ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠡᠦᠬᠡᠳ ᠤᠨ ᠰᠡᠳᠬᠢᠯ ᠳᠤ ᠣᠷᠣᠵᠤ ᠦᠰᠦᠨ ᠪᠤᠶᠢᠵᠢᠯᠳᠠ ᠶᠢᠨ ᠠᠮᠤᠷ ᠲᠦᠪᠰᠢᠨ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2023/9/12
   ᠰᠤᠷᠭᠠᠭᠤᠯᠢ ᠳᠤ ᠪᠠᠶᠢᠭ᠎ᠠ ᠰᠤᠷᠤᠭᠴᠢᠳ ᠲᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠦᠨᠡᠨ ᠬᠦ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠤᠬᠠᠮᠰᠠᠷ ᠪᠠ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠬᠥᠮᠦᠵᠢᠭᠦᠯᠵᠦ᠂ ᠵᠠᠯᠠᠭᠤᠴᠤᠳ ᠪᠠᠭᠠᠴᠤᠳ ᠤᠨ ᠬᠠᠤᠯᠢ ᠠᠴᠠ ᠵᠥᠷᠢᠴᠡᠨ ᠶᠠᠯ᠎ᠠ ᠬᠢᠬᠦ ᠶᠢ ᠪᠦᠲᠦᠮᠵᠢᠲᠡᠢ ᠰᠡᠷᠭᠡᠶᠢᠯᠡᠵᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠠᠭᠠᠯᠠᠬᠤ ᠶᠢᠨ ᠲᠥᠯᠥᠭᠡ᠃ ᠣᠶᠢᠷ᠎ᠠ ᠳᠤ᠂ ᠱᠦᠶ ᠴᠢᠤᠸᠠᠨ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ᠂  ᠠᠮᠤᠷ ᠲᠦᠪᠰᠢᠨ ᠤ ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠬᠠᠮᠲᠤᠷᠠᠨ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠭᠰᠡᠨ ᠨᠢᠭᠡᠳᠦᠭᠡᠷ ᠬᠢᠴᠢᠶᠡᠯ ︽ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠥᠷᠨᠢᠭᠦᠯᠪᠡ᠃    ︽ᠪᠢᠴᠢᠬᠠᠨ ᠨᠠᠶᠢᠵᠠ ᠨᠠᠷ ᠠ᠂ ᠲᠠ ᠨᠠᠷ ᠬᠠᠤᠯᠢ ᠭᠡᠭᠴᠢ ᠶᠠᠭᠤ ᠪᠣᠯᠬᠤ ᠶᠢ ᠮᠡᠳᠡᠨ᠎ᠡ ᠤᠤ︖ ᠨᠠᠰᠤᠨ ᠳᠤ ᠦᠯᠦ ᠬᠦᠷᠦᠭᠰᠡᠳ ᠭᠡᠳᠡᠭ ᠨᠢ ᠬᠡᠳᠦᠶ ᠨᠠᠰᠤᠨ ᠠᠴᠠ ᠳᠣᠭᠤᠭᠰᠢᠬᠢ ᠶᠢ ᠵᠢᠭᠠᠵᠤ ᠪᠠᠶᠬᠤ ᠪᠤᠢ︖︾ ᠠᠵᠢᠯᠲᠠᠨ ᠱᠤᠭ ᠶᠦᠮᠦᠷᠯᠢᠭ ᠦᠭᠡ ᠬᠡᠯᠡᠯᠭᠡ ᠪᠠᠷ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠨᠢᠭᠡᠳᠦᠭᠡᠷ ᠬᠢᠴᠢᠶᠡᠯ ︽ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠬᠥᠰᠢᠭᠡ ᠶᠢ ᠨᠡᠭᠡᠭᠡᠪᠡ᠃ ᠠᠵᠢᠯᠯᠠᠭ᠎ᠠ  ᠨᠢ ᠲᠤᠬᠠᠶ ᠶᠢᠨ ᠲᠠᠯᠠᠪᠠᠶ ᠳᠤ ᠤᠬᠠᠭᠤᠯᠤᠨ ᠲᠠᠶᠢᠯᠪᠤᠷᠢᠯᠠᠬᠤ᠂ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠬᠦ᠂ ᠱᠤᠭ ᠵᠢᠷᠤᠭ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠬᠡᠦᠬᠡᠳ ᠤᠨ ᠦᠵᠡᠵᠦ ᠰᠣᠨᠣᠰᠬᠤ ᠳᠤᠷᠠᠲᠠᠶ᠂ ᠲᠥᠬᠦᠮ ᠣᠶᠢᠯᠠᠭᠠᠮᠵᠢᠲᠠᠶ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠷᠡᠭᠦᠦ ᠶᠢᠨ ᠬᠠᠷᠢᠭᠤᠴᠠᠯᠭ᠎ᠠ ᠡᠭᠦᠷᠭᠡᠯᠡᠬᠦ ᠨᠠᠰᠤᠨ  ᠤ ᠬᠤᠪᠢᠶᠠᠷᠢᠯᠠᠯ᠂ ᠵᠠᠯᠠᠭᠤᠴᠤᠳ ᠪᠠᠭᠠᠴᠤᠳ ᠤᠨ ᠶᠠᠯ᠎ᠠ ᠬᠢᠬᠦ ᠬᠡᠯᠪᠡᠷᠢ ᠪᠠᠶᠢᠳᠠᠯ᠂ ᠬᠠᠤᠯᠢ ᠶᠢ ᠰᠠᠬᠢᠬᠤ ᠥᠪᠡᠷ ᠤᠨ ᠥᠷᠲᠡᠭ᠂ ᠬᠠᠤᠯᠢ ᠶᠢ ᠵᠥᠷᠢᠴᠡᠭᠰᠡᠨ ᠦᠨ᠎ᠡ ᠥᠷᠲᠡᠭ ᠵᠡᠷᠭᠡ ᠳᠤ ᠨᠠᠷᠢᠨ ᠲᠠᠶᠢᠯᠤᠮᠵᠢ ᠬᠢᠪᠠ︔ ︽ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾᠂ ︽ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠶᠢᠨ ᠮᠡᠳᠡᠯᠭᠡ ᠶᠢᠨ ᠲᠣᠭᠤᠷᠢᠨ ᠳᠤ᠂ ᠰᠤᠷᠭᠠᠭᠤᠯᠢ ᠶᠢᠨ ᠬᠦᠷᠢᠶᠡᠨ ᠤ ᠬᠠᠯᠠᠮᠰᠢᠯ᠂ ᠬᠦᠴᠢᠷ᠂ ᠡᠮᠵᠡᠭ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠶ ᠠᠮᠢᠳᠤᠯᠢᠭ ᠬᠡᠷᠡᠭ ᠤᠨ ᠵᠢᠱᠢᠶ᠎ᠡ  ᠲᠠᠢ ᠤᠶᠠᠯᠳᠤᠭᠤᠯᠤᠨ᠂ ᠰᠤᠷᠤᠭᠴᠢᠳ ᠲᠤ ᠪᠣᠯᠭᠤᠮᠵᠢᠲᠠᠶ ᠪᠠᠷ ᠨᠠᠶᠢᠵᠠᠯᠠᠬᠤ᠂ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠬᠠᠤᠯᠢ ᠲᠦᠷᠢᠮ ᠢ ᠰᠠᠬᠢᠬᠤ᠂ ᠪᠡᠶ᠎ᠡ ᠪᠠᠨ ᠴᠢᠩᠭ᠎ᠠ ᠱᠠᠭᠠᠷᠳᠠᠬᠤ ᠶᠢ ᠮᠡᠳᠡᠭᠳᠡᠵᠦ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢᠨ ᠮᠡᠳᠡᠯᠭᠡ ᠶᠢ ᠤᠬᠠᠮᠰᠠᠷ ᠠᠴᠠ ᠪᠠᠨ ᠰᠤᠷᠤᠯᠴᠠᠬᠤ᠂ ᠬᠠᠤᠯᠢ ᠴᠠᠭᠠᠵᠠ ᠶᠢ ᠣᠶᠢᠯᠠᠭᠠᠵᠤ ᠮᠡᠳᠡᠬᠦ ᠠᠷᠭ᠎ᠠ ᠪᠠᠷᠢᠯ ᠢᠶᠠᠷ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠬᠡᠷᠡᠭᠲᠡᠶ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 100 ᠭᠠᠷᠤᠶ ᠤᠬᠠᠭᠤᠯᠬᠤ ᠮᠠᠲ᠋ᠧᠷᠢᠶᠠᠯ ᠲᠠᠷᠬᠠᠭᠠᠪᠠ᠃    ᠲᠣᠰ ᠤᠳᠠᠭᠠᠨ ᠤ ᠬᠠᠤᠯᠢ ᠪᠠᠷ ᠵᠠᠰᠠᠬᠤ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠨᠢ ᠬᠠᠤᠯᠢ ᠴᠠᠭᠠᠵᠠ ᠶᠢᠨ ᠦᠷ᠎ᠡ ᠶᠢ ᠵᠠᠯᠠᠭᠤᠴᠤᠳ ᠪᠠᠭᠠᠴᠤᠳ ᠤᠨ ᠰᠡᠳᠬᠢᠯ ᠳᠤ ᠦᠨᠳᠦᠰᠦᠯᠡᠭᠦᠯᠦᠨ ᠰᠣᠶᠣᠭᠠᠯᠠᠭᠤᠯᠵᠤ᠂ ᠵᠠᠯᠠᠭᠤᠴᠤᠳ ᠪᠠᠭᠠᠴᠤᠳ ᠢ ᠬᠠᠪᠰᠤᠷᠤᠨ ᠬᠠᠤᠯᠢ ᠪᠠᠷ ᠵᠠᠰᠠᠬᠤ ᠤᠬᠠᠮᠰᠠᠷ ᠢ ᠨᠢ ᠪᠣᠶ ᠪᠣᠯᠭᠠᠵᠤ ᠂ ᠬᠠᠤᠯᠢ ᠪᠠᠷ ᠵᠠᠰᠠᠬᠤ ᠦᠵᠡᠯᠲᠡ ᠶᠢ ᠨᠢ ᠴᠢᠩᠭᠠᠳᠬᠠᠨ᠂ ᠥᠪᠡᠷ ᠢ ᠪᠠᠨ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠵᠦ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠶᠢ ᠰᠠᠬᠢᠬᠤ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ᠲᠡᠳᠡᠨ ᠢ ᠵᠣᠷᠢᠭᠵᠢᠭᠤᠯᠤᠨ ᠬᠤᠶᠢᠰᠢᠳᠠ ᠶᠢᠨ ᠰᠤᠷᠤᠯᠴᠠᠬᠤ ᠪᠠ ᠦᠰᠦᠨ ᠪᠣᠶᠢᠵᠢᠬᠤ ᠶᠠᠪᠤᠴᠠ ᠳᠤ ᠬᠠᠤᠯᠢ ᠶᠢ ᠣᠶᠢᠯᠠᠭᠠᠬᠤ᠂ ᠬᠠᠤᠯᠢ ᠶᠢ ᠰᠤᠷᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠰᠠᠶᠢᠨ ᠰᠣᠷᠣᠭᠴᠢ ᠪᠣᠯᠭᠠᠬᠤ ᠪᠠᠷ ᠴᠢᠷᠮᠠᠶᠢᠯᠭᠠᠬᠤ ᠪᠣᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号