ᠲᠦᠴᠢᠦᠸᠠᠨ ᠰᠢᠶᠠᠨ ᠤ ᠨᠣᠮ ᠤᠨ ᠰᠠᠩ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠭᠤᠤᠯ ᠰᠡᠳᠦᠪᠲᠦ ᠦᠵᠡᠭᠦᠯᠦᠯᠭᠡ ᠥᠷᠨᠢᠭᠦᠯᠪᠡ
ᠨᠡᠶᠢᠲᠡᠯᠡᠭᠰᠡᠨ ᠴᠠᠭ᠄
2023/8/23
   8 ᠰᠠᠷ᠎ᠠ ᠶᠢᠨ 20 ᠤ ᠡᠳᠦᠷ ᠠᠴᠠ 8 ᠰᠠᠷ᠎ᠠ ᠶᠢᠨ 31 ᠤ ᠡᠳᠦᠷ ᠪᠣᠯᠲᠠᠯ᠎ᠠ᠂ ᠤᠯᠤᠰ ᠤᠨ ᠠᠮᠤᠷ ᠲᠦᠪᠰᠢᠨ ᠤ ᠬᠥᠮᠦᠵᠢᠯ ᠢ ᠤᠬᠠᠭᠤᠯᠤᠨ ᠲᠦᠭᠡᠮᠡᠯᠵᠢᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠰᠢᠶᠠᠨ ᠤ ᠨᠣᠮ ᠤᠨ ᠰᠠᠩ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠭᠤᠤᠯ ᠰᠡᠳᠦᠪᠲᠦ ᠦᠵᠡᠭᠦᠯᠦᠯᠭᠡ ᠤᠨ ᠠᠵᠢᠯᠯᠠᠭ᠎ᠠ ᠡᠷᠭᠢᠯᠡᠵᠦ᠂ ᠵᠢᠷᠤᠭ ᠪᠢᠴᠢᠭ ᠢ ᠵᠡᠷᠭᠡ ᠪᠠᠷ ᠬᠡᠷᠡᠭᠯᠡᠬᠦ ᠬᠡᠯᠪᠡᠷᠢ ᠪᠠᠷ ᠤᠯᠤᠰ ᠤᠨ ᠠᠮᠤᠷ ᠲᠦᠪᠰᠢᠨ ᠤ ᠶᠡᠷᠦᠩᠬᠡᠶ ᠦᠵᠡᠯᠲᠡ ᠶᠢ ᠭᠦᠨᠵᠡᠭᠡᠶ ᠤᠬᠠᠭᠤᠯᠤᠨ ᠲᠤᠭᠤᠰᠢᠯᠠᠭᠤᠯᠵᠤ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠪᠠ᠃ ᠠᠭᠤᠯᠠᠨ᠎ᠠ ᠨᠢ ᠳᠥᠭᠦᠮ ᠣᠶᠢᠯᠠᠭᠠᠮᠵᠢᠲᠠᠶ᠂ ᠲᠣᠪ ᠲᠣᠳᠣᠷᠬᠠᠶ᠃ ᠠᠵᠢᠯᠯᠠᠭ᠎ᠠ ᠳᠤ ᠭᠤᠤᠯᠳᠠᠭᠤ ᠤᠯᠤᠰ ᠤᠨ ᠠᠮᠤᠷ ᠲᠦᠪᠰᠢᠨ ᠤ ᠲᠤᠬᠠᠶ ᠵᠢᠯᠣᠭᠤᠳᠬᠤ ᠦᠵᠡᠯ ᠰᠠᠨᠠᠭ᠎ᠠ᠂ ᠤᠯᠤᠰ ᠤᠨ ᠠᠮᠤᠷ ᠲᠦᠪᠰᠢᠨ ᠤ ᠡᠯ᠎ᠡ ᠲᠠᠯ᠎ᠠ ᠵᠢᠴᠢ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠣᠯ ᠪᠥᠬᠦ ᠨᠡᠶᠢᠭᠡᠮ ᠤᠨ ᠬᠠᠮᠲᠤ  ᠶᠢᠨ ᠡᠭᠦᠷᠭᠡ ᠮᠥᠨ ᠭᠡᠬᠦ ᠵᠡᠷᠭᠡ ᠣᠯᠠᠨ ᠲᠠᠯ᠎ᠠ ᠶᠢ ᠲᠠᠨᠢᠯᠴᠠᠭᠤᠯᠪᠠ᠃ ᠲᠣᠰ ᠤᠳᠠᠭᠠᠨ ᠤ ᠦᠵᠡᠭᠦᠯᠦᠯᠭᠡ ᠨᠢ ᠥᠷᠭᠡᠨ ᠣᠯᠠᠨ ᠲᠦᠮᠡᠨ ᠳᠤ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠬᠤ ᠶᠢ ᠭᠦᠶᠴᠡᠳ ᠲᠠᠨᠢᠭᠤᠯᠬᠤ ᠶᠢᠨ ᠬᠠᠮᠲᠤ᠂ ᠤᠬᠠᠭᠤᠯᠭ᠎ᠠ ᠶᠢᠨ ᠠᠵᠢᠯ ᠢ ᠢᠳᠡᠪᠬᠢᠲᠡᠶ ᠥᠷᠨᠢᠭᠦᠯᠬᠦ ᠨᠢ ᠤᠯᠤᠰ ᠤᠨ ᠠᠮᠤᠷ ᠲᠦᠪᠰᠢᠨ ᠢ ᠬᠠᠮᠠᠭᠠᠯᠠᠬᠤ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠭᠡᠳᠡᠭ ᠢ ᠮᠡᠳᠡᠷᠡᠭᠦᠯᠵᠦ᠂ ᠠᠵᠢᠯᠯᠠᠭ᠎ᠠ ᠨᠢ ᠰᠠᠶᠢᠨ ᠰᠠᠶᠢᠬᠠᠨ ᠨᠡᠶᠢᠭᠡᠮ ᠤᠨ ᠦᠷ᠎ᠡ ᠪᠦᠲᠦᠮᠵᠢ ᠣᠯᠤᠭᠰᠠᠨ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号