠴᠢᠯᠡᠭᠡᠨ ᠤ ᠠᠭᠤᠯᠭ᠎ᠠ ᠶᠢ ᠤᠯᠠᠨ ᠶᠠᠩᠵᠤᠴᠢᠯᠠᠬᠤ᠂ ᠠᠷᠭ᠎ᠠ ᠵᠠᠮ ᠢ ᠤᠯᠠᠨ ᠡᠰᠢᠵᠢᠭᠦᠯᠬᠦ᠂ ᠦᠷ᠎ᠡ ᠪᠦᠲᠦᠮᠵᠢ ᠶᠢ ᠬᠠᠮᠤᠭ ᠤᠨ ᠶᠡᠭᠡ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠪᠠᠶᠢᠭᠤᠯᠵᠤ᠂ ᠨᠡᠶᠢᠭᠡᠮ ᠳᠤ ᠬᠠᠨᠳᠤᠭᠤᠯᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠪᠠᠷᠢᠮᠵᠢᠶᠠᠲᠤ ᠠᠵᠢᠯ ᠤᠨ ᠴᠤᠪᠤᠷᠠᠯ ᠪᠠ ᠬᠡᠷᠡᠭ ᠭᠦᠢᠴᠡᠳᠬᠡᠬᠦ ᠵᠦᠭᠯᠡᠭᠦᠷ ᠢ ᠢᠯᠡ ᠪᠣᠯᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢ ᠪᠠᠶᠢᠭᠤᠯᠤᠨ᠂ ᠭᠤᠣᠯᠳᠠᠯᠭ᠎ᠠ ᠲᠠᠢ ᠬᠦᠷᠢᠶᠡᠯᠡᠩ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠬᠡᠯᠬᠢᠶᠡᠰᠦ ᠶᠢ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠭᠤᠣᠯ ᠴᠣᠭᠴᠠ ᠳᠤ ᠲᠤᠰᠬᠠᠢ ᠠᠰᠢᠭ᠂ ᠲᠠᠸᠠᠷ ᠤᠨ ᠲᠡᠮᠳᠡᠭ᠂ ᠭᠠᠵᠠᠷ ᠵᠦᠢ ᠶᠢᠨ ᠲᠡᠮᠳᠡᠭ ᠤᠨ ᠮᠡᠳᠡᠭᠡ ᠵᠠᠩᠭᠢ ᠶᠢᠨ ᠡᠷᠢᠯᠲᠡ᠂ ᠯᠠᠪᠯᠠᠭ᠎ᠠ᠂ ᠵᠠᠳᠠᠯᠤᠯᠲᠠ ᠪᠠ ᠪᠣᠯᠪᠠᠰᠤᠷᠠᠭᠤᠯᠤᠯ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠠᠵᠢᠯ ᠤᠨ ᠥᠷᠲᠡᠭᠡ ᠶᠢ ᠠᠰᠢᠭᠯᠠᠨ᠂ ᠵᠠᠰᠠᠭ ᠤᠨ ᠣᠷᠳᠣᠨ ᠤ ᠪᠠᠶᠢᠭᠤᠯᠤᠮᠵᠢ᠂ ᠨᠡᠶᠢᠭᠡᠮ ᠤᠨ ᠣᠯᠠᠨ ᠨᠡᠶᠢᠲᠡ ᠪᠠ ᠰᠢᠨ᠎ᠡ ᠶᠢ ᠡᠭᠦᠳᠬᠦ ᠭᠤᠣᠯ ᠴᠣᠭᠴᠠ ᠳᠤ ᠲᠥᠬᠦᠮ ᠦᠵᠡᠭᠦᠯᠬᠦ ᠪᠠ ᠬᠦᠷᠴᠦ ᠪᠣᠯᠬᠤᠶᠢᠴᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠪᠠᠨ ᠬᠠᠮᠠᠭᠠᠯᠠᠵᠤ ᠲᠤᠰᠠᠯᠠᠬᠤ ᠲᠥᠪ ᠤᠨ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠲᠤᠰᠬᠠᠢ ᠠᠰᠢᠭ᠂ ᠲᠠᠸᠠᠷ ᠤᠨ ᠲᠡᠮᠳᠡᠭ᠂ ᠭᠠᠵᠠᠷ ᠵᠦᠢ ᠶᠢᠨ ᠲᠡᠮᠳᠡᠭ᠂ ᠬᠡᠪᠯᠡᠯ ᠤᠨ ᠡᠷᠬᠡ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠵᠢᠯᠣᠭᠤᠳᠤᠯᠭ᠎ᠠ ᠶᠢ ᠴᠢᠩᠭᠠᠳᠬᠠᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠳᠪᠦᠷᠢ ᠪᠠ ᠮᠡᠳᠡᠭᠡ ᠵᠠᠩᠭᠢ᠂ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠰᠢᠭᠦᠬᠦ ᠬᠤᠷᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠬᠥᠨᠳᠡᠯᠡᠨ ᠢᠶᠠᠷ ᠬᠤᠯᠪᠤᠭᠠᠯᠠᠨ ᠬᠠᠮᠲᠤᠪᠠᠷ ᠭᠥᠷᠳᠡᠬᠦ ᠶᠢ ᠴᠢᠩᠭᠠᠳᠬᠠᠵᠤ᠂ ᠵᠣᠬᠢᠴᠠᠩᠭᠤᠢ ᠪᠥᠭᠡᠳ ᠬᠦᠴᠦᠨ ᠲᠠᠢ᠂ ᠠᠵᠢᠯᠯᠠᠭᠠᠨ ᠨᠢ ᠥᠨᠳᠥᠷ ᠦᠷ᠎ᠡ ᠪᠦᠲᠦᠮᠵᠢᠲᠡᠶ ᠮᠡᠳᠡᠭᠡ ᠵᠠᠩᠭᠢ ᠶᠢ ᠬᠠᠷᠢᠯᠴᠠᠨ ᠬᠤᠯᠪᠣᠭᠠᠯᠠᠵᠤ ᠬᠠᠮᠲᠤᠪᠠᠷ ᠭᠥᠷᠳᠡᠬᠦ ᠠᠵᠢᠯ ᠤᠨ ᠪᠠᠶᠢᠷᠢᠰᠢᠯ ᠢ ᠪᠣᠶ ᠪᠣᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠶᠠᠨ ᠤ ᠠᠷᠠᠳ ᠤᠨ ᠰᠢᠭᠦᠬᠦ ᠬᠤᠷᠢᠶ᠎ᠠ᠂ ᠰᠢᠶᠠᠨ ᠤ ᠪᠠᠶᠢᠴᠠᠭᠠᠬᠤ ᠬᠤᠷᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠰᠣᠶᠣᠯ ᠵᠤᠭᠠᠴᠠᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ︶   ︵ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠤᠬᠠᠭᠤᠯᠤᠨ ᠲᠦᠭᠡᠮᠡᠯᠵᠢᠭᠦᠯᠬᠦ ᠪᠠ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠬᠦᠷᠢᠶᠡᠯᠡᠩ ᠭᠠᠵᠠᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠢ ᠬᠥᠮᠥᠵᠢᠭᠦᠯᠵᠦ᠂ ᠲᠤᠰᠬᠠᠢ ᠠᠰᠢᠭ ᠤᠨ ᠵᠠᠮᠴᠢᠯᠠᠬᠤ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠷᠠᠭᠤᠯᠤᠨ᠂ ᠲᠤᠰᠬᠠᠢ ᠠᠰᠢᠭ ᠤᠨ ᠵᠠᠮᠴᠢᠯᠠᠬᠤ ᠴᠢᠳᠠᠪᠤᠷᠢᠲᠠᠨ ᠤ ᠠᠵᠢᠯ ᠤᠨ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠲᠤᠰᠬᠠᠢ ᠠᠰᠢᠭ ᠤᠨ ᠵᠠᠮᠴᠢᠯᠠᠬᠤ ᠠᠵᠤ ᠦᠢᠯᠡᠰ ᠤᠨ ᠰᠢᠨ᠎ᠡ ᠶᠢ ᠭᠠᠵᠠᠷ ᠵᠦᠢ ᠶᠢᠨ ᠲᠡᠮᠳᠡᠭ ᠤᠨ ᠬᠡᠷᠡᠭᠯᠡᠯᠲᠡ᠂ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠬᠤ ᠵᠡᠷᠭᠡ ᠣᠨᠴᠠᠯᠢᠭᠲᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠵᠠᠷ ᠵᠦᠢ ᠶᠢᠨ ᠲᠡᠮᠳᠡᠭ᠂ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢ ᠶᠡᠷᠦᠩᠬᠡᠶᠢᠯᠡᠨ ᠬᠡᠷᠡᠭᠯᠡᠬᠦ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠨᠠᠷᠠᠲᠤ ᠲᠥᠷᠥᠯ ᠲᠡᠮᠳᠡᠭᠲᠦ ᠶᠢᠨ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ ︽ᠪᠥᠬᠦ ᠬᠡᠯᠬᠢᠶᠡᠨ ᠤ ᠦᠢᠯᠡᠴᠢᠯᠡᠭᠡ᠂ ᠦᠢᠯᠡᠴᠢᠯᠡᠭᠡᠨ ᠤ ᠪᠥᠬᠦ ᠬᠡᠯᠬᠢᠶᠡᠨ ᠤ ᠦᠢᠯᠡᠴᠢᠯᠡᠭᠡ︾ ᠪᠠᠷ ᠣᠨᠣᠯᠵᠢᠬᠤᠨ ᠪᠣᠯᠭᠠᠵᠤ᠂ ᠨᠢᠭᠡ ᠪᠦᠯᠦᠭ ᠨᠡᠶᠢᠭᠡᠮ ᠨᠡᠶᠢᠲᠡ ᠳᠤ ᠪᠦᠲᠦᠮᠵᠢᠲᠡᠶ ᠦᠢᠯᠡᠴᠢᠯᠡᠬᠦ ᠪᠠ ᠰᠢᠨ᠎ᠡ ᠶᠢ ᠡᠭᠦᠳᠬᠦ ᠭᠤᠣᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠣᠯᠠᠨ ᠲᠠᠰ ᠳᠠᠪᠬᠤᠷᠭ᠎ᠠ ᠶᠢᠨ᠂ ᠴᠢᠨᠠᠷ ᠰᠠᠶᠢᠲᠠᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢᠲᠠᠨ ᠢ ᠬᠥᠮᠥᠵᠢᠭᠦᠯᠦᠨ᠎ᠡ᠃ ᠳᠡᠯᠡᠬᠡᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠳᠦᠷ ᠂ ᠪᠦᠬᠦ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ᠂ ᠳᠤᠮᠳᠠᠳᠤ ᠤᠯᠤᠰ ᠤᠨ ᠲᠤᠰᠬᠠᠢ ᠠᠰᠢᠭ ᠤᠨ ᠭᠠᠷᠠᠭ᠂ ᠳᠤᠮᠳᠠᠳᠤ ᠤᠯᠤᠰ ᠤᠨ ᠨᠡᠷᠡᠲᠦ ᠲᠡᠮᠳᠡᠭ ᠤᠨ ᠡᠳᠦᠷ᠂ ᠰᠢᠨᠵᠢᠯᠡᠬᠦ ᠤᠬᠠᠭᠠᠨ ᠮᠡᠷᠭᠡᠵᠢᠯ ᠤᠨ ᠭᠠᠷᠠᠭ ᠵᠡᠷᠭᠡ ᠴᠢᠬᠤᠯᠠ ᠵᠠᠩᠭᠢᠯᠠᠭ᠎ᠠ ᠶᠢᠨ ᠡᠭᠦᠨ ᠤ ᠬᠠᠮᠲᠤ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠲᠦᠮᠡᠨ ᠭᠠᠵᠠᠷ ᠤᠨ ᠠᠶᠠᠯᠠᠯ︾ ︽ᠴᠡᠴᠡᠷᠯᠢᠭ ᠲᠤ ᠣᠷᠣᠵᠤ ᠠᠵᠤ ᠠᠬᠤᠶᠢᠯᠠᠯ ᠳᠤ ᠠᠰᠢᠭ ᠬᠦᠷᠲᠡᠭᠡᠬᠦ︾ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠠᠵᠢᠯᠯᠠᠭ᠎ᠠ ᠲᠠᠢ ᠤᠶᠠᠯᠳᠤᠭᠤᠯᠤᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠵᠥᠪᠯᠡᠯᠭᠡ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ᠂ ᠡᠷᠬᠡ ᠪᠠᠨ ᠬᠠᠮᠠᠭᠠᠯᠠᠬᠤ ᠬᠠᠷᠢᠭᠤᠯᠲᠠ ᠵᠡᠷᠭᠡ ᠥᠪᠡᠷ ᠤᠨ ᠥᠷᠲᠡᠭ ᠢᠶᠠᠷ ᠳᠣᠣᠷ᠎ᠠ᠂ ᠣᠨᠴᠠᠯᠢᠬᠵᠢᠭᠰᠠᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷᠳᠡᠯ ᠢ ᠣᠶᠢᠯᠠᠭᠠᠪᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠢ ᠪᠠᠶᠢᠭᠤᠯᠭ᠎ᠠ ᠳᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠲᠣᠣᠷ ᠰᠦᠯᠵᠢᠶ᠎ᠡ ᠳᠤ ᠣᠷᠣᠭᠤᠯᠬᠤ ᠵᠡᠷᠭᠡ ᠠᠵᠢᠯᠯᠠᠭ᠎ᠠ ᠶᠢ ᠡᠷᠭᠢᠯᠡᠵᠦ᠂ ᠲᠤᠰᠬᠠᠢ ᠠᠰᠢᠭ᠂ ᠲᠠᠸᠠᠷ ᠤᠨ ᠲᠡᠮᠳᠡᠭ᠂ ᠵᠣᠬᠢᠶᠠᠯ ᠪᠦᠲᠦᠭᠡᠯ ᠤᠨ ᠡᠷᠬᠡ᠂ ᠭᠠᠵᠠᠷ ᠵᠦᠢ ᠶᠢᠨ ᠲᠡᠮᠳᠡᠭ᠂ ᠤᠷᠭᠤᠮᠠᠯ ᠤᠨ ᠰᠢᠨ᠎ᠡ ᠲᠥᠷᠥᠯ ᠵᠦᠢᠯ᠂ ᠬᠤᠳᠠᠯᠳᠤᠭᠠᠨ ᠤ ᠨᠢᠭᠤᠴᠠ ᠶᠢᠨ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠦᠨ᠂ ᠪᠥᠬᠦ ᠨᠡᠶᠢᠭᠡᠮ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠮᠡᠳᠡᠯᠭᠡ ᠶᠢ ᠬᠦᠨᠳᠦᠳᠬᠡᠬᠦ᠂ ᠰᠢᠨ᠎ᠡ ᠶᠢ ᠡᠭᠦᠳᠬᠦ ᠶᠢ ᠡᠷᠬᠢᠮᠯᠡᠬᠦ᠂ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠤᠨ ᠶᠠᠷᠢᠶ᠎ᠠ ᠬᠡᠯᠡᠯᠴᠡᠭᠡᠨ ᠤ ︵ᠬᠠᠷᠢᠭᠤᠴᠠᠯᠭᠠᠲᠤ ᠨᠢᠭᠡᠴᠢ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠬᠠᠭᠤᠯᠬᠤ ᠬᠡᠯᠲᠡᠰ᠂ ᠰᠤᠷᠭᠠᠨ ᠬᠥᠮᠦᠵᠢᠯ ᠤᠨ ᠲᠣᠪᠴᠢᠶ᠎ᠠ᠂ ᠰᠢᠶᠠᠨ ᠤ ᠠᠷᠠᠳ ᠤᠨ ᠰᠢᠭᠦᠬᠦ ᠬᠤᠷᠢᠶ᠎ᠠ᠂ ᠰᠢᠶᠠᠨ ᠤ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ︶ ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ   ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠰᠢᠶᠠᠨ ᠤ ᠪᠠᠶᠢᠭᠤᠯᠤᠯᠲᠠ ᠶᠢᠨ ᠲᠤᠷᠰᠢᠯᠲᠠ ᠶᠢᠨ ᠰᠢᠶᠠᠨ ᠤ ᠠᠵᠢᠯ ᠢ ᠠᠬᠢᠭᠤᠯᠬᠤ ᠶᠢᠨ ᠲᠥᠯᠥᠭᠡ᠂ ᠰᠢᠶᠠᠨ ᠤ ᠵᠠᠰᠠᠭ ᠤᠨ ᠣᠷᠳᠣᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠤᠪᠢᠳᠠᠨ ᠬᠠᠮᠢᠶᠠᠷᠴᠤ ᠪᠠᠶᠢᠭ᠎ᠠ ᠰᠢᠶᠠᠨ ᠤ ᠳᠠᠷᠤᠭ᠎ᠠ ᠡᠭᠦᠷᠭᠡᠯᠡᠵᠦ᠂ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠡᠭᠦᠷᠭᠡᠯᠡᠵᠦ᠂ ᠪᠦᠷᠢᠯᠳᠦᠭᠦᠨ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠲᠠᠷᠢᠶᠠᠯᠠᠩ ᠤᠨ ᠰᠢᠨᠵᠢᠯᠡᠬᠦ ᠤᠬᠠᠭᠠᠨ᠂ ᠬᠥᠭᠵᠢᠭᠦᠯᠦᠯᠲᠡ ᠥᠭᠡᠷᠡᠴᠢᠯᠡᠯᠲᠡ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠡᠳ᠋ ᠤᠨ ᠵᠠᠰᠠᠭ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠢᠴᠢ ᠡᠯ᠎ᠡ ᠰᠢᠶᠠᠩ ᠪᠠᠯᠭᠠᠰᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠢᠶᠠᠷ ᠪᠦᠷᠢᠯᠳᠦᠭᠦᠯᠵᠦ᠂ ᠪᠥᠬᠦ ᠰᠢᠶᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠰᠢᠶᠠᠨ ᠤ ᠪᠠᠶᠢᠭᠤᠯᠤᠯᠲᠠ ᠶᠢᠨ ᠲᠤᠷᠰᠢᠯᠲᠠ ᠶᠢᠨ ᠰᠢᠶᠠᠨ ᠤ ᠠᠵᠢᠯ ᠢ ᠬᠠᠷᠢᠭᠤᠴᠠᠨ ᠤᠳᠤᠷᠢᠳᠴᠤ᠂ ᠪᠥᠬᠦ ᠰᠢᠶᠠᠨ ᠤ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠰᠢᠶᠠᠨ ᠤ ᠪᠠᠶᠢᠭᠤᠯᠤᠯᠲᠠ ᠶᠢᠨ ᠲᠤᠷᠰᠢᠯᠲᠠ ᠶᠢᠨ ᠰᠢᠶᠠᠨ ᠤ ᠠᠵᠢᠯ ᠤᠨ ᠳᠤᠮᠳᠠᠬᠢ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠰᠢᠶᠠᠨ ᠢ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ  ᠨᠢ ᠡᠭᠦᠳᠦᠨ ᠪᠠᠶᠢᠭᠤᠯᠬᠤ ᠲᠤᠷᠰᠢᠯᠲᠠ ᠶᠢᠨ ᠴᠢᠭ᠋ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠᠲᠤ ᠡᠭᠦᠷᠭᠡ ᠶᠢ ᠵᠠᠳᠠᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠢ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠵᠢᠴᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ ᠬᠠᠷᠠᠯᠲᠠ ᠪᠠᠨ ᠨᠠᠷᠢᠯᠢᠭᠵᠢᠭᠤᠯᠤᠨ᠂ ᠡᠭᠦᠷᠭᠡ ᠪᠠᠨ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠡᠷᠡᠭᠵᠢᠭᠦᠯᠬᠦ ᠨᠠᠷᠢᠨ ᠳᠦᠷᠢᠮ᠂ ᠬᠡᠷᠡᠭᠵᠢᠭᠦᠯᠬᠦ ᠲᠥᠯᠥᠪᠯᠡᠭᠡ ᠪᠠ ᠣᠨ ᠤ ᠠᠵᠢᠯ ᠤᠨ ᠬᠠᠷᠠᠯᠲᠠ ᠶᠢ ᠲᠣᠭᠲᠠᠭᠠᠬᠤ ᠬᠡᠷᠡᠭᠲᠡᠢ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠤᠨ ᠠᠬᠢᠭᠤᠯᠵᠤ ᠪᠠᠶᠢᠭ᠎ᠠ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠬᠡᠷᠡᠭᠲᠡᠢ᠃   ︵ᠬᠤᠶᠠᠷ︶ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ᠃ ᠡᠯ᠎ᠡ ᠨᠢᠭᠡᠴᠡ᠂ ᠰᠠᠯᠠᠭ᠎ᠠ ᠮᠥᠴᠢᠷ ᠤᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠬᠤ ᠰᠠᠷ᠎ᠠ᠂ ᠤᠬᠠᠭᠤᠯᠬᠤ ᠭᠠᠷᠠᠭ᠂ ᠤᠬᠠᠭᠤᠯᠬᠤ ᠡᠳᠦᠷ ᠵᠡᠷᠭᠡ ᠠᠵᠢᠯᠯᠠᠭ᠎ᠠ ᠶᠢ ᠠᠰᠢᠭᠯᠠᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠥᠷᠥ ᠶᠢᠨ ᠪᠣᠳᠣᠯᠭ᠎ᠠ ᠪᠠ ᠮᠡᠳᠡᠯᠭᠡ ᠶᠢᠨ ᠲᠤᠰᠬᠠᠢ ᠠᠰᠢᠭ ᠤᠨ ᠰᠣᠨᠢᠨ ᠤ ᠤᠬᠠᠭᠤᠯᠭ᠎ᠠ ᠬᠥᠮᠦᠵᠢᠯ ᠢ ᠲᠥᠪᠯᠡᠷᠡᠭᠦᠯᠦᠨ ᠬᠢᠬᠦ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠬᠡᠪᠡᠷ ᠬᠥᠬᠢᠭᠦᠯᠦᠨ ᠰᠠᠶᠢᠰᠢᠶᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠦᠢᠯᠡ ᠠᠵᠢᠯᠯᠠᠭ᠎ᠠ ᠶᠢ ᠥᠷᠭᠡᠨ ᠳᠡᠯᠭᠡᠷᠡᠩᠭᠦᠢ᠂ ᠭᠦᠨ ᠭᠦᠨᠵᠡᠭᠡᠢ ᠤᠬᠠᠭᠤᠯᠵᠤ᠂ ᠨᠡᠶᠢᠭᠡᠮ ᠳᠠᠶᠠᠭᠠᠷ ᠲᠤ ᠨᠡᠶᠢᠲᠡᠯᠢᠭ ᠵᠢᠱᠢᠶ᠎ᠡ ᠶᠢ ᠬᠦᠨᠳᠦᠳᠬᠡᠬᠦ᠂ ᠨᠡᠶᠢᠲᠡᠯᠢᠭ ᠵᠢᠱᠢᠶ᠎ᠡ ᠠᠴᠠ ᠰᠤᠷᠤᠯᠴᠠᠬᠤ᠂ ᠨᠡᠶᠢᠲᠡᠯᠢᠭ ᠵᠢᠱᠢᠶ᠎ᠡ ᠪᠣᠯᠬᠤ ᠪᠠᠷ ᠴᠢᠷᠮᠠᠶᠢᠬᠤ᠂ ᠠᠷᠠᠳ ᠤᠨ ᠤᠯᠠᠮᠵᠢᠯᠠᠯᠲᠤ ᠮᠡᠳᠡᠯᠭᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃   ︵ᠭᠤᠷᠪᠠ︶ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠰᠢᠶᠠᠨ ᠢ ᠪᠦᠲᠦᠭᠡᠨ ᠪᠠᠶᠢᠭᠤᠯᠬᠤ ᠲᠤᠷᠰᠢᠯᠲᠠ ᠶᠢᠨ ᠴᠢᠭ ᠤᠨ ᠰᠢᠶᠠᠨ ᠢ ᠡᠭᠦᠳᠦᠨ ᠪᠠᠶᠢᠭᠤᠯᠬᠤ ᠠᠵᠢᠯ ᠪᠣᠯ ᠨᠢᠭᠡ ᠵᠦᠢᠯ ᠤᠨ ᠣᠷᠳᠣ ᠬᠤᠭᠤᠴᠠᠭᠠᠨ ᠤ᠂ ᠪᠠᠶᠢᠩᠭᠤ ᠶᠢᠨ ᠴᠢᠨᠠᠷᠲᠠᠢ ᠠᠵᠢᠯ ᠮᠥᠨ ᠪᠣᠯᠬᠤᠷ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠵᠠᠷᠤᠳᠠᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠠᠵᠢᠯ ᠤᠨ ᠨᠥᠬᠦᠴᠡᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠤᠨ᠂ ᠡᠯ᠎ᠡ ᠵᠦᠢᠯ ᠤᠨ ᠠᠵᠢᠯ ᠤᠨ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃                                ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                            2023 ᠣᠨ ᠤ 8 ᠰᠠᠷ᠎ᠠ ᠶᠢᠨ 21 ᠤ ᠡᠳᠦᠷ
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号