ᠵᠠᠰᠠᠭ ᠠᠯᠪᠠᠨ ᠲᠠᠷᠬᠠᠭᠠᠭᠰᠠᠨ 〔2023〕 66 ᠳ᠋ᠤᠭᠠᠷ ᠲᠣᠭᠠᠲᠤ | ᠲᠦᠴᠢᠦᠸᠠᠨ ᠰᠢᠶᠠᠨ ᠤ ᠠᠷᠠᠳ ᠤᠨ ᠵᠠᠰᠠᠭ ᠤᠨᠤᠷᠳᠦᠨ ᠤ ᠠᠯᠪᠠᠨ ᠭᠡᠷ ᠤᠨ ︽ᠲᠦᠴᠢᠦᠸᠠᠨ ᠰᠢᠶᠠᠨ ᠤ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵2023 ︱ | 2025 ᠣᠨ︶︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ | ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ | ︽ᠲᠦᠴᠢᠦᠸᠠᠨ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠷᠪᠠᠨ ᠵᠢᠯ ᠤᠨ | ᠠᠵᠢᠯᠯᠠᠭ᠎ᠠ ᠶᠢᠨ ᠲᠥᠰᠥᠯ ︵2023 ︱ 2025 ᠣᠨ︶︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠢ ᠰᠠᠶᠢᠲᠤᠷ | ᠠᠳᠬᠤᠬᠤ ᠶᠢ ᠬᠦᠰᠡᠵᠦ ᠪᠠᠶᠢᠨ᠎ᠠ᠃ | 2023 ᠣᠨ ᠤ 8 ᠰᠠᠷ᠎ᠠ ᠶᠢᠨ 2 ᠤ ᠡᠳᠦᠷ | | | | | | | ᠲᠦᠴᠢᠦᠸᠠᠨ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ | ᠲᠥᠰᠥᠯ ︵2023 ︱ 2025 ᠣᠨ︶ | ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠤᠰ ᠤᠨ ᠤᠮᠠᠷᠠᠰᠢ ᠨᠡᠭᠡᠭᠡᠯᠲᠡ | ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠲᠦᠷᠭᠡᠪᠴᠢᠯᠡᠨ ᠪᠠᠶᠢᠭᠤᠯᠵᠤ᠂ ᠥᠨᠳᠥᠷ ᠬᠢᠷᠢ ᠲᠦᠪᠰᠢᠨ ᠪᠦᠬᠦᠢ | ᠨᠡᠭᠡᠭᠡᠯᠲᠡ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠪᠠᠷ ᠪᠦᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ | ᠤᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠥᠷᠨᠢᠭᠦᠯᠵᠦ᠂ ᠨᠡᠭᠡᠭᠡᠯᠲᠡᠲᠤ ᠬᠡᠯᠪᠡᠷᠢ ᠶᠢᠨ ᠠᠵᠤ | ᠠᠬᠤᠢ ᠶᠢ ᠬᠥᠭᠵᠢᠭᠦᠯᠬᠦ ᠲᠤᠬᠠᠢ ᠲᠤᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ | ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠤᠨ ᠬᠤᠶᠠᠷ ᠵᠦᠢᠯ ᠤᠨ ᠡᠬᠢ ᠪᠠᠶᠠᠯᠢᠭ ᠢ ᠭᠦᠢᠴᠡᠳ ᠰᠠᠶᠢᠲᠤᠷ | ᠠᠰᠢᠭᠯᠠᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠪᠣᠳᠠᠲᠤ | ᠴᠣᠭᠴᠠ ᠶᠢᠨ ᠠᠵᠤ ᠠᠬᠤᠢ ᠶᠢ ᠬᠦᠴᠦᠯᠡᠨ ᠪᠤᠵᠠᠭᠠᠶᠢᠷᠠᠭᠤᠯᠵᠤ᠂ ᠳᠠᠪᠠᠭᠤᠯᠢᠭ ᠠᠵᠤ ᠦᠢᠯᠡᠰ ᠤᠨ ᠰᠦᠷᠦᠭᠵᠢᠯ ᠢ | ᠪᠣᠶ ᠪᠣᠯᠭᠠᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠬᠢᠴᠠ ᠶᠢ ᠠᠬᠢᠭᠤᠯᠤᠨ᠂ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠵᠢᠴᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ | ᠬᠥᠭᠵᠢᠯᠲᠡ ᠶᠢ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠤᠨ᠎ᠠ᠃ | ᠬᠠᠮᠲᠤᠷᠠᠯᠴᠠᠭᠠᠨ ᠤ ᠬᠦᠴᠦᠨ ᠢ ᠬᠤᠷᠠᠮᠳᠤᠭᠤᠯᠵᠤ᠂ ᠰᠢᠨ᠎ᠡ ᠶᠢ ᠡᠭᠦᠳᠬᠦ ᠬᠦᠴᠦᠨ ᠢ ᠨᠢᠭᠲᠠᠷᠠᠭᠤᠯᠵᠤ᠂ ᠨᠡᠭᠡᠭᠡᠯᠲᠡ | ᠬᠢᠬᠦ ᠶᠢ ᠶᠡᠬᠡᠪᠡᠷ ᠠᠳᠬᠤᠵᠤ᠂ ᠠᠷᠠᠯᠵᠢᠶᠠᠴᠢᠨ ᠤᠷᠢᠬᠤ ᠶᠢ ᠶᠡᠬᠡᠪᠡᠷ ᠠᠳᠬᠤᠵᠤ᠂ ᠪᠦᠬᠦ ᠰᠢᠶᠠᠨ ᠢᠶᠠᠷ ᠢᠶᠠᠨ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠠᠳᠬᠤᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ | ᠪᠣᠯᠭᠠᠵᠤ᠂ ︽ᠶᠡᠬᠡᠪᠡᠷ ᠠᠷᠠᠯᠵᠢᠶᠠᠴᠢᠨ ᠤᠷᠢᠬᠤ︾ ᠪᠠᠷ ᠪᠦᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠬᠤᠶᠠᠷ᠂ ᠭᠤᠣᠯ ᠬᠠᠷᠠᠯᠲᠠ | ᠭᠤᠷᠪᠠᠨ ᠵᠢᠯ ᠤᠨ ᠴᠢᠷᠮᠠᠶᠢᠯᠭ᠎ᠠ ᠪᠠᠷ ᠳᠠᠮᠵᠢᠭᠠᠳ᠂ ᠪᠦᠬᠦ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠠᠵᠢᠯ ᠰᠢᠨ᠎ᠡ ᠳᠡᠭᠲᠡᠷ ᠲᠤ ᠭᠠᠷᠴᠤ᠂ ᠭᠤᠣᠯ ᠭᠦᠢᠴᠡᠳᠬᠡᠯ ᠲᠤᠭ᠎ᠠ ᠰᠢᠨ᠎ᠡ ᠰᠢᠪᠲᠤᠯᠤᠯᠲᠠ ᠲᠠᠢ ᠪᠣᠯᠵᠤ᠂ ︽ | ᠭᠤᠷᠪᠠᠨ ᠰᠢᠨ᠎ᠡ ᠦᠰᠦᠷᠦᠯᠲᠡ︾ ᠶᠢᠨ ᠬᠥᠭᠵᠢᠯᠲᠡ ᠶᠢᠨ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠪᠡ᠃ | ︱ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠡᠪᠴᠢᠶ᠎ᠡ ᠶᠠᠰᠤ ᠴᠢᠨᠠᠷ ᠤᠨ ᠲᠠᠯ᠎ᠠ ᠪᠠᠷ ᠰᠢᠨ᠎ᠡ | ᠳᠡᠭᠡᠭᠰᠢᠯᠡᠯᠲᠡ ᠲᠠᠢ ᠪᠣᠯᠪᠠ᠃ 2025 ᠣᠨ ᠪᠣᠯᠬᠤ ᠳᠤ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ ᠬᠦᠭ | ᠠᠶᠠᠰ ᠢ ᠴᠢᠩᠭ᠎ᠠ ᠡᠵᠡᠮᠳᠡᠵᠦ᠂ ᠮᠠᠨ ᠤ ᠰᠢᠶᠠᠨ ᠤ ᠡᠨᠧᠷᠭᠢ ᠶᠢᠨ ᠡᠬᠢ ᠪᠠᠶᠠᠯᠢᠭ᠂ ᠲᠤᠨᠤᠭ ᠲᠥᠬᠦᠭᠡᠷᠦᠮᠵᠢ | ᠦᠢᠯᠡᠳᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠵᠢᠴᠢ ᠨᠠᠷᠢᠯᠢᠭ | ᠡᠳ᠋ᠰᠢᠭᠦᠯᠦᠯᠲᠡ᠂ ᠰᠣᠶᠣᠯ ᠵᠤᠭᠠᠴᠠᠯ᠂ ᠠᠷᠠᠯᠵᠢᠶ᠎ᠠ ᠬᠤᠳᠠᠯᠳᠤᠭ᠎ᠠ᠂ ᠬᠤᠳᠠ ᠶᠢᠨ ᠪᠦᠲᠦᠭᠡᠨ ᠪᠠᠶᠢᠭᠤᠯᠤᠯᠲᠠ ᠵᠡᠷᠭᠡ | ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ | ᠦᠭᠡᠢ ᠪᠠᠷ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠲᠠᠯ᠎ᠠ ᠪᠠᠷ | ᠦᠷᠭᠦᠯᠵᠢᠯᠡᠨ ᠰᠢᠪᠲᠤᠯᠤᠯᠲᠠ ᠭᠠᠷᠭᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ︔ ᠳᠤᠮᠳᠠᠳᠤ | ᠤᠯᠤᠰ ᠤᠨ 500 ᠬᠦᠴᠦᠷᠬᠡᠭ ᠠᠵᠤ ᠠᠬᠤᠶᠢᠯᠠᠯ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠥᠪ ᠤᠨ | ᠠᠵᠤ ᠠᠬᠤᠶᠢᠯᠠᠯ᠂ ᠠᠵᠢᠯ ᠲᠥᠷᠥᠯ ᠤᠨ ᠲᠡᠷᠢᠭᠦᠨ ᠤ ᠠᠵᠤ ᠠᠬᠤᠶᠢᠯᠠᠯ ᠵᠡᠷᠭᠡ ᠰᠢᠯᠢᠳᠡᠭ ᠬᠦᠴᠦᠷᠬᠡᠭ ᠠᠵᠤ | ᠠᠬᠤᠶᠢᠯᠠᠯ ᠲᠠᠢ ᠵᠣᠯᠭᠠᠭᠤᠯᠬᠤ ᠶᠢ ᠴᠢᠬᠤᠯᠠᠴᠢᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ | ᠱᠠᠭᠠᠷᠳᠠᠯᠭ᠎ᠠ ᠶᠢᠨ ᠲᠣᠭᠤᠷᠢᠨ ᠳᠤ ᠪᠣᠳᠠᠲᠤ ᠬᠦᠴᠦᠨ ᠲᠠᠢ ᠠᠵᠤ ᠠᠬᠤᠶᠢᠯᠠᠯ ᠢ ᠲᠦᠴᠢᠦᠸᠠᠨ ᠰᠢᠶᠠᠨ ᠳᠤ | ᠣᠷᠣᠭᠤᠯᠤᠨ ᠪᠡᠯᠡ ᠣᠷᠣᠭᠤᠯᠤᠨ ᠦᠢᠯᠡᠰ ᠬᠥᠭᠵᠢᠭᠦᠯᠵᠦ᠂ ᠴᠢᠨᠠᠷ ᠰᠠᠶᠢᠲᠠᠢ ᠬᠤᠳᠠᠯᠳᠤᠭᠠᠴᠢᠨ ᠤᠷᠢᠬᠤ | ᠬᠠᠷᠠᠯᠲᠠ ᠶᠢ ᠪᠡᠶᠡᠯᠡᠭᠦᠯᠦᠨ᠂ 2025 ᠣᠨ ᠪᠣᠯᠬᠤ ᠳᠤ 120 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ | ᠣᠷᠣᠭᠤᠯᠤᠨ ᠠᠪᠴᠢᠷᠠᠵᠤ᠂ ᠵᠢᠯ ᠪᠦᠷᠢ ᠳᠤᠮᠳᠠᠴᠢ ᠪᠠᠷ 15% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ | ︱ ᠨᠡᠭᠡᠭᠡᠯᠲᠡᠲᠤ ᠬᠠᠮᠲᠤᠷᠠᠯᠴᠠᠭᠠᠨ ᠤ ᠲᠠᠪᠴᠠᠩ ᠤᠨ ᠴᠢᠳᠠᠪᠤᠷᠢ ᠶᠢᠨ ᠳᠡᠰ ᠰᠢᠨ᠎ᠡ ᠳᠡᠭᠡᠭᠰᠢᠯᠡᠯᠲᠡ ᠲᠠᠢ ᠪᠣᠯᠪᠠ᠃ | ᠡᠯ᠎ᠡ ᠲᠥᠷᠥᠯ ᠤᠨ ᠬᠦᠷᠢᠶᠡᠯᠡᠩ ᠲᠣᠭᠤᠷᠢᠭ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠰᠢᠨ᠎ᠡ ᠶᠢ ᠡᠭᠦᠳᠦᠨ | ᠨᠡᠭᠡᠭᠡᠨ ᠬᠥᠭᠵᠢᠭᠦᠯᠬᠦ᠂ ᠪᠦᠲᠦᠭᠡᠨ ᠪᠠᠶᠢᠭᠤᠯᠬᠤ ᠪᠠ ᠬᠠᠮᠢᠶᠠᠷᠬᠤ ᠪᠠᠷ ᠳᠡᠮᠵᠢᠨ᠂ ︽ᠭᠠᠷᠤᠳᠢ ᠶᠢ ᠲᠠᠲᠠᠵᠤ | ᠨᠤᠲᠤᠭᠰᠢᠭᠤᠯᠬᠤ︾ ᠭᠤᠣᠯ ᠵᠢᠭᠰᠠᠭᠠᠯ ᠤᠨ ᠭᠠᠵᠠᠷ ᠢ ᠪᠠᠶᠢᠭᠤᠯᠵᠤ᠂ ᠬᠢᠩᠭᠠᠨ ᠠᠶᠢᠮᠠᠭ ᠤᠨ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ ᠤᠨ ᠲᠦᠴᠢᠦᠸᠠᠨ ᠠᠵᠤ ᠦᠢᠯᠡᠰ ᠤᠨ | ᠬᠦᠷᠢᠶᠡᠯᠡᠩ᠂ ᠱᠤ᠋ ᠭᠤᠸᠠᠩ ᠣᠲᠣ ᠦᠶ᠎ᠡ ᠶᠢᠨ ᠲᠠᠷᠢᠶᠠᠯᠠᠩ ᠤᠨ ᠣᠷᠴᠢᠯ ᠠᠵᠤ ᠠᠬᠤᠢ ᠶᠢᠨ ᠬᠦᠷᠢᠶᠡᠯᠡᠩ ᠢ | ᠠᠬᠢᠭᠤᠯᠤᠨ ᠠᠬᠢᠭᠤᠯᠵᠤ᠂ ᠰᠠᠶᠢᠶᠢᠨ ᠬᠤᠸᠠ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ ᠤᠨ ᠲᠥᠷᠥᠯ ᠵᠦᠢᠯ ᠤᠨ ᠠᠴᠢᠶᠠᠯᠠᠬᠤ ᠭᠠᠵᠠᠷ ᠤᠨ ᠦᠢᠯᠡᠳᠦᠯ ᠢ ᠨᠠᠩ ᠢᠯᠡᠷᠬᠡᠢ ᠪᠣᠯᠭᠠᠨ᠎ᠠ᠃ 2025 | ᠣᠨ ᠪᠣᠯᠬᠤ ᠳᠤ᠂ ᠠᠵᠤ ᠠᠬᠤᠶᠢᠯᠠᠯ ᠤᠨ ᠲᠤᠰᠠᠭᠠᠷ ᠪᠡᠯᠡ ᠣᠷᠣᠭᠤᠯᠬᠤ᠂ ᠠᠮᠢᠳᠤᠯᠢᠭ ᠪᠥᠭᠡᠳ ᠳᠠᠬᠢᠨ ᠵᠣᠬᠢᠶᠠᠨ | ᠪᠠᠶᠢᠭᠤᠯᠬᠤ᠂ ᠰᠲ᠋ᠣᠺ ᠤᠨ ᠡᠷᠬᠡ ᠶᠢᠨ ᠬᠠᠮᠲᠤᠷᠠᠯᠴᠠᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥᠯ | ᠵᠦᠢᠯ ᠤᠨ ᠠᠴᠢᠶᠠᠯᠠᠬᠤ ᠭᠠᠵᠠᠷ ᠤᠨ ᠦᠢᠯᠡᠳᠦᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠦᠷᠢᠶᠡᠯᠡᠩ | ᠲᠣᠭᠤᠷᠢᠭ ᠤᠨ ᠬᠤᠳᠠᠯᠳᠤᠭᠠᠴᠢᠨ ᠤᠷᠢᠬᠤ ᠳᠤ ᠰᠢᠨ᠎ᠡ ᠪᠠᠶᠢᠳᠠᠯ ᠢᠯᠡᠷᠡᠨ᠎ᠡ᠃ | ︱ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠲᠦᠯᠬᠢᠨ ᠠᠬᠢᠭᠤᠯᠵᠤ ᠰᠢᠨ᠎ᠡ | ᠦᠰᠦᠷᠦᠯᠲᠡ ᠶᠢ ᠪᠡᠶᠡᠯᠡᠭᠦᠯᠦᠨ᠎ᠡ᠃ ︽ᠲᠥᠷᠥᠯ ᠵᠦᠢᠯ ᠢᠶᠠᠷ ᠭᠤᠣᠯᠯᠠᠭᠤᠯᠵᠤ᠂ ᠣᠷᠴᠢᠨ ᠲᠣᠭᠤᠷᠢᠨ ᠪᠣᠯ ᠠᠯᠲᠠ︾ | ᠭᠡᠬᠦ ᠣᠨᠣᠯᠵᠢᠬᠤᠨ ᠢ ᠰᠠᠨᠠᠭᠠᠴᠢᠯᠠᠨ᠂ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ ᠵᠠᠬ᠎ᠠ ᠳᠡᠯᠭᠡᠭᠦᠷ ᠤᠨ | ᠣᠷᠴᠢᠨ ᠲᠣᠭᠤᠷᠢᠨ᠂ ᠬᠠᠤᠯᠢ ᠪᠠᠷ ᠵᠠᠰᠠᠬᠤ ᠣᠷᠴᠢᠨ ᠲᠣᠭᠤᠷᠢᠨ ᠤ ᠰᠠᠶᠢᠵᠢᠷᠠᠭᠤᠯᠤᠯᠲᠠ ᠶᠢ ᠨᠢᠭᠡ | ᠴᠣᠭᠴᠠᠵᠢᠭᠤᠯᠤᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠂ ᠠᠵᠤ ᠠᠬᠤᠶᠢᠯᠠᠯ ᠤᠨ ᠲᠦᠷᠭᠡᠨ ᠬᠥᠭᠵᠢᠯᠲᠡ ᠶᠢ ᠠᠬᠢᠭᠤᠯᠵᠤ᠂ ᠲᠦᠴᠢᠦᠸᠠᠨ ᠰᠢᠶᠠᠨ ᠢ ᠪᠡᠯᠡ | ᠣᠷᠣᠭᠤᠯᠤᠭᠴᠢ ᠨᠢᠭᠡᠪᠦᠷᠢ ᠶᠢ ᠰᠠᠨᠠᠭ᠎ᠠ ᠠᠮᠤᠷ᠂ ᠲᠠᠭᠠᠯᠠᠮᠵᠢᠲᠠᠢ᠂ ᠰᠠᠨᠠᠭ᠎ᠠ ᠠᠮᠤᠷ ᠪᠠᠶᠢᠯᠭᠠᠬᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠣᠯᠭᠠᠨ ᠪᠠᠶᠢᠭᠤᠯᠵᠤ᠂ ᠬᠥᠭᠵᠢᠯᠲᠡ ᠶᠢᠨ ᠥᠪᠡᠷ ᠤᠨ ᠥᠷᠲᠡᠭ ᠢᠶᠠᠷ | ᠬᠠᠮᠤᠭ ᠤᠨ ᠳᠣᠣᠷ᠎ᠠ᠂ ᠦᠷ᠎ᠡ ᠪᠦᠲᠦᠮᠵᠢ ᠪᠠᠷ ᠬᠠᠮᠤᠭ ᠤᠨ ᠥᠨᠳᠥᠷ᠂ ᠦᠢᠯᠡᠴᠢᠯᠡᠭᠡ ᠪᠠᠷ ᠬᠠᠮᠤᠭ ᠤᠨ ᠰᠢᠯᠢᠳᠡᠭ᠂ | ᠠᠴᠢ ᠬᠠᠷᠢᠭᠤᠯᠲᠠ ᠪᠠᠷ ᠬᠠᠮᠤᠭ ᠤᠨ ᠲᠦᠷᠭᠡᠨ ᠪᠡᠯᠡ ᠣᠷᠣᠭᠤᠯᠤᠯᠲᠠ ᠶᠢᠨ ᠵᠣᠷᠢᠭᠰᠠᠨ ᠭᠠᠵᠠᠷ ᠪᠣᠯᠭᠠᠨ᠎ᠠ᠃ | ᠭᠤᠷᠪᠠ᠂ ᠭᠤᠣᠯᠳᠠᠯᠭ᠎ᠠ ᠲᠠᠢ ᠡᠭᠦᠷᠭᠡ | ︵ᠨᠢᠭᠡ︶ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠶᠡᠬᠡᠳᠬᠡᠬᠦ ᠲᠠᠢ ᠨᠢᠭᠲᠠ ᠤᠶᠠᠯᠳᠤᠭᠤᠯᠤᠨ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠬᠦᠴᠦᠯᠡᠴᠡ ᠶᠢᠨ ᠭᠤᠣᠯᠳᠠᠯᠭ᠎ᠠ ᠶᠢ ᠣᠨᠣᠪᠴᠢᠲᠠᠶ ᠡᠷᠢᠵᠦ | ᠣᠯᠣᠨ᠎ᠠ | 1. ᠭᠤᠣᠯᠳᠠᠯᠭ᠎ᠠ ᠲᠠᠢ ᠠᠵᠤ ᠦᠢᠯᠡᠰ ᠤᠨ ᠬᠤᠳᠠᠯᠳᠤᠭᠠᠴᠢᠨ ᠤᠷᠢᠬᠤ ᠶᠢ ᠳᠣᠪᠤᠶᠢᠯᠭᠠᠨ᠎ᠠ᠃ ᠡᠯ᠎ᠡ ᠰᠢᠶᠠᠩ | ᠪᠠᠯᠭᠠᠰᠤ᠂ ᠬᠦᠷᠢᠶᠡᠯᠡᠩ ᠲᠣᠭᠤᠷᠢᠭ ᠤᠨ ᠲᠣᠰ ᠪᠡᠶ᠎ᠡ ᠶᠢᠨ ᠳᠠᠪᠠᠭᠤᠯᠢᠭ ᠤᠨ ᠲᠣᠭᠤᠷᠢᠨ ᠳᠤ᠂ ᠭᠤᠣᠯᠳᠠᠯᠭ᠎ᠠ ᠲᠠᠢ | ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠳᠤ ᠨᠡᠶᠢᠴᠡᠬᠦ ᠰᠢᠶᠠᠨ ᠤ ᠬᠡᠪᠴᠢᠶᠡᠨ ᠤ | ᠬᠥᠭᠵᠢᠯᠲᠡ ᠶᠢᠨ ᠲᠥᠷᠥᠯ ᠪᠦᠦ ᠱᠢ᠂ ᠮᠢᠩ ᠰᠢᠩ ᠨᠠᠭᠤᠷ ᠤᠨ ᠲᠢᠶᠠᠨ ᠶᠤᠸᠠᠨ ᠶᠡᠷᠦᠩᠬᠡᠶᠢᠯᠡᠭᠰᠡᠨ ᠴᠣᠭᠴᠠ᠂ ᠳ᠋ᠦ᠋ | ᠰᠢ ᠭᠧᠦ ᠶᠢᠨ ᠵᠢᠭᠤᠯᠴᠢᠯᠠᠯ ᠠᠮᠠᠷᠠᠯᠲᠠ ᠶᠢᠨ ᠲᠣᠰᠬᠤᠨ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠵᠡᠷᠭᠡ | ᠵᠢᠭᠤᠯᠴᠢᠯᠠᠯ ᠤᠨ ᠡᠬᠢ ᠪᠠᠶᠠᠯᠢᠭ ᠤᠨ ᠲᠣᠭᠤᠷᠢᠨ ᠳᠤ᠂ ᠰᠢᠶᠠᠩ ᠪᠠᠯᠭᠠᠰᠤᠨ ᠤ ᠵᠢᠭᠤᠯᠴᠢᠯᠠᠯ ᠤᠨ ᠦᠢᠯᠡᠰ ᠢ | ᠬᠦᠴᠦᠯᠡᠨ ᠬᠥᠭᠵᠢᠭᠦᠯᠦᠨ᠎ᠡ︔ ᠪᠣᠷᠣ ᠬᠠᠯᠢᠰᠤᠲᠤ ᠰᠠᠷᠢᠮᠰᠠᠭ᠂ ᠰᠢᠳ᠂ ᠬᠡᠭᠡᠷ᠎ᠡ ᠶᠢᠨ ᠲᠢᠲᠢᠮ ᠵᠢᠮᠢᠰ᠂ ᠬᠤᠨᠢᠨ ᠤ | ᠴᠦᠨᠳᠦᠭᠦᠷ ᠮᠥᠭᠦ᠂ ᠡᠯᠳᠡᠪ ᠠᠮᠤ ᠡᠯᠳᠡᠪ ᠪᠤᠷᠴᠠᠭ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠤ ᠲᠠᠷᠢᠮᠠᠯ ᠵᠢᠴᠢ | ᠦᠬᠡᠷ᠂ ᠬᠤᠨᠢ᠂ ᠲᠠᠬᠢᠶ᠎ᠠ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠳᠠᠪᠠᠭᠤᠯᠢᠭ ᠤᠨ ᠲᠣᠭᠤᠷᠢᠨ ᠳᠤ᠂ | ᠨᠢᠭᠡ ᠪᠦᠯᠦᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠲᠥᠷᠥᠯ ᠤᠨ | ᠲᠥᠷᠥᠯ ᠵᠦᠢᠯ ᠢ ᠣᠷᠣᠭᠤᠯᠤᠨ ᠠᠪᠴᠢᠷᠠᠵᠤ ᠲᠦᠴᠢᠦᠸᠠᠨ ︵ᠡᠯ᠎ᠡ ᠰᠢᠶᠠᠩ ᠪᠠᠯᠭᠠᠰᠤ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠰᠣᠶᠣᠯ ᠵᠢᠭᠤᠯᠴᠢᠯᠠᠯ | ᠪᠡᠶ᠎ᠡ ᠶᠢᠨ ᠲᠠᠮᠢᠷ ᠤᠨ ᠲᠣᠪᠴᠢᠶ᠎ᠠ᠂ ᠠᠶᠢᠮᠠᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠨᠡᠭᠡᠭᠡᠯᠲᠡ ᠶᠢᠨ ᠲᠣᠭᠤᠷᠢᠭ ᠤᠨ ᠲᠦᠴᠢᠦᠸᠠᠨ ᠠᠵᠤ ᠦᠢᠯᠡᠰ ᠤᠨ ᠬᠦᠷᠢᠶᠡᠯᠡᠩ︶ ᠳᠤ ᠨᠠᠶᠢᠳᠠᠪᠤᠷᠢᠵᠢᠭᠤᠯᠤᠨ᠎ᠠ᠃ | ᠲᠣᠭᠠᠴᠢᠯᠠᠭᠰᠠᠨ ᠠᠵᠤ ᠠᠬᠤᠢ ᠶᠢ ᠴᠢᠨᠠᠷ ᠰᠠᠶᠢᠲᠠᠢ ᠬᠥᠭᠵᠢᠭᠦᠯᠵᠦ᠂ ᠱᠣ ᠭᠤᠸᠠᠩ ᠬᠦᠷᠢᠶᠡᠯᠡᠩ ᠲᠣᠭᠤᠷᠢᠭ᠂ ᠰᠠᠢ | ᠶᠢᠨ ᠴᠡᠴᠡᠷᠯᠢᠭ ᠲᠣᠭᠤᠷᠢᠭ ᠤᠨ ᠲᠥᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢ ᠠᠬᠢᠭᠤᠯᠵᠤ᠂ ᠣᠶᠤᠨᠴᠢᠯᠠᠭᠰᠠᠨ | ᠲᠥᠬᠦᠭᠡᠷᠦᠮᠵᠢ ᠶᠢ ᠣᠷᠣᠭᠤᠯᠤᠨ ᠠᠪᠴᠢᠷᠠᠵᠤ᠂ ᠬᠤᠶᠠᠷ ᠬᠦᠷᠢᠶᠡᠯᠡᠩ ᠲᠣᠭᠤᠷᠢᠭ ᠢ ᠣᠶᠤᠨᠴᠢᠯᠠᠭᠰᠠᠨ ᠬᠦᠷᠢᠶᠡᠯᠡᠩ | ᠲᠣᠭᠤᠷᠢᠭ ︵ᠱᠤ᠋ ᠭᠤᠸᠠᠩ ᠬᠦᠷᠢᠶᠡᠯᠡᠩ ᠲᠣᠭᠤᠷᠢᠭ᠂ ᠰᠠᠢ ᠶᠢᠨ ᠴᠡᠴᠡᠷᠯᠢᠭ ᠲᠣᠭᠤᠷᠢᠭ᠂ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ᠂ ᠲᠣᠮᠣ ᠳ᠋ᠠᠶᠢᠲ᠋ᠠ ᠶᠢᠨ ᠲᠥᠪ︶ ᠪᠣᠯᠭᠠᠨ ᠪᠦᠲᠦᠭᠡᠨ ᠪᠠᠶᠢᠭᠤᠯᠤᠨ᠎ᠠ᠃ ᠪᠡᠯᠡ | ᠣᠷᠣᠭᠤᠯᠤᠯᠲᠠ ᠶᠢ ᠪᠠᠲᠤᠳᠬᠠᠨ ᠱᠠᠩᠨᠠᠵᠤ ᠨᠥᠬᠦᠪᠦᠷᠢᠯᠡᠬᠦ᠂ ᠦᠢᠯᠡᠳᠪᠦᠷᠢ ᠶᠢᠨ ᠭᠡᠷ ᠪᠠᠶᠢᠰᠢᠩ ᠢ ᠣᠷᠣᠯᠠᠨ | ᠪᠠᠶᠢᠭᠤᠯᠬᠤ ᠵᠡᠷᠭᠡ ᠠᠷᠭ᠎ᠠ ᠮᠠᠶᠠᠭ ᠢᠶᠠᠷ ᠳᠠᠮᠵᠢᠭᠤᠯᠤᠨ ᠨᠢᠭᠡ ᠪᠦᠯᠦᠭ ᠳᠡᠭᠡᠳᠦ ᠲᠡᠰ ᠤᠨ ᠲᠤᠨᠤᠭ ᠲᠥᠬᠦᠭᠡᠷᠦᠮᠵᠢ | ᠦᠢᠯᠡᠳᠬᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠭᠦᠨᠵᠡᠭᠡᠢ ᠡᠳ᠋ᠰᠢᠭᠦᠯᠬᠦ᠂ ᠰᠢᠨ᠎ᠡ | ᠪᠠᠷᠢᠯᠭ᠎ᠠ ᠶᠢᠨ ᠮᠠᠲ᠋ᠧᠷᠢᠶᠠᠯ ᠤᠨ ᠲᠥᠷᠥᠯ ᠵᠦᠢᠯ ᠢ ᠣᠷᠣᠭᠤᠯᠤᠨ ᠠᠪᠴᠢᠷᠠᠵᠤ ᠠᠶᠢᠮᠠᠭ ᠤᠨ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠡᠭᠡᠭᠡᠯᠲᠡ ᠶᠢᠨ ᠲᠣᠭᠤᠷᠢᠭ ᠤᠨ ᠲᠦᠴᠢᠦᠸᠠᠨ ᠠᠵᠤ ᠦᠢᠯᠡᠰ ᠤᠨ | ᠬᠦᠷᠢᠶᠡᠯᠡᠩ ︵ᠡᠯ᠎ᠡ ᠰᠢᠶᠠᠩ ᠪᠠᠯᠭᠠᠰᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠠᠶᠢᠮᠠᠭ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠡᠭᠡᠭᠡᠯᠲᠡ ᠶᠢᠨ ᠲᠣᠭᠤᠷᠢᠭ ᠤᠨ | ᠲᠦᠴᠢᠦᠸᠠᠨ ᠠᠵᠤ ᠦᠢᠯᠡᠰ ᠤᠨ ᠬᠦᠷᠢᠶᠡᠯᠡᠩ︶ ᠲᠤ ᠬᠦᠷᠦᠭᠦᠯᠦᠨ᠎ᠡ᠃ ᠡᠨᠧᠷᠭᠢ ᠶᠢᠨ ᠰᠤᠷᠪᠤᠯᠵᠢ ᠶᠢᠨ ᠲᠦᠷᠦᠯ᠂ | ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠡᠷᠡᠭᠦᠯ ᠮᠡᠨᠳᠤ ᠨᠠᠰᠤᠵᠢᠯ ᠤᠨ ᠠᠰᠠᠷᠠᠮᠵᠢ ᠶᠢᠨ ᠵᠦᠢᠯᠡᠰ ᠢ | ᠮᠠᠨ ᠤ ᠰᠢᠶᠠᠨ ᠳᠤ ᠭᠤᠣᠯᠳᠠᠯᠭ᠎ᠠ ᠲᠠᠢ ᠪᠠᠷ ᠣᠷᠣᠭᠤᠯᠤᠨ ᠠᠪᠴᠢᠷᠠᠵᠤ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ | ᠮᠠᠨ ᠤ ᠰᠢᠶᠠᠨ ᠤ ᠠᠵᠤ ᠠᠬᠤᠢ ᠶᠢᠨ ᠤᠯᠠᠨ ᠡᠰᠢᠴᠢᠯᠡᠭᠰᠡᠨ ᠬᠥᠭᠵᠢᠯᠲᠡ ᠶᠢ ᠠᠬᠢᠭᠤᠯᠤᠨ᠎ᠠ ︵ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ︶᠃ | 2. ᠭᠤᠣᠯᠳᠠᠯᠭ᠎ᠠ ᠲᠠᠢ ᠲᠥᠷᠥᠯ ᠵᠦᠢᠯ ᠳᠤ ᠴᠢᠭᠯᠡᠭᠦᠯᠦᠨ ᠬᠤᠳᠠᠯᠳᠤᠭᠠᠴᠢᠨ ᠤᠷᠢᠨ᠎ᠠ᠃ ᠥᠪᠡᠷᠲᠡᠭᠡᠨ ᠵᠠᠰᠠᠬᠤ | ᠣᠷᠣᠨ᠂ ᠠᠶᠢᠮᠠᠭ ᠤᠨ ᠠᠵᠤ ᠦᠢᠯᠡᠰ ᠢ ᠬᠥᠭᠵᠢᠭᠦᠯᠬᠦ ᠲᠥᠯᠦᠪᠵᠢᠭᠦᠯᠭᠡ ᠲᠠᠢ ᠤᠶᠠᠯᠳᠤᠭᠤᠯᠤᠨ᠂ ᠰᠢᠨ᠎ᠡ ᠶᠢ | ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ᠂ ᠠᠵᠤ ᠦᠢᠯᠡᠰ ᠤᠨ ᠴᠢᠳᠠᠪᠤᠷᠢ ᠶᠢᠨ ᠮᠠᠨ ᠤ ᠰᠢᠶᠠᠨ ᠤ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠢᠭᠡᠨᠲᠡ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠲᠥᠪ ᠤᠨ | ᠠᠵᠤ ᠠᠬᠤᠶᠢᠯᠠᠯ᠂ 500 ᠬᠦᠴᠦᠷᠬᠡᠭ ᠠᠵᠤ ᠠᠬᠤᠶᠢᠯᠠᠯ ᠢ ᠣᠷᠣᠭᠤᠯᠤᠨ ᠠᠪᠴᠢᠷᠠᠭᠰᠠᠨ ᠰᠠᠭᠤᠷᠢᠨ ᠳᠡᠭᠡᠷ᠎ᠡ᠂ ︽ | ᠰᠢᠨ᠎ᠡ ᠡᠨᠧᠷᠭᠢ + ᠠᠵᠤ ᠦᠢᠯᠡᠰ ᠤᠨ ᠬᠥᠭᠵᠢᠯᠲᠡ︾ ᠶᠢᠨ ᠠᠵᠢᠯ ᠤᠨ ᠰᠡᠳᠬᠢᠮᠵᠢ ᠶᠣᠰᠣᠭᠠᠷ᠂ ︽ᠰᠢᠨ᠎ᠡ | ᠡᠨᠧᠷᠭᠢ +︾ ᠶᠢᠨ ᠲᠠᠯ᠎ᠠ ᠪᠠᠷ ᠠᠵᠤ ᠦᠢᠯᠡᠳᠪᠦᠷᠢ ᠶᠢᠨ ᠡᠨᠧᠷᠭᠢ ᠬᠤᠷᠣᠭᠳᠠᠭᠤᠯᠬᠤ ᠰᠢᠨ᠎ᠡ ᠡᠨᠧᠷᠭᠢ ᠶᠢᠨ | ᠣᠷᠤᠯᠠᠭᠤᠯᠤᠯᠲᠠ᠂ ᠪᠦᠬᠦ᠋ᠢᠯᠡ ᠲᠣᠰᠬᠤᠨ ᠤ ᠪᠣᠬᠢᠷᠲᠤᠯ ᠦᠭᠡᠢ ᠴᠠᠬᠢᠯᠭᠠᠨ ᠤ ᠬᠡᠷᠡᠭᠯᠡᠭᠡᠨ ᠤ ᠵᠢᠱᠢᠶ᠎ᠡ ᠦᠵᠡᠭᠦᠯᠬᠦ | ᠲᠥᠷᠥᠯ ᠵᠦᠢᠯ ᠵᠢᠴᠢ ᠪᠤᠰᠤᠳ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠲᠥᠷᠥᠯ ᠵᠦᠢᠯ ︵ᠡᠯ᠎ᠡ | ᠰᠢᠶᠠᠩ ᠪᠠᠯᠭᠠᠰᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠠᠶᠢᠮᠠᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠨᠡᠭᠡᠭᠡᠯᠲᠡ ᠶᠢᠨ ᠲᠣᠭᠤᠷᠢᠭ ᠤᠨ ᠲᠦᠴᠢᠦᠸᠠᠨ ᠠᠵᠤ ᠦᠢᠯᠡᠰ ᠤᠨ ᠬᠦᠷᠢᠶᠡᠯᠡᠩ︶ ᠢ ᠣᠷᠣᠭᠤᠯᠤᠨ ᠠᠪᠴᠢᠷᠠᠬᠤ ᠶᠢ | ᠲᠦᠯᠬᠢᠨ ᠠᠬᠢᠭᠤᠯᠤᠨ᠎ᠠ᠃ ᠳᠤᠮᠳᠠᠳᠤ ᠤᠯᠤᠰ ᠤᠨ 500 ᠬᠦᠴᠦᠷᠬᠡᠭ᠂ ᠠᠷᠠᠳ ᠤᠨ ᠡᠵᠡᠩᠨᠡᠯᠲᠡ ᠶᠢᠨ 500 | ᠬᠦᠴᠦᠷᠬᠡᠭ᠂ ᠲᠥᠪ ᠤᠨ ᠠᠵᠤ ᠠᠬᠤᠶᠢᠯᠠᠯ ᠵᠢᠴᠢ ᠠᠵᠢᠯ ᠲᠦᠷᠦᠯ ᠤᠨ ᠲᠦᠷᠦᠭᠦᠦ ᠶᠢᠨ ᠠᠵᠤ ᠠᠬᠤᠶᠢᠯᠠᠯ | ᠯᠤᠭ᠎ᠠ ᠶᠢᠨ ᠵᠣᠯᠭᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠡᠳᠡᠨ ᠤ ᠠᠵᠢᠯ ᠲᠦᠷᠦᠯ ᠤᠨ ᠤᠯᠠᠨ | ᠬᠦᠷᠢᠶᠡᠨ ᠤ ᠬᠠᠮᠲᠤᠷᠠᠯᠴᠠᠭ᠎ᠠ ᠶᠢ ᠡᠷᠢᠯᠬᠢᠯᠡᠵᠦ᠂ ᠬᠤᠯᠪᠣᠭᠳᠠᠬᠤ ᠬᠡᠮᠵᠢᠶ᠎ᠡ ᠪᠠᠷ ᠶᠡᠭᠡ᠂ ᠠᠵᠤ ᠦᠢᠯᠡᠰ ᠤᠨ ᠬᠡᠯᠬᠢᠶ᠎ᠡ | ᠤᠷᠲᠤ᠂ ᠠᠵᠤ ᠠᠬᠤᠢ ᠶᠢᠨ ᠦᠷ᠎ᠡ ᠠᠰᠢᠭ ᠰᠠᠶᠢᠨ ᠳᠠᠪᠠᠭᠤᠯᠢᠭ ᠲᠦᠷᠦᠯ ᠵᠦᠢᠯ ᠢ ᠭᠤᠣᠯᠳᠠᠯᠭ᠎ᠠ ᠲᠠᠢ | ᠣᠷᠣᠭᠤᠯᠤᠨ ᠠᠪᠴᠢᠷᠠᠵᠤ᠂ ᠮᠠᠨ ᠤ ᠰᠢᠶᠠᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ | ᠬᠤᠯᠪᠣᠭᠳᠠᠯ ᠪᠦᠬᠦᠢ ᠢᠵᠢ ᠪᠦᠷᠢᠳᠦᠭᠰᠡᠨ ᠠᠵᠤ ᠠᠬᠤᠶᠢᠯᠠᠯ ᠤᠨ ᠡᠷᠦᠬᠡ ᠠᠮᠠ ᠣᠷᠣᠬᠤ ᠶᠢ ᠳᠠᠶᠢᠴᠢᠯᠠᠵᠤ᠂ | ᠴᠤᠭᠯᠠᠷᠠᠯ ᠤᠨ ᠦᠷ᠎ᠡ ᠠᠰᠢᠭ ᠢ ᠪᠦᠷᠢᠯᠳᠦᠭᠦᠯᠦᠨ᠎ᠡ᠃ ︵ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ | ᠠᠶᠢᠮᠠᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ ᠤᠨ | ᠲᠦᠴᠢᠦᠸᠠᠨ ᠠᠵᠤ ᠦᠢᠯᠡᠰ ᠤᠨ ᠬᠦᠷᠢᠶᠡᠯᠡᠩ︶ | ︵ᠬᠤᠶᠠᠷ︶ ︽ᠭᠠᠵᠠᠷ ᠳᠣᠣᠷ᠎ᠠ ᠠᠴᠠ ᠬᠤᠳᠠᠯᠳᠤᠭᠠᠴᠢᠨ ᠤᠷᠢᠬᠤ︾ ᠶᠢ ᠴᠢᠩᠭ᠎ᠠ ᠠᠳᠬᠤᠵᠤ᠂ ︽ᠭᠠᠵᠠᠷ | ᠳᠣᠣᠷ᠎ᠠ ᠠᠴᠠ ᠬᠤᠳᠠᠯᠳᠤᠭᠠᠴᠢᠨ ᠤᠷᠢᠬᠤ︾ ᠶᠢ ᠪᠣᠳᠠᠲᠠᠶᠢᠵᠢᠭᠤᠯᠤᠨ᠎ᠠ | 3. ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ︽ᠨᠢᠰᠦᠭᠡ ᠭᠠᠵᠠᠷ︾ ᠤᠨ ᠠᠵᠤ ᠠᠬᠤᠢ ᠶᠢᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ︽ᠨᠢᠰᠦᠭᠡ ᠭᠠᠵᠠᠷ ᠤᠨ ᠠᠵᠤ ᠠᠬᠤᠢ︾ ᠶᠢᠨ ᠬᠥᠭᠵᠢᠯᠲᠡ ᠶᠢᠨ ᠵᠠᠭᠪᠤᠷ ᠢ | ᠰᠢᠯᠢᠳᠡᠭᠵᠢᠭᠦᠯᠦᠨ᠎ᠡ᠃ ︽ᠬᠦᠷᠢᠶᠡᠯᠡᠩ ᠲᠣᠭᠤᠷᠢᠭ ᠢ ᠬᠠᠮᠲᠤᠪᠠᠷ ᠬᠡᠷᠡᠭᠯᠡᠬᠦ᠂ ᠲᠥᠷᠥᠯ ᠵᠦᠢᠯ ᠢ ᠬᠠᠮᠲᠤᠪᠠᠷ | ᠣᠷᠣᠭᠤᠯᠬᠤ᠂ ᠠᠵᠤ ᠦᠢᠯᠡᠰ ᠢ ᠬᠠᠮᠲᠤᠪᠠᠷ ᠪᠠᠶᠢᠭᠤᠯᠬᠤ᠂ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ︾ ᠵᠠᠷᠴᠢᠮ | ᠶᠣᠰᠣᠭᠠᠷ᠂ ᠲᠥᠷᠥᠯ ᠵᠦᠢᠯ᠂ ᠬᠥᠷᠥᠩᠭᠡ᠂ ᠮᠡᠷᠭᠡᠵᠢᠯ᠂ ᠴᠢᠳᠠᠪᠤᠷᠢᠲᠠᠨ ᠵᠡᠷᠭᠡ ᠦᠢᠯᠡᠳᠪᠦᠷᠢᠯᠡᠯ ᠤᠨ ᠬᠦᠴᠦᠨ | ᠵᠦᠢᠯ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ | ᠬᠠᠷᠢᠯᠴᠠᠨ ᠲᠤᠯᠭᠠᠭᠤᠷᠢᠯᠠᠬᠤ᠂ ᠨᠢᠭᠲᠠ ᠬᠠᠮᠲᠤᠷᠠᠯᠴᠠᠭᠰᠠᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ | ᠪᠠᠶᠢᠷᠢᠰᠢᠯ ᠢ ᠲᠦᠷᠭᠡᠳᠬᠡᠨ ᠪᠣᠶ ᠪᠣᠯᠭᠠᠨ᠎ᠠ᠃ ᠬᠠᠮᠲᠤᠷᠠᠯᠴᠠᠨ ᠬᠤᠳᠠᠯᠳᠤᠭᠠᠴᠢᠨ ᠤᠷᠢᠬᠤ ᠣᠨᠣᠯᠵᠢᠬᠤᠨ ᠢ ᠪᠣᠶ | ᠪᠣᠯᠭᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠯᠤᠭ᠎ᠠ ᠢᠳᠡᠪᠬᠢᠲᠡᠢ ᠪᠠᠷ ᠵᠣᠬᠢᠴᠠᠭᠤᠯᠤᠨ᠂ ︽ᠨᠢᠰᠤᠨ | ᠣᠷᠣᠬᠤ︾ ᠲᠥᠷᠥᠯ ᠵᠦᠢᠯ ᠤᠨ ᠭᠠᠵᠠᠷ ᠬᠡᠷᠡᠭᠯᠡᠬᠦ᠂ ᠡᠨᠧᠷᠭᠢ ᠬᠡᠷᠡᠭᠯᠡᠬᠦ᠂ ᠤᠰᠤ ᠬᠡᠷᠡᠭᠯᠡᠬᠦ ᠵᠡᠷᠭᠡ ᠶᠢᠨ | ᠳᠡᠮᠵᠢᠯᠭᠡ ᠶᠢ ᠰᠠᠶᠢᠲᠤᠷ ᠬᠢᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠬᠢᠨᠠᠨ ᠵᠥᠪᠰᠢᠶᠡᠷᠡᠬᠦ | ᠪᠠ ᠭᠦᠢᠴᠡᠳᠬᠡᠬᠦ ᠶᠢ ᠲᠦᠷᠭᠡᠳᠬᠡᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ︽ | ᠨᠢᠰᠤᠨ ᠣᠷᠣᠬᠤ︾ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ︽ᠨᠢᠰᠦᠭᠡ ᠭᠠᠵᠠᠷ︾ ᠤᠨ ᠠᠰᠢᠭ | ᠲᠤᠰᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ︽ᠨᠢᠰᠦᠭᠡ ᠭᠠᠵᠠᠷ︾ ᠤᠨ ᠲᠥᠷᠥᠯ | ᠵᠦᠢᠯ ᠤᠨ ᠪᠡᠯᠡ ᠣᠷᠣᠭᠤᠯᠤᠯᠲᠠ᠂ ᠦᠢᠯᠡᠳᠬᠦᠨ ᠤ ᠥᠷᠲᠡᠭ᠂ ᠭᠠᠶᠢᠯᠢ ᠲᠠᠲᠠᠪᠤᠷᠢ ᠵᠡᠷᠭᠡ ᠠᠵᠤ ᠠᠬᠤᠢ ᠶᠢᠨ | ᠭᠦᠢᠴᠡᠳᠬᠡᠯ ᠲᠤᠭ᠎ᠠ ᠪᠠ ᠠᠵᠤ ᠠᠬᠤᠢ ᠶᠢᠨ ᠠᠰᠢᠭ ᠣᠯᠵᠠᠪᠤᠷᠢ ᠶᠢ ᠪᠦᠬᠦᠨ ᠢ ︽ᠨᠢᠰᠦᠭᠡ ᠭᠠᠵᠠᠷ︾ ᠲᠤ | ᠬᠠᠷᠢᠶᠠᠯᠠᠭᠤᠯᠤᠨ᠎ᠠ᠃ ︵ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ︶ | ︵ᠭᠤᠷᠪᠠ︶ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ | 4. ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠶᠢ ᠭᠦᠨᠵᠡᠭᠡᠶᠢᠷᠡᠭᠦᠯᠦᠨ᠎ᠡ᠃ ︽ | ᠬᠤᠳᠠᠯᠳᠤᠭᠠᠴᠢᠨ ᠢᠶᠠᠷ ᠬᠤᠳᠠᠯᠳᠤᠭᠠᠴᠢᠨ ᠢ ᠲᠠᠲᠠᠬᠤ︾ ︽ᠬᠤᠳᠠᠯᠳᠤᠭᠠᠴᠢᠳ ᠤᠨ ᠡᠪᠯᠡᠯ ᠤᠨ ᠬᠤᠳᠠᠯᠳᠤᠭᠠᠴᠢᠨ | ᠤᠷᠢᠬᠤ︾ ᠳᠠᠪᠠᠭᠤᠯᠢᠭ ᠢ ᠦᠷᠭᠦᠯᠵᠢᠯᠡᠨ ᠰᠠᠶᠢᠲᠤᠷ ᠠᠰᠢᠭᠯᠠᠵᠤ᠂ ᠲᠣᠨᠤᠭ ᠲᠥᠬᠦᠭᠡᠷᠦᠮᠵᠢ ᠦᠢᠯᠡᠳᠬᠦ | ᠦᠢᠯᠡᠰ ᠤᠨ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠥᠭᠵᠢᠯᠲᠡ ᠶᠢ ᠴᠢᠩᠭᠠᠳᠬᠠᠨ ᠠᠬᠢᠭᠤᠯᠵᠤ᠂ | ᠰᠠᠨᠠᠭᠠᠴᠢᠯᠠᠭ᠎ᠠ ᠲᠠᠢ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠲᠦᠴᠢᠦᠸᠠᠨ ᠳᠤ ᠡᠷᠦᠬᠡ ᠠᠮᠠ ᠣᠷᠣᠬᠤ ᠶᠢ | ᠬᠦᠴᠦᠯᠡᠨ ᠠᠬᠢᠭᠤᠯᠤᠨ᠎ᠠ︔ ︽ᠲᠠᠷᠢᠶᠠᠯᠠᠩ ᠤᠨ ᠳᠠᠷᠢᠵᠤ ᠲᠡᠵᠢᠭᠡᠬᠦ + ᠨᠠᠷᠢᠯᠢᠭ ᠡᠳ᠋ᠰᠢᠭᠦᠯᠬᠦ︾ ᠠᠵᠤ | ᠦᠢᠯᠡᠰ ᠤᠨ ᠬᠥᠭᠵᠢᠯᠲᠡ ᠶᠢᠨ ᠵᠠᠭᠪᠤᠷ ᠢ ᠪᠦᠷᠢᠨᠰᠢᠭᠦᠯᠵᠦ᠂ ᠲᠠᠷᠢᠶᠠᠯᠠᠩ ᠤᠨ ᠳᠠᠷᠢᠵᠤ ᠲᠡᠵᠢᠭᠡᠬᠦ ᠪᠥᠬᠦ ᠠᠵᠤ | ᠦᠢᠯᠡᠰ ᠤᠨ ᠬᠡᠯᠬᠢᠶᠡᠨ ᠤ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠦᠨ᠂ ᠬᠡᠯᠬᠢᠶᠡᠰᠦ ᠶᠢ ᠤᠷᠲᠤᠳᠬᠠᠨ | ᠬᠡᠯᠬᠢᠶᠡᠰᠦ ᠶᠢ ᠨᠥᠬᠦᠪᠦᠷᠢᠯᠡᠵᠦ ᠬᠡᠯᠬᠢᠶᠡᠰᠦ ᠶᠢ ᠴᠢᠩᠭᠠᠷᠠᠭᠤᠯᠬᠤ ᠶᠢ ᠦᠷᠭᠦᠯᠵᠢᠯᠡᠨ ᠰᠠᠶᠢᠲᠤᠷ ᠬᠢᠨ᠎ᠡ᠃ ︵ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠠᠶᠢᠮᠠᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ ᠤᠨ ᠲᠦᠴᠢᠦᠸᠠᠨ ᠠᠵᠤ ᠦᠢᠯᠡᠰ ᠤᠨ ᠬᠦᠷᠢᠶᠡᠯᠡᠩ︶ | 5. ᠡᠯ᠎ᠡ ᠱᠠᠲᠤᠨ ᠤ ᠡᠯ᠎ᠡ ᠲᠥᠷᠥᠯ ᠤᠨ ᠬᠤᠳᠠᠯᠳᠤᠭᠠᠴᠢᠨ ᠤᠷᠢᠬᠤ ᠲᠠᠪᠴᠠᠩ ᠢ ᠰᠠᠶᠢᠲᠤᠷ ᠠᠰᠢᠭᠯᠠᠨ᠎ᠠ᠃ | ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠡᠯ᠎ᠡ ᠵᠦᠢᠯ ᠤᠨ ᠲᠣᠮᠣ ᠬᠡᠯᠪᠡᠷᠢ ᠶᠢᠨ ᠠᠵᠢᠯᠯᠠᠭ᠎ᠠ ᠡᠷᠬᠢᠯᠡᠬᠦ ᠳᠤ | ᠣᠷᠣᠯᠴᠠᠵᠤ᠂ ᠪᠥᠬᠦ ᠪᠥᠮᠪᠥᠷᠴᠡᠭ ᠤᠨ ᠰᠦ᠋ ᠶᠢᠨ ᠦᠢᠯᠡᠰ ᠤᠨ ᠶᠡᠭᠡ ᠬᠤᠷᠠᠯ᠂ ᠷᠠᠰᠢᠶᠠᠨ ᠤ ᠶᠠᠷᠢᠶᠠᠨ ᠤ ᠲᠠᠪᠴᠠᠩ | ᠵᠢᠴᠢ ᠨᠠᠭᠠᠳᠤᠮ ᠤᠨ ᠶᠡᠭᠡ ᠬᠤᠷᠠᠯ ᠵᠡᠷᠭᠡ ᠭᠤᠣᠯ ᠰᠡᠳᠦᠪᠲᠦ ᠠᠵᠢᠯᠯᠠᠭ᠎ᠠ ᠶᠢᠨ ᠲᠠᠪᠴᠠᠩ ᠢ ᠭᠦᠢᠴᠡᠳ ᠰᠠᠶᠢᠲᠤᠷ | ᠬᠡᠷᠡᠭᠯᠡᠵᠦ᠂ ᠦᠵᠡᠰᠬᠦᠯᠡᠩ ᠳᠤ ᠣᠷᠣᠯᠴᠠᠬᠤ ᠬᠤᠳᠠᠯᠳᠤᠭᠠᠴᠢᠨ᠂ ᠬᠤᠷᠠᠯ ᠳᠤ ᠣᠷᠣᠯᠴᠠᠬᠤ ᠬᠤᠳᠠᠯᠳᠤᠭᠠᠴᠢᠨ᠂ | ᠮᠠᠨ ᠤ ᠰᠢᠶᠠᠨ ᠤ ᠣᠨᠴᠠᠯᠢᠭᠲᠤ ᠳᠠᠪᠠᠭᠤᠯᠢᠭ᠂ ᠠᠵᠤ ᠦᠢᠯᠡᠰ ᠤᠨ ᠲᠥᠷᠥᠯ ᠵᠦᠢᠯ ᠵᠢᠴᠢ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠵᠣᠯᠭᠠᠭᠤᠯᠵᠤ᠂ ︽ᠭᠠᠳᠠᠭᠰᠢ ᠭᠠᠷᠬᠤ︾ ︽ | ᠤᠷᠢᠵᠤ ᠠᠪᠴᠢᠷᠠᠬᠤ︾ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︽ᠨᠠᠶᠢᠵᠠ ᠶᠢᠨ ᠬᠦᠷᠢᠶ᠎ᠡ︾ ᠶᠢ ᠲᠠᠰᠤᠷᠠᠯᠲᠠ ᠦᠭᠡᠢ ᠥᠷᠭᠡᠳᠬᠡᠨ᠂ | ᠪᠡᠯᠡ ᠣᠷᠣᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ᠂ ᠠᠷᠠᠯᠵᠢᠶ᠎ᠠ᠂ ᠰᠣᠶᠣᠯ ᠢᠷᠭᠡᠨᠰᠢᠯ ᠵᠡᠷᠭᠡ ᠲᠠᠰ | ᠳᠠᠪᠬᠤᠷᠭ᠎ᠠ ᠶᠢᠨ ᠭᠦᠨᠵᠡᠭᠡᠢ ᠬᠠᠮᠲᠤᠷᠠᠯᠴᠠᠭ᠎ᠠ ᠶᠢ ᠴᠢᠩᠭᠠᠳᠬᠠᠨ᠎ᠠ᠃ ︵ᠲᠠᠷᠢᠶᠠᠯᠠᠩ ᠤᠨ ᠰᠢᠨᠵᠢᠯᠡᠬᠦ ᠤᠬᠠᠭᠠᠨ ᠤ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠰᠣᠶᠣᠯ ᠪᠣᠯᠪᠠᠰᠤᠷᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ︶ | 6. ᠪᠦᠬᠦᠨ ᠢ ᠬᠠᠮᠤᠷᠤᠭᠰᠠᠨ ᠬᠤᠳᠠᠯᠳᠤᠭᠠᠴᠢᠨ ᠤᠷᠢᠬᠤ ᠲᠣᠣᠷ ᠰᠦᠯᠵᠢᠶ᠎ᠡ ᠶᠢ ᠪᠠᠶᠢᠭᠤᠯᠤᠨ᠎ᠠ᠃ ᠪᠡᠭᠡᠵᠢᠩ | ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ᠂ ᠬᠥᠬᠡᠮᠥ᠋ᠷᠡᠨ ᠤ | ᠠᠵᠤ ᠠᠬᠤᠢ ᠶᠢᠨ ᠪᠦᠰᠡ᠂ ᠵᠡᠭᠦᠨ ᠬᠤᠶᠢᠲᠤ ᠶᠢᠨ ᠭᠤᠷᠪᠠᠨ ᠮᠤᠵᠢ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ | ᠬᠠᠷᠠᠭᠠᠯᠠᠨ᠂ ᠬᠤᠳᠠᠯᠳᠤᠭᠠᠴᠢᠨ ᠤᠷᠢᠬᠤ ᠠᠵᠢᠯ ᠤᠨ ᠳᠤᠭᠤᠶᠢᠯᠠᠩ ᠤᠳ ᠢ ᠵᠣᠬᠢᠶᠠᠨ ᠪᠠᠶᠢᠭᠤᠯᠤᠨ ᠭᠡᠷ ᠲᠤᠨᠢ | ᠣᠴᠢᠭᠤᠯᠵᠤ ᠬᠤᠳᠠᠯᠳᠤᠭᠠᠴᠢᠨ ᠤᠷᠢᠨ᠎ᠠ᠃ ᠡᠯ᠎ᠡ ᠮᠤᠵᠢ ᠣᠷᠣᠨ ᠬᠤᠲᠠ ᠶᠢᠨ ᠥᠪᠥᠷ ᠮᠣᠩᠭᠤᠯ ᠤᠨ | ᠬᠤᠳᠠᠯᠳᠤᠭᠠᠴᠢᠳ ᠤᠨ ᠡᠪᠯᠡᠯ᠂ ᠬᠢᠩᠭᠠᠨ ᠠᠶᠢᠮᠠᠭ ᠤᠨ ᠬᠤᠳᠠᠯᠳᠤᠭᠠᠴᠢᠳ ᠤᠨ ᠡᠪᠯᠡᠯ ᠤᠨ ᠵᠣᠬᠢᠶᠠᠨ | ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠠᠰᠢᠭᠯᠠᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠭ᠎ᠠ | ᠵᠠᠮ ᠢ ᠥᠷᠭᠡᠳᠬᠡᠨ᠎ᠡ᠃ ᠪᠠᠶᠢᠩᠭᠤᠵᠢᠭᠤᠯᠤᠭᠰᠠᠨ ᠬᠠᠷᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ︽ | ᠴᠢᠳᠠᠪᠤᠷᠢᠲᠠᠨ︾ ᠢ ᠲᠡᠳᠡᠨ ᠨᠤᠲᠤᠭ ᠲᠠᠭᠠᠨ ᠪᠤᠴᠠᠵᠤ ᠪᠡᠯᠡ ᠣᠷᠣᠭᠤᠯᠤᠨ ᠠᠳᠠᠯ ᠦᠢᠯᠡᠰ ᠴᠣᠭᠴᠠᠯᠠᠭᠤᠯᠵᠤ᠂ | ᠨᠤᠲᠤᠭ ᠤᠰᠤᠨ ᠤ ᠪᠠᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠨᠡᠶᠢᠭᠡᠮ ᠤᠨ ᠠᠷᠠᠯᠵᠢᠶᠠᠴᠢᠨ ᠤᠷᠢᠬᠤ ᠶᠢ | ᠭᠦᠨᠵᠡᠭᠡᠶᠢᠷᠡᠭᠦᠯᠵᠦ᠂ ᠠᠵᠤ ᠠᠬᠤᠶᠢᠯᠠᠯ᠂ ᠳᠡᠭᠡᠳᠦ ᠰᠤᠷᠭᠠᠭᠤᠯᠢ ᠯᠤᠭ᠎ᠠ ᠥᠷᠭᠡᠨ ᠳᠡᠯᠭᠡᠷ ᠬᠠᠮᠲᠤᠷᠠᠯᠴᠠᠭ᠎ᠠ | ᠥᠷᠨᠢᠭᠦᠯᠵᠦ᠂ ︽ᠡᠭᠦᠯᠡᠨ ᠠᠷᠠᠯᠵᠢᠶᠠᠴᠢᠨ ᠤᠷᠢᠬᠤ︾᠂ ᠰᠤᠷᠭᠠᠭᠤᠯᠢ ᠶᠢᠨ ᠨᠠᠶᠢᠵᠠ ᠠᠷᠠᠯᠵᠢᠶᠠᠴᠢᠨ ᠤᠷᠢᠬᠤ᠂ | ᠠᠵᠤ ᠠᠬᠤᠶᠢᠯᠠᠯ ᠤᠨ ᠠᠷᠠᠯᠵᠢᠶᠠᠴᠢᠨ ᠤᠷᠢᠬᠤ ᠵᠡᠷᠭᠡ ᠨᠠᠷᠢᠯᠢᠭ ᠣᠨᠣᠴᠠᠲᠠᠢ ᠪᠠᠷ ᠠᠷᠠᠯᠵᠢᠶᠠᠴᠢᠨ ᠤᠷᠢᠬᠤ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ︵ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠨᠢᠭᠡᠳᠦᠮᠡᠯ | ᠹᠷᠣᠨᠲ ᠤᠨ ᠬᠡᠯᠲᠡᠰ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ︶ | 7. ᠮᠤᠵᠢ ᠶᠢᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠬᠥᠭᠵᠢᠭᠰᠡᠨ | ᠭᠠᠵᠠᠷ ᠣᠷᠣᠨ ᠤ ᠮᠤᠵᠢ ᠬᠤᠳᠠ ᠯᠤᠭ᠎ᠠ ᠶᠢᠨ ᠬᠠᠮᠲᠤᠷᠠᠯᠴᠠᠭ᠎ᠠ ᠪᠠᠨ ᠵᠣᠯᠭᠠᠭᠤᠯᠬᠤ ᠶᠢ ᠴᠢᠩᠭᠠᠳᠬᠠᠵᠤ᠂ ︽ | ᠨᠥᠬᠦᠷᠯᠡᠯ ᠢᠶᠠᠨ ᠵᠤᠵᠠᠭᠠᠳᠬᠠᠬᠤ᠂ ᠬᠠᠮᠲᠤᠷᠠᠯᠴᠠᠭ᠎ᠠ ᠪᠠᠨ ᠠᠬᠢᠭᠤᠯᠬᠤ᠂ ᠬᠠᠷᠢᠯᠴᠠᠨ ᠠᠰᠢᠭ ᠣᠯᠭᠤᠵᠤ ᠬᠠᠷᠢᠯᠴᠠᠨ | ᠬᠠᠷᠠᠭᠠᠯᠵᠠᠬᠤ᠂ ᠬᠠᠮᠲᠤ ᠪᠠᠷ ᠬᠥᠭᠵᠢᠬᠦ︾ ᠵᠠᠷᠴᠢᠮ ᠶᠣᠰᠣᠭᠠᠷ᠂ ︽ᠨᠥᠬᠦᠷᠰᠡᠭ ᠬᠤᠳᠠ︾ ᠶᠢ ᠪᠠᠶᠢᠭᠤᠯᠵᠤ᠂ | ᠬᠠᠮᠲᠤᠷᠠᠯᠴᠠᠭ᠎ᠠ ᠰᠣᠯᠢᠯᠴᠠᠭᠠᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠨᠥᠬᠦᠷᠯᠡᠨ ᠬᠠᠷᠢᠯᠴᠠᠨ ᠠᠶᠢᠯᠴᠢᠯᠠᠬᠤ | ᠳᠦᠷᠢᠮ ᠢ ᠪᠠᠶᠢᠭᠤᠯᠵᠤ᠂ ᠴᠢᠳᠠᠪᠤᠷᠢᠲᠠᠨ ᠮᠡᠷᠭᠡᠵᠢᠯ᠂ ᠠᠵᠤ ᠠᠬᠤᠶᠢᠯᠠᠯ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ | ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠠᠶᠢᠬᠤ ᠪᠠ ᠦᠭᠡᠢ ᠪᠠᠨ ᠰᠣᠯᠢᠯᠴᠠᠵᠤ᠂ ᠬᠠᠮᠲᠤ ᠪᠠᠷ | ᠲᠠᠪᠰᠢᠨ᠎ᠠ᠃ ︵ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠴᠢ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ︶ | ︵ᠳᠥᠷᠪᠡ︶ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠵᠤ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠥᠷᠢᠰᠦᠯᠳᠦᠭᠡᠨ ᠤ ᠳᠠᠪᠠᠭᠤᠯᠢᠭ ᠢ ᠨᠡᠮᠡᠭᠳᠡᠭᠦᠯᠦᠨ᠎ᠡ | 8. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠥᠭᠦᠮ ᠳᠥᠲᠡ ᠥᠨᠳᠥᠷ ᠪᠦᠲᠦᠮᠵᠢᠲᠡᠶ ᠪᠠᠶᠢᠬᠤ ᠶᠢ | ᠠᠷᠠᠯᠵᠢᠶᠠᠴᠢᠨ ᠤᠷᠢᠬᠤ᠂ ᠪᠣᠳᠠᠲᠠᠢ ᠳᠤ ᠨᠠᠶᠢᠳᠠᠪᠤᠷᠢᠵᠢᠭᠤᠯᠬᠤ᠂ ᠪᠦᠲᠦᠭᠡᠨ ᠪᠠᠶᠢᠭᠤᠯᠬᠤ ᠠᠴᠠ ᠠᠰᠢᠭᠯᠠᠯᠲᠠ ᠳᠤ | ᠣᠷᠣᠭᠤᠯᠬᠤ ᠬᠦᠷᠲᠡᠯ᠎ᠡ᠂ ᠪᠦᠬᠦ ᠦᠶᠡᠯᠡᠯ ᠤᠨ ᠬᠤᠭᠤᠴᠠᠭᠠᠨ ᠳᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ | ᠰᠠᠶᠢᠵᠢᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠂ | ᠳᠥᠭᠦᠮᠴᠢᠯᠡᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠲᠦᠴᠢᠦᠸᠠᠨ ᠰᠢᠶᠠᠨ ᠤ ᠥᠪᠥᠷ ᠮᠣᠩᠭᠤᠯ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ 3.0 ᠨᠢᠭᠤᠷ᠂ ︽ᠥᠪᠥᠷ ᠮᠣᠩᠭᠤᠯ ᠤᠨ ᠲᠦᠷᠭᠡᠨ | ᠬᠤᠷᠳᠤᠴᠠ ᠶᠢᠨ ᠠᠯᠪᠠᠨ ᠭᠡᠷ︾ ᠤᠨ ᠰᠢᠯᠵᠢᠮᠡᠯ ᠦᠵᠦᠭᠦᠷ ᠤᠨ ᠢᠨᠵᠧᠨᠧᠷᠢᠩ ᠢ ᠲᠦᠷᠭᠡᠳᠬᠡᠨ ᠪᠠᠶᠢᠭᠤᠯᠵᠤ᠂ ︽ | ᠨᠢᠭᠡ ᠰᠦᠯᠵᠢᠶ᠎ᠡ ᠪᠠᠷ ᠨᠡᠶᠢᠳᠡᠮ ᠡᠷᠭᠢᠯᠡᠬᠦ︾ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠶᠢ ᠪᠥᠬᠦ | ᠲᠠᠯ᠎ᠠ ᠪᠠᠷ ᠠᠬᠢᠭᠤᠯᠤᠨ᠎ᠠ᠃ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠥᠷᠥᠯ ᠵᠦᠢᠯ ᠢ ᠡᠷᠲᠡ | ᠨᠠᠶᠢᠳᠠᠪᠤᠷᠢᠵᠢᠭᠤᠯᠵᠤ᠂ ᠡᠷᠲᠡ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ︵ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ | ᠲᠣᠪᠴᠢᠶ᠎ᠠ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 9. ᠲᠥᠪ ᠭᠤᠣᠯᠴᠢ ᠢᠯᠡ ᠲᠣᠳᠣ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠪᠤᠢ ᠪᠣᠯᠭᠠᠨ᠎ᠠ᠃ ᠤᠴᠢᠷ | ᠶᠠᠪᠤᠳᠠᠯ ᠤᠨ ᠡᠮᠦᠨ᠎ᠡ ᠤᠴᠢᠷ ᠶᠠᠪᠤᠳᠠᠯ ᠤᠨ ᠳᠤᠮᠳᠠ ᠪᠠ ᠤᠴᠢᠷ ᠶᠠᠪᠤᠳᠠᠯ ᠤᠨ ᠳᠠᠷᠠᠭᠠᠬᠢ ᠪᠦᠬᠦ ᠬᠡᠯᠬᠢᠶ᠎ᠡ ᠪᠦᠬᠦ | ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠬᠤᠳᠠᠯᠳᠤᠭᠠᠴᠢᠨ ᠤᠷᠢᠬᠤ ᠲᠦᠷᠦ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ | ᠴᠢᠨᠠᠷ ᠢ ᠪᠠᠲᠤᠯᠠᠨ᠎ᠠ᠃ ᠮᠣᠨᠣᠫᠣᠯᠢᠴᠢᠯᠠᠯ ᠢ ᠡᠰᠡᠷᠭᠦᠴᠡᠬᠦ ᠪᠠ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠬᠠᠤᠯᠢ | ᠬᠡᠷᠡᠭᠵᠢᠭᠦᠯᠦᠯᠲᠡ ᠶᠢ ᠴᠢᠩᠭᠠᠳᠬᠠᠵᠤ᠂ ᠭᠤᠣᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠡᠮᠬᠢ ᠵᠢᠷᠤᠮ ᠢ ᠦᠨᠡᠨ | ᠬᠦ ᠬᠠᠮᠠᠭᠠᠯᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡ ᠪᠠ ᠬᠠᠮᠠᠭᠠᠯᠠᠯᠲᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠠᠮᠢᠳᠤᠯᠢᠭ ᠢᠷᠭᠡᠨ ᠤ ᠪᠠ ᠬᠤᠳᠠᠯᠳᠤᠭᠠᠨ ᠤ ᠬᠡᠷᠡᠭ ᠤᠨ | ᠰᠢᠭᠦᠨ ᠲᠠᠰᠤᠯᠤᠯᠲᠠ ᠶᠢᠨ ᠭᠦᠢᠴᠡᠳᠬᠡᠬᠦ ᠴᠠᠭ ᠪᠠ ᠥᠪᠡᠷ ᠤᠨ ᠦᠷᠲᠡᠭ ᠢ ᠪᠠᠭᠠᠰᠬᠠᠵᠤ᠂ ᠰᠢᠭᠦᠨ ᠲᠠᠰᠤᠯᠤᠯᠲᠠ ᠶᠢᠨ | ᠭᠦᠢᠴᠡᠳᠬᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠴᠥᠭᠡᠨ ᠪᠠᠷᠢᠪᠴᠢᠯᠠᠵᠤ ᠪᠣᠯᠭᠤᠮᠵᠢᠲᠠᠢ | ᠵᠠᠭᠠᠯᠳᠤᠵᠤ ᠪᠣᠯᠭᠤᠮᠵᠢᠲᠠᠢ ᠬᠤᠷᠢᠬᠤ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠪᠠ᠃ ︵ᠬᠤᠲᠠ ᠶᠢᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ︶ | 10. ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ᠃ | ᠠᠵᠤ ᠦᠢᠯᠡᠰ ᠲᠤ ᠬᠡᠷᠡᠭᠯᠡᠬᠦ ᠭᠠᠵᠠᠷ ᠰᠢᠷᠣᠢ ᠶᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠦᠯᠡᠳᠡᠭᠡᠯ ᠭᠠᠵᠠᠷ ᠰᠢᠷᠣᠢ ᠶᠢ ᠦᠨᠡᠨ ᠬᠦ ᠠᠮᠢᠳᠤᠯᠢᠭ ᠪᠣᠯᠭᠠᠵᠤ᠂ ᠴᠢᠬᠤᠯᠠ ᠶᠡᠭᠡ ᠵᠦᠢᠯᠡᠰ᠂ | ᠬᠥᠲᠥᠯᠥᠨ ᠳᠠᠭᠠᠭᠤᠯᠬᠤ ᠴᠢᠨᠠᠷᠲᠠᠢ ᠵᠦᠢᠯᠡᠰ ᠲᠤ ᠬᠡᠷᠡᠭᠯᠡᠬᠦ ᠭᠠᠵᠠᠷ ᠰᠢᠷᠣᠢ ᠶᠢᠨ ᠭᠦᠢᠴᠡᠳᠬᠡᠬᠦ ᠲᠤᠭ᠎ᠠ ᠶᠢ | ᠤᠷᠢᠳ ᠢᠶᠠᠷ ᠪᠠᠲᠤᠯᠠᠨ᠎ᠠ᠃ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠡᠵᠡᠮᠳᠡᠬᠦ︾ ᠬᠠᠷᠢᠮᠠᠬᠠᠢ | ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠨᠧᠷᠭᠢ ᠶᠢᠨ ᠬᠤᠷᠣᠭᠳᠠᠯ᠂ ᠨᠡᠭᠦᠷᠡᠰᠦᠨ ᠤ | ᠬᠤᠷᠣᠭᠳᠠᠯ ᠵᠡᠷᠭᠡ ᠶᠢᠨ ᠭᠦᠢᠴᠡᠳᠬᠡᠯ ᠲᠤᠭ᠎ᠠ ᠶᠢ ᠲᠡᠷᠢᠭᠦᠨ ᠤ ᠦᠢᠯᠡᠳᠬᠦ ᠦᠢᠯᠡᠰ ᠳᠠᠰᠢ ᠨᠠᠩ ᠢᠯᠡᠭᠦᠦ | ᠬᠡᠯᠪᠡᠶᠢᠯᠭᠡᠬᠦ ᠶᠢ ᠠᠬᠢᠭᠤᠯᠤᠨ᠎ᠠ᠃ ᠴᠠᠭ ᠬᠤᠪᠢᠶᠠᠭᠰᠠᠨ ᠴᠠᠬᠢᠯᠭᠠᠨ ᠤ ᠦᠨ᠎ᠡ ᠶᠢᠨ ᠲᠣᠭᠲᠠᠴᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠪᠣᠬᠢᠷᠲᠤᠯ ᠦᠭᠡᠢ ᠴᠠᠬᠢᠯᠭᠠᠨ ᠤ ᠶᠡᠭᠡ ᠬᠡᠪᠴᠢᠶ᠎ᠡ ᠪᠠᠷ᠂ ᠥᠨᠳᠥᠷ ᠬᠠᠷᠢᠴᠠᠯ ᠢᠶᠠᠷ | ᠬᠠᠩᠭᠠᠯᠭ᠎ᠠ ᠶᠢ ᠪᠠᠲᠤᠯᠠᠬᠤ ᠶᠢ ᠠᠬᠢᠭᠤᠯᠤᠨ᠂ ᠭᠤᠣᠯᠳᠠᠯᠭ᠎ᠠ ᠲᠠᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠲᠥᠷᠥᠯ ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ︵ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ︶ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠰᠢᠶᠠᠨ ᠤ ᠨᠠᠮ ᠤᠨ | ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ | ᠤᠳᠤᠷᠢᠳᠬᠤ ᠳᠤᠭᠤᠶᠢᠯᠠᠩ ᠪᠠᠶᠢᠭᠤᠯᠵᠤ᠂ ᠳᠣᠣᠷ᠎ᠠ ᠨᠢ ᠬᠤᠳᠠᠯᠳᠤᠭᠠᠴᠢᠨ ᠤᠷᠢᠬᠤ ᠠᠵᠢᠯ ᠤᠨ ᠳᠤᠭᠤᠶᠢᠯᠠᠩ | ᠪᠠᠶᠢᠭᠤᠯᠵᠤ᠂ ᠵᠢᠯ ᠪᠦᠷᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠬᠤᠷᠠᠯᠳᠤᠭᠤᠯᠵᠤ᠂ ᠤᠯᠠᠷᠢᠯ ᠪᠦᠷᠢ ᠡᠯ᠎ᠡ ᠬᠤᠳᠠᠯᠳᠤᠭᠠᠴᠢᠨ ᠤᠷᠢᠬᠤ | ᠠᠵᠢᠯ ᠤᠨ ᠳᠤᠭᠤᠶᠢᠯᠠᠩ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠤᠰᠬᠠᠢ ᠰᠡᠳᠦᠪ ᠢᠶᠠᠷ | ᠰᠣᠨᠣᠰᠬᠤ ᠶᠢᠨ ᠬᠠᠮᠲᠤ ᠵᠣᠬᠢᠬᠤ ᠬᠡᠪᠴᠢᠶᠡᠨ ᠳᠤ ᠵᠠᠷᠯᠠᠨ ᠮᠡᠳᠡᠭᠳᠡᠨ᠎ᠡ᠃ ᠡᠯ᠎ᠡ ᠬᠤᠳᠠᠯᠳᠤᠭᠠᠴᠢᠨ ᠤᠷᠢᠬᠤ | ᠠᠵᠢᠯ ᠤᠨ ᠳᠤᠭᠤᠶᠢᠯᠠᠩ ᠨᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ | ᠤᠳᠤᠷᠢᠳᠤᠯᠭ᠎ᠠ ᠶᠢᠨ ᠳᠣᠣᠷ᠎ᠠ ᠠᠵᠢᠯ ᠢᠶᠠᠨ ᠥᠷᠨᠢᠭᠦᠯᠵᠦ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ᠂ ᠬᠤᠪᠢᠳᠠᠨ ᠬᠠᠮᠢᠶᠠᠷᠴᠤ ᠪᠦᠬᠦᠢ ᠠᠵᠢᠯ ᠪᠠ ᠬᠤᠳᠠᠯᠳᠤᠭᠠᠴᠢᠨ ᠤᠷᠢᠬᠤ ᠬᠡᠷᠡᠭᠴᠡᠭᠡ ᠱᠠᠭᠠᠷᠳᠠᠯᠭ᠎ᠠ ᠪᠠᠨ | ᠦᠨᠳᠦᠰᠦᠯᠡᠨ᠂ ᠭᠠᠳᠠᠭᠰᠢ ᠭᠠᠷᠴᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠴᠠᠭ ᠲᠤᠨᠢ | ᠲᠣᠬᠢᠷᠠᠭᠤᠯᠤᠨ ᠥᠷᠨᠢᠭᠦᠯᠬᠦ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠨᠠᠮ ᠵᠠᠰᠠᠭ ᠤᠨ ︽ | ᠨᠢᠭᠡᠳᠦᠭᠡᠷ ᠭᠠᠷ︾ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠰᠤᠳᠤᠯᠤᠨ ᠪᠠᠶᠢᠷᠢᠯᠠᠭᠤᠯᠵᠤ᠂ ᠪᠦᠯᠬᠦᠮ ᠳᠠᠭᠠᠭᠤᠯᠤᠨ | ᠬᠤᠳᠠᠯᠳᠤᠭᠠᠴᠢᠨ ᠤᠷᠢᠵᠤ᠂ ᠴᠢᠬᠤᠯᠠ ᠶᠡᠭᠡ ᠲᠥᠷᠥᠯ ᠵᠦᠢᠯ ᠤᠨ ᠵᠥᠪᠳᠡᠯᠴᠡᠭᠡᠷ ᠲᠤ ᠣᠷᠣᠯᠴᠠᠬᠤ ᠬᠡᠷᠡᠭᠲᠡᠢ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ | ᠶᠡᠷᠦᠩᠬᠡᠶᠢᠯᠡᠨ ᠵᠣᠬᠢᠴᠠᠭᠤᠯᠬᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ᠂ ᠵᠣᠬᠢᠶᠠᠨ ᠪᠠᠶᠢᠭᠤᠯᠤᠨ ᠠᠬᠢᠭᠤᠯᠬᠤ | ᠵᠡᠷᠭᠡ ᠠᠵᠢᠯ ᠢ ᠬᠠᠷᠢᠭᠤᠴᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠳᠤ ᠰᠠᠷ᠎ᠠ ᠶᠢᠨ | ᠲᠣᠬᠢᠷᠠᠭᠤᠯᠤᠯᠲᠠ᠂ ᠤᠯᠠᠷᠢᠯ ᠤᠨ ᠠᠬᠢᠭᠤᠯᠤᠯᠲᠠ ᠶᠢ ᠬᠡᠷᠡᠭᠵᠢᠭᠦᠯᠵᠦ᠂ ᠵᠢᠯ ᠤᠨ ᠡᠴᠦᠰ ᠲᠤ ᠪᠥᠬᠦ ᠲᠠᠯ᠎ᠠ ᠪᠠᠷ | ᠳ᠋ᠦᠩᠨᠡᠨ᠎ᠡ᠃ | ︵ᠬᠤᠶᠠᠷ︶ ᠬᠤᠳᠠᠯᠳᠤᠭᠠᠴᠢᠨ ᠤᠷᠢᠬᠤ ᠬᠦᠴᠦᠨ ᠢ ᠴᠢᠩᠭᠠᠷᠠᠭᠤᠯᠤᠨ᠎ᠠ᠃ ᠬᠤᠳᠠᠯᠳᠤᠭᠠᠴᠢᠨ ᠤᠷᠢᠬᠤ | ᠠᠵᠢᠯ ᠤᠨ ᠳᠤᠭᠤᠶᠢᠯᠠᠩ ᠤᠨ ᠡᠯ᠎ᠡ ᠲᠦᠷᠦᠭᠦᠯᠡᠨ ᠬᠢᠬᠦ ᠨᠢᠭᠡᠴᠡ ᠨᠦᠭᠦᠳ ᠲᠤᠰᠬᠠᠢ ᠬᠥᠮᠥᠨ ᠲᠣᠮᠢᠯᠠᠨ | ᠬᠤᠳᠠᠯᠳᠤᠭᠠᠴᠢᠨ ᠤᠷᠢᠬᠤ ᠠᠵᠢᠯ ᠢ ᠬᠠᠷᠢᠭᠤᠴᠠᠭᠤᠯᠵᠤ᠂ ᠠᠵᠢᠯ ᠤᠨ ᠬᠦᠴᠦᠨ ᠢᠶᠠᠨ ᠭᠦᠢᠴᠡᠳ ᠲᠣᠬᠢᠷᠠᠭᠤᠯᠤᠨ᠂ | ᠡᠭᠦᠷᠭᠡ ᠪᠠᠨ ᠨᠠᠷᠢᠯᠢᠭᠵᠢᠭᠤᠯᠤᠨ ᠬᠤᠪᠢᠶᠠᠷᠢᠯᠠᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ | ᠲᠣᠳᠣᠷᠬᠠᠶᠢᠯᠠᠵᠤ᠂ ᠡᠭᠦᠷᠭᠡ ᠪᠠᠨ ᠬᠥᠮᠥᠨ ᠳᠤᠨᠢ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠢ᠃ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠴᠢᠬᠤᠯᠠ ᠶᠡᠭᠡ ᠲᠥᠷᠥᠯ ᠵᠦᠢᠯ ᠳᠤ᠂ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ | ᠳᠦᠷᠢᠮ ᠢ ᠨᠠᠶᠢᠳᠠᠪᠤᠷᠢᠵᠢᠭᠤᠯᠵᠤ᠂ ︽ᠳᠥᠷᠪᠡᠨ ᠨᠢᠭᠡ︾ ︵ᠨᠢᠭᠡ ᠲᠥᠷᠥᠯ ᠵᠦᠢᠯ᠂ ᠨᠢᠭᠡ ᠤᠳᠤᠷᠢᠳᠤᠯᠭ᠎ᠠ᠂ | ᠨᠢᠭᠡ ᠪᠠᠭ᠂ ᠨᠢᠭᠡ ᠲᠥᠰᠥᠯ︶ ᠤᠨ ᠠᠵᠢᠯ ᠤᠨ ᠲᠣᠭᠲᠠᠴᠠ ᠶᠢ ᠪᠠᠶᠢᠭᠤᠯᠵᠤ᠂ ᠲᠥᠷᠥᠯ ᠵᠦᠢᠯ ᠢ ᠲᠦᠷᠭᠡᠬᠡᠨ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠭᠤᠷᠪᠠ︶ ᠰᠢᠯᠭᠠᠨ ᠬᠢᠨᠠᠵᠤ ᠤᠷᠮᠠᠰᠢᠭᠤᠯᠬᠤ ᠶᠢ ᠴᠢᠩᠭᠠᠷᠠᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ | ᠣᠷᠣᠭᠤᠯᠤᠭᠰᠠᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠵᠤ ᠱᠠᠩᠨᠠᠬᠤ ᠠᠷᠭ᠎ᠠ ᠶᠢ ᠲᠣᠭᠲᠠᠭᠠᠵᠤ᠂ | ᠰᠢᠯᠭᠠᠨ ᠦᠨᠡᠯᠡᠭᠰᠡᠨ ᠦᠷ᠎ᠡ ᠳ᠋ᠦᠩ ᠢ ᠤᠳᠤᠷᠢᠳᠬᠤ ᠪᠠᠭ ᠪᠣᠯᠣᠨ ᠬᠤᠯᠪᠣᠭᠳᠠᠯ ᠪᠦᠬᠦᠢ ᠤᠳᠤᠷᠢᠳᠬᠤ ᠺᠠᠳ᠋ᠷ ᠢ | ᠶᠡᠷᠦᠩᠬᠡᠶᠢᠯᠡᠨ ᠰᠢᠯᠭᠠᠨ ᠬᠢᠨᠠᠵᠤ ᠦᠨᠡᠯᠡᠬᠦ᠂ ᠱᠠᠩᠨᠠᠬᠤ ᠲᠣᠷᠭᠠᠬᠤ ᠲᠣᠮᠢᠯᠠᠬᠤ ᠪᠠᠭᠤᠯᠭᠠᠬᠤ ᠶᠢᠨ ᠴᠢᠬᠤᠯᠠ | ᠦᠨᠳᠦᠰᠦᠯᠡᠯ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠺᠠᠳ᠋ᠷᠴᠤᠳ ᠤᠨ | ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠬᠤ ᠶᠢ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠪᠣᠯᠭᠠᠬᠤ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠥᠪ ᠴᠢᠭᠯᠡᠯ ᠢᠶᠠᠷ ᠤᠷᠮᠠᠰᠢᠭᠤᠯᠬᠤ ᠶᠢ ᠴᠢᠩᠭᠠᠳᠬᠠᠨ᠂ ᠠᠯᠳᠠᠭ᠎ᠠ | ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠵᠤ᠂ | ᠺᠠᠳ᠋ᠷᠴᠤᠳ ᠤᠨ ᠬᠤᠳᠠᠯᠳᠤᠭᠠᠴᠢᠨ ᠤᠷᠢᠵᠤ ᠪᠡᠯᠡ ᠮᠥᠩᠭᠦ ᠲᠠᠲᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ | ᠪᠦᠲᠦᠭᠡᠯᠴᠢ ᠴᠢᠨᠠᠷ ᠢ ᠬᠠᠮᠠᠭᠠᠯᠠᠨ ᠬᠥᠭᠵᠢᠭᠡᠨ᠎ᠡ᠃ | ᠬᠠᠭᠤᠯᠤᠨ ᠬᠦᠷᠭᠡᠬᠦ ᠨᠢ᠄ ᠰᠢᠶᠠᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ | ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠰᠢᠶᠠᠨ ᠤ ᠠᠷᠠᠳ ᠤᠨ ᠰᠢᠭᠦᠬᠦ ᠬᠤᠷᠢᠶ᠎ᠠ᠂ | ᠰᠢᠶᠠᠨ ᠤ ᠪᠠᠶᠢᠴᠠᠭᠠᠬᠤ ᠬᠤᠷᠢᠶ᠎ᠠ᠃ | | ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 8 ᠰᠠᠷ᠎ᠠ ᠶᠢᠨ2 ᠤ ᠡᠳᠦᠷ | | | | | |