ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠲᠣᠪᠴᠢᠶ᠎ᠠ  ᠲᠠᠢ ᠬᠠᠮᠲᠤᠷᠠᠨ ᠪᠦᠬᠦ ᠰᠢᠶᠠᠨ ᠤ ᠰᠤᠷᠭᠠᠭᠤᠯᠢ ᠶᠢᠨ ᠬᠦᠷᠢᠶᠡᠨ ᠤ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠪᠣᠯᠪᠠᠰᠤᠷᠠᠯ ᠰᠣᠷᠢᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/29
   ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠰᠦᠷᠳᠡᠭᠦᠯᠦᠯ ᠢ ᠡᠰᠡᠷᠭᠦᠴᠡᠨ ᠬᠦᠴᠦᠷᠬᠡᠭᠯᠡᠯ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠪᠠᠭᠰᠢ ᠰᠤᠷᠤᠭᠴᠢᠳ ᠤᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠳᠤᠷᠠᠨ ᠪᠸᠢ ᠰᠢᠶᠠᠩ ᠪᠠᠭ᠎ᠠ ᠰᠤᠷᠭᠠᠭᠤᠯᠢ ᠳᠤ ᠪᠦᠬᠦ ᠰᠢᠶᠠᠨ ᠤ ᠰᠤᠷᠭᠠᠭᠤᠯᠢ ᠶᠢᠨ ᠬᠦᠷᠢᠶᠡᠨ ᠤ ᠰᠦᠷᠳᠡᠭᠦᠯᠦᠯ ᠢ ᠡᠰᠡᠷᠭᠦᠴᠡᠨ ᠬᠦᠴᠦᠷᠬᠡᠭᠯᠡᠯ ᠢ ᠰᠡᠷᠭᠡᠶᠢᠯᠡᠬᠦ ᠪᠤᠯᠪᠠᠰᠤᠷᠠᠯ ᠰᠣᠷᠢᠯᠲᠠ ᠶᠢᠨ ᠠᠵᠢᠯᠯᠠᠭ᠎ᠠ ᠥᠷᠨᠢᠭᠦᠯᠪᠡ ᠃ ᠪᠦᠬᠦ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠠᠮᠤᠷ ᠲᠦᠪᠰᠢᠨ ᠤ ᠳᠡᠳ᠋ ᠵᠠᠬᠢᠷᠤᠯ᠂ ᠠᠮᠤᠷ ᠢ ᠬᠠᠮᠠᠭᠠᠯᠠᠭᠴᠢ ᠨᠡᠶᠢᠲᠡ 130 ᠭᠠᠷᠤᠶ ᠬᠥᠮᠦᠨ ᠲᠤᠰ ᠤᠳᠠᠭᠠᠨ ᠤ ᠪᠣᠯᠪᠠᠰᠤᠷᠠᠯ ᠰᠣᠷᠢᠯᠲᠠ  ᠶᠢᠨ ᠠᠵᠢᠯᠯᠠᠭ᠎ᠠ ᠳᠤ ᠣᠷᠣᠯᠴᠠᠪᠠ᠃    ᠰᠣᠷᠢᠯᠲᠠ ᠳᠤ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠰᠦᠷᠳᠡᠭᠦᠯᠦᠯ ᠢ ᠡᠰᠡᠷᠭᠦᠴᠡᠬᠦ ᠶᠡᠭᠡ ᠠᠩᠭᠢ ᠶᠢᠨ 20 ᠭᠠᠷᠤᠶ ᠴᠠᠭᠳᠠᠭ᠎ᠠ ᠰᠣᠷᠢᠯᠲᠠ ᠳᠤ ᠣᠷᠣᠯᠴᠠᠭᠰᠠᠨ ᠪᠦᠬᠦ ᠬᠥᠮᠦᠰ ᠲᠤ ᠰᠣᠷᠢᠯᠲᠠ ᠬᠢᠵᠡᠶ︔ ᠪᠠᠮᠪᠠᠢ᠂ ᠴᠠᠭᠳᠠᠭᠠᠨ ᠰᠢᠳᠠᠮ᠂ ᠰᠦᠷᠴᠢᠭᠦᠷ ᠵᠡᠷᠭᠡ ᠬᠦᠴᠦᠷᠬᠡᠭᠯᠡᠯ ᠢ ᠰᠡᠷᠭᠡᠶᠢᠯᠡᠬᠦ ᠪᠠᠭᠠᠵᠢ ᠬᠡᠷᠡᠭᠰᠡᠯ ᠳᠤ ᠨᠢᠭᠡᠳ ᠨᠢᠭᠡ ᠪᠠᠷ ᠲᠠᠶᠢᠯᠤᠮᠵᠢ ᠬᠢᠵᠦ ᠵᠢᠱᠢᠶ᠎ᠡ ᠦᠵᠡᠭᠦᠯᠵᠡᠢ︔ ᠳᠤᠭᠤᠶᠢᠯᠠᠩ ᠬᠤᠪᠢᠶᠠᠨ ᠠᠮᠤᠷ ᠢ ᠬᠠᠮᠠᠭᠠᠯᠠᠭᠴᠢ ᠶᠢ ᠳᠠᠭᠠᠭᠤᠯᠤᠨ ᠪᠣᠳᠠᠲᠠᠶ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠪᠡ᠃    ᠠᠮᠤᠷ ᠲᠦᠪᠰᠢᠨ ᠪᠠᠶᠢᠬᠤ ᠳᠠᠭᠠᠨ ᠠᠶᠤᠯ ᠲᠦᠭᠰᠢᠭᠦᠷᠢ ᠶᠢ ᠪᠣᠳᠣᠯᠬᠢᠯᠠᠵᠤ᠂ ᠪᠠᠭ᠎ᠠ ᠳᠡᠭᠡᠷ᠎ᠡ ᠨᠢ ᠰᠡᠷᠭᠡᠶᠢᠯᠡᠬᠦ᠃ ᠲᠣᠰ ᠤᠳᠠᠭᠠᠨ ᠤ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠰᠣᠷᠢᠯᠲᠠ ᠶᠢᠨ ᠦᠶᠯᠡ ᠠᠵᠢᠯᠯᠠᠭ᠎ᠠ ᠨᠢ ᠡᠯᠪᠡᠭ ᠪᠠᠶᠠᠯᠢᠭ ᠪᠠᠶᠢᠵᠤ᠂ ᠦᠨᠡᠨ ᠪᠠᠶᠢᠳᠠᠯ ᠲᠠᠢ ᠣᠶᠢᠷᠠᠲᠤᠵᠤ᠂ ᠮᠠᠰᠢ ᠰᠠᠶᠢᠨ ᠦᠷ᠎ᠡ ᠪᠦᠲᠦᠮᠵᠢ ᠣᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠭᠴᠢ ᠪᠣᠯᠤᠨ ᠪᠠᠭᠰᠢ ᠠᠵᠢᠯᠲᠠᠨ ᠤ ᠰᠣᠨᠣᠷ ᠰᠡᠷᠡᠮᠵᠢ  ᠶᠢ ᠰᠢᠯᠭᠠᠵᠤ᠂ ᠪᠠᠭᠰᠢ ᠪᠣᠯᠤᠨ ᠬᠡᠦᠬᠡᠳ ᠤᠨ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠤᠬᠠᠮᠰᠠᠷ ᠪᠣᠯᠤᠨ ᠭᠡᠨᠡᠳᠲᠡ ᠶᠢᠨ ᠬᠡᠷᠡᠭ ᠲᠣᠬᠢᠶᠠᠯᠳᠤᠪᠠᠯ ᠠᠷᠭᠠᠴᠠᠬᠤ ᠴᠢᠳᠠᠪᠤᠷᠢ ᠶᠢ ᠨᠡᠮᠡᠭᠳᠡᠭᠦᠯᠵᠦ᠂ ᠰᠤᠷᠭᠠᠭᠤᠯᠢ  ᠶᠢᠨ ᠬᠦᠷᠢᠶᠡᠨ ᠤ ᠠᠮᠤᠷ ᠲᠦᠪᠰᠢᠨ ᠤ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠠᠵᠢᠯ ᠤᠨ ᠯᠠᠪᠳᠠᠭᠤᠨ ᠪᠠᠲᠤᠲᠠᠶ ᠥᠷᠨᠢᠬᠦ ᠶᠢ ᠪᠦᠲᠦᠮᠵᠢᠲᠡᠶ ᠠᠬᠢᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号