ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠢᠯᠡ ᠪᠥᠭᠡᠳ ᠳᠦᠷᠦᠭᠳᠡᠯ ᠲᠠᠢ ᠪᠦᠲᠦᠮᠵᠢᠲᠡᠶ ᠪᠠᠷ ᠳᠡᠯᠭᠡᠷᠡᠭᠦᠯᠦᠨ ᠲᠦᠭᠡᠮᠡᠯᠵᠢᠭᠦᠯᠦᠨ᠎ᠡ
ᠨᠡᠶᠢᠲᠡᠯᠡᠭᠰᠡᠨ ᠴᠠᠭ᠄
2023/9/13
   ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠨ ᠬᠡᠷᠡᠭᠯᠡᠬᠦ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠢᠬᠤᠯᠠ ᠠᠷᠭ᠎ᠠ ᠵᠠᠮ ᠮᠥᠨ᠃ ᠰᠤᠷᠤᠭᠴᠢᠳ ᠲᠤ ᠤᠯᠤᠰ  ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠨᠡᠩ ᠰᠠᠶᠢᠲᠤᠷ ᠡᠵᠡᠮᠰᠢᠭᠦᠯᠬᠦ ᠶᠢᠨ ᠲᠥᠯᠥᠭᠡ᠂ ᠲᠦᠴᠢᠦᠸᠠᠨ ᠰᠢᠶᠠᠨ ᠤ ᠰᠠᠨ ᠵᠢᠶᠧ ᠪᠠᠭ᠎ᠠ ᠰᠤᠷᠭᠠᠭᠤᠯᠢ ᠰᠢᠨ᠎ᠡ ᠰᠤᠷᠤᠯᠭ᠎ᠠ ᠶᠢᠨ ᠬᠤᠭᠤᠴᠠᠭ᠎ᠠ ᠬᠦᠷᠴᠦ ᠢᠷᠡᠬᠦ ᠲᠠᠰᠢᠷᠠᠮ ᠢᠶᠠᠷ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠳᠡᠯᠭᠡᠷᠡᠭᠦᠯᠦᠨ ᠲᠦᠭᠡᠮᠡᠯᠵᠢᠭᠦᠯᠬᠦ ᠶᠢ ᠴᠢᠩᠭᠠᠳᠬᠠᠬᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠶᠢ ᠲᠦᠭᠡᠮᠡᠯᠵᠢᠭᠦᠯᠬᠦ︾᠂ ︽ᠰᠤᠷᠭᠠᠭᠤᠯᠢ ᠡᠬᠢᠯᠡᠭᠰᠡᠨ ᠨᠢᠭᠡᠳᠦᠭᠡᠷ ᠬᠢᠴᠢᠶᠡᠯ︾ ᠤᠨ ᠭᠤᠣᠯ ᠰᠡᠳᠦᠪᠲᠦ ᠠᠩᠭᠢ ᠶᠢᠨ ᠬᠤᠷᠠᠯ ᠢ ᠥᠷᠨᠢᠭᠦᠯᠪᠡ᠃    ᠰᠠᠨ ᠵᠢᠶᠧ ᠪᠠᠭ᠎ᠠ ᠰᠤᠷᠭᠠᠭᠤᠯᠢ ᠶᠢᠨ ᠲᠠᠪᠤᠳᠤᠭᠠᠷ ᠤᠨ ᠤ ᠨᠢᠭᠡᠳᠦᠭᠡᠷ ᠠᠩᠭᠢ ᠶᠠᠭ ︽ᠨᠡᠶᠢᠲᠡᠯᠢᠭ ᠬᠡᠯᠡ ᠪᠠᠷ ᠶᠠᠷᠢᠵᠦ ᠳᠦᠷᠢᠮᠵᠢᠭᠰᠡᠨ ᠦᠰᠦᠭ ᠪᠢᠴᠢᠬᠦ︾ ᠭᠤᠣᠯ ᠰᠡᠳᠦᠪᠲᠦ ᠠᠩᠭᠢ ᠶᠢᠨ ᠬᠤᠷᠠᠯ ᠢ ᠥᠷᠨᠢᠭᠦᠯᠵᠦ᠂ ᠠᠩᠭᠢ  ᠶᠢᠨ ᠡᠷᠬᠢᠯᠡᠭᠴᠢ ᠠᠴᠠ ᠰᠤᠷᠤᠭᠴᠢᠳ ᠲᠤ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠪᠠ ᠳᠦᠷᠢᠮᠵᠢᠭᠰᠡᠨ ᠦᠰᠦᠭ ᠬᠡᠷᠡᠭᠯᠡᠬᠦ ᠶᠢᠨ ᠠᠴᠢ ᠬᠤᠯᠪᠣᠭᠳᠠᠯ ᠢ ᠲᠠᠨᠢᠯᠴᠠᠭᠤᠯᠤᠭᠰᠠᠨ ᠪᠥᠭᠡᠳ ᠨᠡᠶᠢᠲᠡᠯᠢᠭ ᠬᠡᠯᠡᠨ ᠤ ᠮᠡᠳᠡᠯᠭᠡ ᠶᠢᠨ ᠠᠰᠠᠭᠤᠯᠲᠠ ᠬᠠᠷᠢᠭᠤᠯᠲᠠ᠂ ᠴᠠᠷᠭᠢᠯ ᠬᠤᠯᠪᠣᠭ᠎ᠠ ︽ᠮᠦ ᠯᠠᠨ ᠤ ᠰᠢᠯᠦᠭ︾ ᠵᠡᠷᠭᠡ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠰᠤᠷᠤᠭᠴᠢᠳ ᠢ ᠬᠥᠲᠥᠯᠥᠨ ᠵᠢᠯᠣᠭᠤᠳᠴᠤ ᠬᠠᠮᠲᠤ ᠪᠠᠷ ᠰᠣᠩᠭᠤᠳᠠᠭ ᠵᠣᠬᠢᠶᠠᠯ ᠳᠤ ᠬᠦᠨᠳᠦᠳᠬᠡᠯ ᠳᠡᠪᠰᠢᠭᠦᠯᠵᠦ ᠪᠤᠢ᠃    ︽ᠨᠡᠶᠢᠲᠡᠯᠢᠭ ᠬᠡᠯᠡ ᠨᠢ ᠮᠠᠨ ᠤ ᠰᠤᠷᠤᠯᠴᠠᠯᠭ᠎ᠠ ᠠᠮᠢᠳᠤᠷᠠᠯ ᠳᠤ ᠮᠠᠰᠢ ᠶᠡᠭᠡ ᠦᠢᠯᠡᠳᠦᠯ ᠲᠠᠢ ᠶᠤᠮ᠂ ᠰᠢᠨ᠎ᠡ ᠡᠷᠡᠨ ᠤ ᠰᠤᠷᠤᠭᠴᠢ ᠪᠣᠯᠤᠭᠰᠠᠨ ᠤ ᠬᠤᠪᠢ ᠳᠤ᠂ ᠪᠢᠳᠡ ᠪᠣᠯ ᠡᠬᠡ ᠤᠯᠤᠰ ᠤᠨ ᠢᠷᠡᠭᠡᠳᠦᠢ ᠶᠢᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠮᠥᠨ᠂ ᠰᠣᠶᠣᠯ ᠮᠡᠳᠡᠯᠭᠡ ᠶᠢ ᠰᠠᠶᠢᠲᠤᠷ ᠰᠤᠷᠤᠯᠴᠠᠬᠤ ᠠᠴᠠ ᠭᠠᠳᠠᠨ᠎ᠠ ᠪᠠᠰᠠ ᠤᠬᠠᠮᠰᠠᠷ ᠠᠴᠠ ᠪᠠᠨ ᠨᠡᠶᠢᠲᠡᠯᠢᠭ ᠬᠡᠯᠡ ᠶᠢ ᠰᠠᠶᠢᠲᠤᠷ ᠶᠠᠷᠢᠵᠤ᠂ ᠳᠦᠷᠢᠮᠵᠢᠭᠰᠡᠨ ᠦᠰᠦᠭ ᠢ ᠰᠠᠶᠢᠲᠤᠷ ᠪᠢᠴᠢᠬᠦ ᠬᠡᠷᠡᠭᠲᠡᠢ᠃︾ ᠭᠡᠵᠦ ᠲᠠᠪᠤᠳᠤᠭᠠᠷ ᠤᠨ ᠤ ᠨᠢᠭᠡᠳᠦᠭᠡᠷ ᠠᠩᠭᠢ ᠶᠢᠨ ᠰᠤᠷᠤᠭᠴᠢ ᠵᠦ ᠮᠦᠸᠧ ᠬᠠᠨ ᠬᠡᠯᠡᠪᠡ᠃    ᠲᠣᠰ ᠤᠳᠠᠭᠠᠨ ᠤ ᠠᠵᠢᠯᠯᠠᠭ᠎ᠠ ᠨᠢ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠡᠳᠦᠷ ᠲᠤᠲᠤᠮ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠦᠭᠡ ᠬᠡᠯᠡ ᠥᠰᠥᠭ ᠪᠢᠴᠢᠭ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠥᠬᠦ ᠲᠠᠯ᠎ᠠ ᠪᠠᠷ ᠪᠣᠶ ᠪᠣᠯᠭᠠᠭᠰᠠᠨ ᠢᠶᠠᠷ ᠪᠠᠷᠠᠬᠤ ᠥᠬᠡᠶ ᠪᠠᠰᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠷᠢᠳᠢ ᠰᠢᠳᠢ ᠶᠢ ᠢᠯᠡᠷᠡᠭᠦᠯᠵᠦ᠂ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠤᠨ ᠤᠯᠤᠰ ᠤᠨ ᠰᠣᠶᠣᠯ ᠢ ᠮᠡᠳᠡᠷᠡᠬᠦ ᠰᠡᠳᠬᠢᠯᠭᠡ ᠶᠢ ᠨᠡᠮᠡᠭᠳᠡᠭᠦᠯᠵᠦ᠂ ᠤᠯᠤᠰ ᠣᠷᠣᠨ ᠤ ᠬᠠᠶᠢᠷ᠎ᠠ ᠰᠡᠳᠬᠢᠯᠭᠡ ᠶᠢ ᠵᠤᠵᠠᠭᠠᠳᠬᠠᠭᠰᠠᠨ ᠪᠠᠶᠢᠨ᠎ᠠ᠃    ︽ᠪᠢᠳᠡ ᠠᠩᠭᠢ ᠳᠤ ᠨᠡᠶᠢᠲᠡᠯᠢᠭ ᠬᠡᠯᠡ ᠪᠠ ᠤᠯᠤᠰ ᠤᠨ ᠦᠰᠦᠭ ᠪᠢᠴᠢᠭ ᠤᠨ ᠳᠦᠷᠢᠮᠵᠢᠯ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠢᠳᠡᠪᠬᠢᠲᠡᠢ ᠥᠷᠨᠢᠭᠦᠯᠦᠭᠰᠡᠨ ᠪᠥᠭᠡᠳ ᠲᠡᠭᠦᠨ ᠢ ᠮᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠳᠠᠭᠠᠨ ᠠᠭᠤᠰᠬᠠᠨ ᠣᠷᠣᠭᠤᠯᠵᠤ᠂ ᠰᠤᠷᠭᠠᠭᠤᠯᠢ ᠶᠢᠨ ᠬᠦᠷᠢᠶᠡᠨ ᠤ ᠰᠣᠶᠣᠯ ᠳᠤ ᠠᠭᠤᠰᠬᠠᠨ ᠣᠷᠣᠭᠤᠯᠵᠤ᠂ ᠰᠤᠷᠤᠭᠴᠢᠳ ᠲᠤ ᠨᠡᠶᠢᠲᠡᠯᠢᠭ ᠬᠡᠯᠡ ᠪᠠᠷ ᠶᠠᠷᠢᠵᠦ ᠳᠦᠷᠢᠮᠵᠢᠭᠰᠡᠨ ᠦᠰᠦᠭ ᠪᠢᠴᠢᠬᠦ ᠰᠠᠨᠠᠭᠠᠴᠢᠯᠠᠭ᠎ᠠ ᠭᠠᠷᠭᠠᠵᠤ᠂ ᠡᠴᠦᠰ ᠲᠡᠭᠡᠨ ᠬᠥᠮᠦᠨ ᠪᠦᠬᠦᠨ ᠨᠡᠶᠢᠲᠡᠯᠢᠭ ᠬᠡᠯᠡ ᠪᠠᠷ ᠶᠠᠷᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃︾ ᠭᠡᠵᠦ ᠲᠠᠪᠤᠳᠤᠭᠠᠷ ᠤᠨ ᠤ ᠨᠢᠭᠡᠳᠦᠭᠡᠷ ᠠᠩᠭᠢ ᠶᠢᠨ ᠡᠷᠬᠢᠯᠡᠭᠴᠢ ᠫᠠᠩ ᠢᠦ᠋ᠢ ᠵᠢᠤᠸᠠᠨ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号