ᠰᠢᠨ᠎ᠡ ᠰᠤᠷᠤᠯᠭ᠎ᠠ ᠶᠢᠨ ᠬᠤᠭᠤᠴᠠᠭ᠎ᠠ ᠳ᠋ᠤ᠋‌‍ᠭ᠊ ‍ᠦ᠋ᠰᠡᠯ ᠵᠡᠭᠦᠳᠦ ᠪᠠᠨ ᠬᠦᠭᠡᠭᠡᠴᠡᠯᠳᠦᠵᠦ ᠬᠠᠮᠲᠤ ᠪᠠᠷ ᠢᠷᠡᠭᠡᠳᠦᠶ ᠵᠦᠭ ᠲᠡᠮᠡᠤᠯᠡᠨ᠎ᠡ
ᠨᠡᠶᠢᠲᠡᠯᠡᠭᠰᠡᠨ ᠴᠠᠭ᠄
2023/8/29
   ᠠᠯᠲᠠᠨ ᠨᠠᠮᠤᠷ ᠤᠨ ᠰᠤᠷᠤᠯᠭ᠎ᠠ ᠡᠬᠢᠯᠡᠬᠦ ᠤᠯᠠᠷᠢᠯ ᠬᠦᠷᠴᠦ ᠢᠷᠡᠨ᠂ ᠳᠠᠷᠪᠠᠭᠤᠯ ᠬᠡᠶᠢᠰᠬᠡᠨ ᠠᠶᠠᠯᠠᠯ ᠢᠶᠠᠨ ᠡᠬᠢᠯᠡᠭᠦᠯᠬᠦ ᠴᠠᠭ ᠪᠣᠯᠤᠯ᠎ᠠ︕ ᠵᠣᠨ ᠤ ᠠᠭᠠᠭᠢᠮ᠎ᠠ ᠬᠠᠯᠠᠭᠤᠨ ᠠᠷᠢᠯᠵᠦ᠂ ᠨᠠᠮᠤᠷ ᠤᠨ ᠰᠡᠷᠢᠭᠦᠨ ᠰᠠᠯᠬᠢᠨ ᠳᠤ᠂ 8 ᠰᠠᠷ᠎ᠠ ᠶᠢᠨ 28 ᠤ ᠡᠳᠦᠷ᠂ ᠲᠦᠴᠢᠦᠸᠠᠨ ᠰᠢᠶᠠᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠡᠳᠦᠷ ᠢᠶᠠᠨ ᠤᠭᠲᠤᠨ ᠠᠪᠴᠢᠷᠠᠵᠤ᠂ ᠡᠯ᠎ᠡ ᠰᠤᠷᠭᠠᠭᠤᠯᠢ ᠨᠢ ᠰᠤᠷᠭᠠᠭᠤᠯᠢ ᠳᠤ ᠣᠷᠣᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠰᠤᠷᠤᠭᠴᠢᠳ ᠢ ᠬᠠᠪᠰᠤᠷᠤᠨ ᠰᠢᠨ᠎ᠡ ᠰᠤᠷᠤᠯᠭ᠎ᠠ ᠠᠮᠢᠳᠤᠷᠠᠯ ᠳᠤ ᠨᠠᠩ ᠲᠦᠷᠭᠡᠨ ᠵᠣᠬᠢᠴᠠᠵᠤ᠂ ᠡᠷᠡᠭᠦᠯ ᠢᠶᠠᠷ ᠦᠰᠦᠨ ᠪᠣᠶᠢᠵᠢᠬᠤ ᠳᠤ ᠬᠦᠴᠦᠨ ᠨᠡᠮᠡᠷᠢᠯᠡᠪᠡ᠃    ᠤᠯᠤᠰ ᠤᠨ ᠲᠤᠭ ᠮᠠᠨᠳᠤᠭᠤᠯᠵᠤ᠂ ᠤᠯᠤᠰ ᠤᠨ ᠰᠦᠯᠳᠡ ᠳᠠᠭᠤᠤ ᠶᠢ ᠳᠠᠭᠤᠯᠠᠵᠤ᠂ ᠤᠯᠤᠰ ᠤᠨ ᠲᠤᠭ ᠤᠨ ᠳᠣᠣᠷ᠎ᠠ ᠲᠠᠩᠭᠠᠷᠢᠭᠯᠠᠨ᠎ᠠ︕ ᠰᠤᠷᠭᠠᠭᠤᠯᠢ ᠡᠬᠢᠯᠡᠭᠰᠡᠨ ᠠᠩᠬᠠᠨ ᠤ ᠡᠳᠦᠷ᠂ ᠲᠦᠴᠢᠦᠸᠠᠨ ᠰᠢᠶᠠᠨ ᠤ ᠭᠦᠩ ᠨᠦᠩ ᠪᠠᠭ᠎ᠠ ᠰᠤᠷᠭᠠᠭᠤᠯᠢ 2023 ᠣᠨ ᠤ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠶᠣᠰᠣᠯᠠᠯ ᠶᠠᠪᠤᠭᠤᠯᠵᠤ᠂ ᠪᠦᠬᠦ ᠪᠠᠭᠰᠢ ᠰᠤᠷᠤᠭᠴᠢᠳ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠬᠦᠰᠡᠯ ᠡᠷᠡᠮᠡᠯᠵᠡᠯ ᠢᠶᠠᠨ ᠡᠬᠢᠯᠡᠭᠦᠯᠪᠡ᠃    ᠲᠦᠴᠢᠦᠸᠠᠨ ᠰᠢᠶᠠᠨ ᠤ ᠭᠦᠩ ᠨᠦᠩ ᠪᠠᠭ᠎ᠠ ᠰᠤᠷᠭᠠᠭᠤᠯᠢ ᠶᠢᠨ ᠳᠥᠷᠪᠡᠳᠦᠭᠡᠷ ᠣᠨ ᠤ ᠲᠠᠪᠤᠳᠤᠭᠠᠷ ᠠᠩᠭᠢ  ᠶᠢᠨ ᠰᠤᠷᠤᠭᠴᠢ ᠵᠠᠩ ᠢ ᠺᠦᠨ᠄ ︽ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠯ᠎ᠡ᠂ ᠪᠢ ᠮᠠᠰᠢ ᠪᠠᠶᠠᠷᠯᠠᠵᠤ ᠪᠠᠶᠢᠨ᠎ᠠ᠂ ᠪᠢ ᠴᠢᠷᠮᠠᠶᠢᠨ ᠰᠤᠷᠤᠯᠴᠠᠵᠤ᠂ ᠰᠠᠶᠢᠨ ᠬᠢᠷᠢ ᠪᠦᠲᠦᠮᠵᠢ ᠣᠯᠵᠤ᠂ ᠥᠩᠭᠡᠷᠡᠭᠰᠡᠨ ᠤ ᠥᠪᠡᠷ ᠢ ᠪᠠᠨ ᠳᠠᠪᠠᠭ᠋ᠤ ᠪᠠᠷ ᠴᠢᠷᠮᠠᠶᠢᠨ᠎ᠠ᠃︾ ᠭᠡᠪᠡ᠃    ᠡᠭᠦᠨ ᠤ ᠬᠠᠮᠲᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ᠂ ᠭᠦᠩ ᠨᠦᠩ ᠪᠠᠭ᠎ᠠ ᠰᠤᠷᠭᠠᠭᠤᠯᠢ ᠨᠢᠭᠡ ᠪᠦᠯᠦᠭ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠰᠢᠨ᠎ᠡ ᠪᠠᠭᠰᠢ ᠶᠢ ᠤᠭᠲᠤᠨ ᠠᠪᠴᠢᠷᠠᠪᠠ᠃ ᠰᠢᠨ᠎ᠡ ᠪᠠᠭᠰᠢ ᠶᠢᠨ ᠠᠵᠢᠯ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠲᠡᠳᠡᠨ ᠢ ᠬᠠᠪᠰᠤᠷᠤᠨ ᠰᠤᠷᠭᠠᠭᠤᠯᠢ ᠶᠢᠨ ᠬᠦᠷᠢᠶᠡᠨ ᠤ ᠰᠣᠶᠣᠯ ᠢ ᠲᠦᠷᠭᠡᠨ ᠣᠶᠢᠯᠠᠭᠠᠭᠤᠯᠵᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠠᠵᠢᠯ ᠳᠤ ᠵᠣᠬᠢᠴᠠᠭᠤᠯᠬᠤ ᠶᠢᠨ ᠲᠥᠯᠥᠭᠡ᠂ ᠲᠦᠴᠢᠦᠸᠠᠨ ᠰᠢᠶᠠᠨ ᠤ ᠭᠦᠩ ᠨᠦᠩ ᠪᠠᠭ᠎ᠠ ᠰᠤᠷᠭᠠᠭᠤᠯᠢ ᠰᠢᠨ᠎ᠡ  ᠪᠠᠷ ᠠᠵᠢᠯ ᠳᠤ ᠣᠷᠣᠬᠤ ᠪᠠᠭᠰᠢ ᠶᠢᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠤᠨ ᠠᠩᠭᠢ ᠡᠬᠢᠯᠡᠬᠦ ᠶᠣᠰᠣᠯᠠᠯ ᠶᠠᠪᠤᠭᠤᠯᠪᠠ᠃    ︽ᠪᠢ ᠡᠨᠡ ᠵᠢᠯ ᠭᠦᠩ ᠨᠦᠩ ᠪᠠᠭ᠎ᠠ ᠰᠤᠷᠭᠠᠭᠤᠯᠢ ᠳᠤ ᠰᠢᠨ᠎ᠡ ᠪᠠᠷ ᠰᠢᠯᠵᠢᠨ ᠢᠷᠡᠭᠰᠡᠨ ᠵᠠᠯᠠᠭᠤ ᠪᠠᠭᠰᠢ ᠪᠣᠯᠤᠨ᠎ᠠ᠂ ᠬᠤᠶᠢᠰᠢᠳᠠ ᠶᠢᠨ ᠠᠵᠢᠯ ᠤᠨ ᠳᠤᠮᠳᠠ᠂ ᠪᠢ ᠦᠷᠭᠦᠯᠵᠢ ᠠᠬᠠᠮᠠᠳ ᠪᠠᠭᠰᠢ ᠠᠴᠠ ᠲᠤᠷᠰᠢᠯᠭ᠎ᠠ ᠣᠯᠵᠤ᠂ ᠰᠤᠷᠤᠭᠴᠢᠳ ᠲᠤ ᠨᠡᠩ ᠰᠠᠶᠢᠨ ᠰᠤᠷᠭᠠᠭᠤᠯᠢ ᠶᠢᠨ ᠬᠦᠷᠢᠶᠡᠨ ᠤ ᠦᠢᠯᠡᠴᠢᠯᠡᠭᠡ ᠬᠠᠩᠭᠠᠨ᠎ᠠ᠃︾ ᠭᠡᠵᠦ ᠲᠦᠴᠢᠦᠸᠠᠨ ᠰᠢᠶᠠᠨ ‍ᠤ‌‍ᠭᠦ᠋ᠩ ᠨᠦᠩ ᠪᠠᠭ᠎ᠠ ᠰᠤᠷᠭᠠᠭᠤᠯᠢ ᠶᠢᠨ ᠪᠠᠭᠰᠢ ᠢᠤᠢ ᠶᠤᠸᠠᠨ ᠬᠡᠯᠡᠪᠡ᠃    ᠲᠦᠴᠢᠦᠸᠠᠨ ᠰᠢᠶᠠᠨ ᠤ ᠨᠠᠨ ᠰᠢᠶᠠᠩ ᠪᠠᠭ᠎ᠠ ᠰᠤᠷᠭᠠᠭᠤᠯᠢ ᠶᠢᠨ ᠬᠤᠶᠠᠳᠤᠭᠠᠷ ᠤᠨ ᠤ ᠨᠢᠭᠡᠳᠦᠭᠡᠷ ᠠᠩᠭᠢ ᠳᠤ ᠂ ︽ᠬᠥᠮᠦᠨ ᠪᠦᠬᠦᠨ ᠴᠥᠮ ᠠᠨᠠᠷ ᠤᠨ ᠦᠷ᠎ᠡ᠂ ᠦᠨᠳᠦᠰᠦᠲᠡᠨ ᠪᠦᠬᠦᠨ ᠪᠦᠯᠬᠦᠮᠳᠡᠨ ᠨᠢᠭᠡ ᠬᠡᠷ ᠤᠨ ᠬᠥᠮᠦᠨ ᠮᠡᠲᠦ︾ ᠭᠡᠬᠦ ᠭᠤᠤᠯ ᠰᠡᠳᠦᠪᠲᠦ ᠠᠩᠭᠢ ᠶᠢᠨ ᠬᠤᠷᠠᠯ ᠢᠶᠠᠷ ᠳᠠᠮᠵᠢᠭᠤᠯᠤᠨ᠂ ︽ᠠᠨᠠᠷ ᠤᠨ ᠦᠷ᠎ᠡ ᠶᠢᠨ ᠵᠢᠵᠢᠭ ᠬᠢᠴᠢᠶᠡᠯ ᠤᠨ ᠲᠠᠩᠬᠢᠮ— ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠸᠢᠳᠢᠣ᠋ ᠵᠡᠷᠭᠡ ᠣᠯᠠᠨ ᠵᠦᠶᠯ ᠤᠨ ᠬᠡᠯᠪᠡᠷᠢ ᠶᠢ ᠰᠣᠨᠢᠷᠬᠠᠵᠤ᠂ ᠰᠤᠷᠤᠭᠴᠢᠳ ᠤᠨ ᠣᠨᠴᠠᠯᠢᠭ ᠲᠤ ᠴᠢᠭᠯᠡᠭᠦᠯᠦᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠠ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ᠂ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠪᠠ ᠦᠨᠳᠦᠰᠦᠲᠡᠨ ᠤ ᠪᠦᠯᠬᠦᠮᠳᠡᠯ ᠤᠨ ᠦᠨᠳᠦᠰᠦᠨ ᠮᠡᠳᠡᠯᠭᠡ ᠶᠢᠨ ᠤᠬᠠᠭᠤᠯᠭ᠎ᠠ ᠬᠥᠮᠦᠵᠢᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠡᠷᠢᠭᠦᠨ ᠤ ᠨᠡᠶᠢᠲᠡᠯᠢᠭ ᠦᠶᠯᠡ ᠠᠵᠢᠯᠯᠠᠭ᠎ᠠ ᠶᠢᠨ ᠤᠬᠠᠭᠤᠯᠭ᠎ᠠ ᠬᠥᠮᠦᠵᠢᠯ ᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠪᠡ᠃    ᠲᠦᠴᠢᠦᠸᠠᠨ ᠰᠢᠶᠠᠨ ᠤ ᠨᠠᠨ ᠰᠢᠶᠠᠩ ᠪᠠᠭ᠎ᠠ ᠰᠤᠷᠭᠠᠭᠤᠯᠢ ᠶᠢᠨ ᠬᠤᠶᠠᠳᠤᠭᠠᠷ ᠤᠨ ᠤ ᠨᠢᠭᠡᠳᠦᠭᠡᠷ ᠠᠩᠭᠢ ᠶᠢᠨ ᠰᠣᠷᠣᠭᠴᠢ ᠸᠠᠩ ᠽᠢ ᠢ᠄ ︽ᠥᠨᠥᠳᠦᠷ ᠪᠣᠯ ᠰᠤᠷᠭᠠᠭᠤᠯᠢ ᠡᠬᠢᠯᠡᠭᠰᠡᠨ ᠠᠩᠬᠠᠨ ᠤ ᠡᠳᠦᠷ ᠮᠥᠨ᠂ ᠮᠠᠨ ᠤ ᠠᠩᠭᠢ ᠦᠨᠳᠦᠰᠦᠲᠡᠨ ᠤ ᠪᠦᠯᠬᠦᠮᠳᠡᠯ ᠤᠨ ᠭᠤᠤᠯ ᠰᠡᠳᠦᠪᠲᠦ ᠠᠩᠭᠢ ᠶᠢᠨ ᠬᠤᠷᠠᠯ ᠢ ᠥᠷᠨᠢᠭᠦᠯᠪᠡ᠂ ᠰᠢᠨ᠎ᠡ ᠰᠤᠷᠤᠯᠭ᠎ᠠ  ᠶᠢᠨ ᠬᠤᠭᠤᠴᠠᠭᠠᠨ ᠳᠤ ᠪᠢ ᠦᠨᠳᠦᠰᠦᠲᠡᠨ ᠤ ᠪᠦᠯᠬᠦᠮᠳᠡᠯ ᠢ ᠨᠢᠳᠦ ᠪᠠᠨ ᠰᠢᠭ ᠬᠠᠶᠢᠷᠠᠯᠠᠵᠤ᠂ ᠴᠢᠷᠮᠠᠶᠢᠨ ᠰᠤᠷᠤᠯᠴᠠᠵᠤ᠂ ᠨᠢᠭᠡᠨ ᠰᠢᠯᠢᠳᠡᠭ ᠠᠨᠠᠷ ᠤᠨ ᠦᠷ᠎ᠡ ᠪᠣᠯᠬᠤ ᠪᠠᠷ ᠴᠢᠷᠮᠠᠶᠢᠨ᠎ᠠ᠃︾ ᠭᠡᠪᠡ᠃    ᠲᠣᠰ ᠤᠳᠠᠭᠠᠨ ᠤ ︽ᠰᠤᠷᠭᠠᠭᠤᠯᠢ ᠡᠬᠢᠯᠡᠬᠦ ᠨᠢᠭᠡᠳᠦᠭᠡᠷ ᠬᠢᠴᠢᠶᠡᠯ︾ ᠤᠨ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠳᠤ ᠪᠥᠬᠦ ᠪᠠᠭᠰᠢ ᠰᠤᠷᠤᠭᠴᠢᠳ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ ᠂ ᠦᠨᠳᠦᠰᠦᠲᠡᠨ ᠤ ᠦᠵᠡᠯᠲᠡ ᠪᠠ ᠰᠣᠶᠣᠯ ᠤᠨ ᠦᠵᠡᠯᠲᠡ ᠪᠠᠨ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ  ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠦᠶᠯᠡᠳᠦᠯᠭᠡᠵᠢᠭᠦᠯᠬᠦ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠵᠠᠶ᠃    ︽ᠥᠨᠥᠳᠦᠷ ᠪᠣᠯ ᠰᠤᠷᠭᠠᠭᠤᠯᠢ ᠡᠬᠢᠯᠡᠭᠰᠡᠨ ᠠᠩᠬᠠᠨ ᠤ ᠡᠳᠦᠷ ᠮᠥᠨ᠂ ᠮᠠᠨ ᠤ ᠠᠩᠭᠢ ᠬᠥᠮᠦᠨ ᠪᠦᠬᠦᠨ ᠴᠥᠮ ᠠᠨᠠᠷ ᠤᠨ ᠦᠷ᠎ᠡ ᠮᠥᠨ᠂ ᠦᠨᠳᠦᠰᠦᠲᠡᠨ ᠪᠦᠬᠦᠨ ᠪᠦᠯᠬᠦᠮᠳᠡᠨ ᠨᠢᠭᠡ ᠬᠡᠷ ᠤᠨ ᠬᠥᠮᠦᠨ ᠮᠡᠲᠦ ᠳᠣᠲᠣᠨᠣ ᠪᠠᠶᠢᠬᠤ ᠪᠠᠷ ᠭᠤᠤᠯ ᠰᠡᠳᠦᠪ ᠪᠣᠯᠭᠠᠨ ᠠᠩᠭᠢ ᠶᠢᠨ ᠬᠤᠷᠠᠯ ᠤᠨ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠰᠤᠷᠤᠭᠴᠢᠳ  ᠤᠨ ᠤᠯᠤᠰ ᠢᠶᠠᠨ ᠬᠠᠶᠢᠷᠠᠯᠠᠬᠤ ᠦᠵᠡᠯ ᠰᠠᠨᠠᠭᠠᠨ ᠤ ᠬᠥᠮᠦᠵᠢᠯ ᠢ ᠭᠦᠨᠵᠡᠭᠡᠶᠢᠷᠡᠭᠦᠯᠵᠡᠶ᠃ ᠰᠤᠷᠤᠭᠴᠢᠳ ᠢ ᠬᠠᠷᠠᠬᠠᠨ ᠪᠠᠭ᠎ᠠ ᠠᠴᠠ ᠪᠠᠨ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠪᠣᠯᠭᠠᠨ ᠬᠥᠮᠦᠵᠢᠭᠦᠯᠵᠦ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠳᠤᠮᠳᠠᠳᠤ  ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠦᠨ᠎ᠡ᠃︾ ᠭᠡᠵᠦ ᠲᠦᠴᠢᠦᠸᠠᠨ ᠰᠢᠶᠠᠨ ᠤ ᠨᠠᠨ ᠰᠢᠶᠠᠩ ᠪᠠᠭ᠎ᠠ ᠰᠤᠷᠭᠠᠭᠤᠯᠢ ᠶᠢᠨ ᠬᠤᠶᠠᠳᠤᠭᠠᠷ ᠣᠨ ᠤ ᠨᠢᠭᠡᠳᠦᠭᠡᠷ ᠠᠩᠭᠢ  ᠶᠢᠨ ᠡᠷᠬᠢᠯᠡᠭᠴᠢ ᠸᠠᠩ ᠰᠢᠨ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号