ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠳᠤ ᠪᠠᠭ᠎ᠠ ᠶᠠᠪᠤᠳᠠᠯ ᠭᠡᠵᠦ ᠦᠭᠡᠢ᠂ ᠭᠠᠯ ᠤᠨᠲᠠᠷᠠᠭᠠᠬᠤ ᠪᠣᠯᠪᠠᠰᠤᠷᠠᠯ ᠢ ᠰᠤᠯᠠᠷᠠᠭᠤᠯᠬᠤ ᠦᠭᠡᠢ︕ ᠲᠦᠴᠢᠦᠸᠠᠨ ᠰᠢᠶᠠᠨ ᠤ ᠯᠢᠦ ᠬᠣ᠋ ᠳᠤᠮᠳᠠᠳᠤ ᠰᠤᠷᠭᠠᠭᠤᠯᠢ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/15
   ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠪᠠᠭᠰᠢ ᠰᠤᠷᠤᠭᠴᠢᠳ ᠤᠨ ᠭᠠᠮᠰᠢᠭ ᠢ ᠰᠡᠷᠭᠡᠶᠢᠯᠡᠬᠦ ᠵᠢᠴᠢ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ  ᠶᠢᠨ ᠲᠥᠯᠥᠭᠡ᠂ ᠲᠦᠴᠢᠦᠸᠠᠨ ᠰᠢᠶᠠᠨ ᠤ ᠯᠢᠦ ᠬᠣ᠋ ᠳᠤᠮᠳᠠᠳᠤ ᠰᠤᠷᠭᠠᠭᠤᠯᠢ 9 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠵᠤ ᠲᠠᠷᠬᠠᠭᠠᠬᠤ ᠰᠣᠷᠢᠯᠲᠠ ᠶᠢᠨ ᠠᠵᠢᠯᠯᠠᠭ᠎ᠠ ᠥᠷᠨᠢᠭᠦᠯᠪᠡ᠃    9 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨᠡᠬᠢ 9 ᠴᠠᠭ 40 ᠮᠢᠨᠦ᠋ᠲ ᠲᠤ᠂ ᠰᠡᠷᠡᠮᠵᠢ ᠶᠢᠨ ᠳᠣᠬᠢᠶ᠎ᠠ ᠳᠤᠤᠭᠠᠷᠬᠤ ᠶᠢ ᠳᠠᠭᠠᠯᠳᠤᠨ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠰᠣᠷᠢᠯᠲᠠ  ᠶᠢᠨ ᠠᠵᠢᠯᠯᠠᠭ᠎ᠠ ᠵᠢᠩᠬᠢᠨᠢ ᠪᠠᠷ ᠡᠬᠢᠯᠡᠪᠡ᠃ ᠪᠦᠬᠦ ᠪᠠᠭᠰᠢ ᠰᠤᠷᠤᠭᠴᠢᠳ ᠰᠤᠷᠭᠠᠭᠤᠯᠢ ᠶᠢᠨ ᠰᠣᠷᠢᠯᠲᠠ ᠶᠢᠨ ᠱᠠᠭᠠᠷᠳᠠᠯᠭ᠎ᠠ ᠶᠣᠰᠣᠭᠠᠷ ᠣᠷᠣ ᠣᠷᠣᠨ ᠳᠠᠭᠠᠨ ᠪᠠᠶᠢᠵᠦ᠂ ᠵᠢᠭᠰᠠᠭᠠᠯ ᠢᠶᠠᠨ ᠴᠢᠩᠳᠠᠯᠠᠨ ᠬᠦᠯᠢᠶᠡᠨ᠎ᠡ᠃ ᠡᠯ᠎ᠡ ᠠᠩᠭᠢ  ᠶᠢᠨ ᠡᠷᠬᠢᠯᠡᠭᠴᠢ᠂ ᠠᠰᠠᠷ ᠤᠨ ᠳᠠᠪᠬᠤᠷᠭ᠎ᠠ ᠶᠢᠨ ᠵᠢᠯᠣᠭᠤᠳᠣᠭᠴᠢ ᠪᠠᠭᠰᠢ ᠳᠠᠷᠤᠶ ᠲᠦᠷᠭᠡᠨ ᠠᠩᠭᠢ ᠪᠠ ᠠᠵᠢᠯ ᠤᠨ ᠪᠠᠶᠢᠷᠢ ᠳᠠᠭᠠᠨ ᠬᠦᠷᠴᠦ᠂ ᠰᠤᠷᠤᠭᠴᠢᠳ ᠢ ᠯᠠᠪᠳᠠᠭᠤᠨ ᠲᠣᠭᠲᠠᠭᠤᠨ ᠢᠶᠠᠷ ᠵᠢᠯᠣᠭᠤᠳᠴᠤ ᠪᠠᠶᠢᠭᠠᠳ ᠭᠠᠷ᠂ ᠬᠠᠨᠴᠤᠶ᠂ ᠨᠣᠶᠢᠲᠠᠨ ᠠᠯᠴᠢᠭᠤᠷ ᠵᠡᠷᠭᠡ ᠪᠠᠷ ᠠᠮᠠ ᠬᠠᠮᠠᠷ ᠢᠶᠠᠨ ᠪᠥᠭᠯᠡᠵᠦ᠂ ᠡᠯ᠎ᠡ ᠠᠩᠭᠢ ᠶᠢᠨ ᠬᠢᠴᠢᠶᠡᠯ ᠤᠨ ᠭᠡᠷ  ᠠᠴᠠ ᠡᠮᠬᠢ ᠵᠢᠷᠤᠮ ᠲᠠᠢ ᠪᠠᠷ ᠭᠠᠷᠬᠤ ᠶᠢᠨ ᠬᠠᠮᠲᠤ ᠲᠣᠭᠲᠠᠭᠰᠠᠨ ᠵᠠᠮ ᠱᠤᠭᠤᠮ ᠢᠶᠠᠷ ᠲᠣᠯᠣᠭᠠᠶ ᠪᠥᠬᠦᠶᠢᠨ ᠲᠦᠷᠭᠡᠨ ᠠᠰᠠᠷ ᠠᠴᠠ ᠪᠠᠭᠤᠵᠤ ᠲᠠᠮᠢᠷ ᠤᠨ ᠲᠠᠯᠠᠪᠠᠶ ᠳᠤ ᠭᠠᠷᠪᠠ᠃ ᠳᠠᠷᠠᠭ᠎ᠠ ᠨᠢ ᠡᠯ᠎ᠡ ᠠᠩᠭᠢ ᠬᠥᠮᠦᠨ ᠤ ᠲᠤᠭ᠎ᠠ  ᠶᠢ ᠪᠦᠷᠢᠳᠬᠡᠨ᠂ ᠱᠠᠲᠤ ᠳᠠᠷᠠᠭᠠᠯᠠᠨ ᠳᠡᠭᠡᠭᠰᠢ ᠮᠡᠳᠡᠭᠦᠯᠦᠨ᠎ᠡ᠃ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠨᠡᠶᠢᠲᠡ 1 ᠮᠢᠨᠦ᠋ᠲ ᠪᠥᠭᠡᠳ 5 ᠰᠧᠺᠦᠨ᠋ᠳ᠋ ᠬᠡᠷᠡᠭᠰᠡᠵᠦ᠂ ᠪᠦᠬᠦᠶᠢᠯᠡ ᠶᠠᠪᠤᠴᠠ ᠨᠢ ᠪᠠᠴᠢᠮ ᠪᠥᠭᠡᠳ ᠡᠮᠬᠢ ᠵᠢᠷᠤᠮ  ᠲᠠᠢ᠂ ᠬᠡᠷᠡᠭᠯᠡᠭᠡᠨ ᠤ ᠴᠢᠨᠠᠷ ᠢᠶᠠᠷ ᠴᠢᠩᠭ᠎ᠠ ᠪᠠᠶᠢᠵᠤ᠂ ᠵᠢᠱᠢᠭᠰᠡᠨ ᠦᠷ᠎ᠡ ᠪᠦᠲᠦᠮᠵᠢ ᠳᠡᠭᠡᠨ ᠬᠦᠷᠦᠭᠰᠡᠨ ᠪᠠᠶᠢᠨ᠎ᠠ᠃    ᠶᠡᠷᠦᠩᠬᠡᠢ ᠶᠠᠪᠤᠳᠠᠯ ᠤᠨ ᠭᠠᠵᠠᠷ ᠤᠨ ᠡᠷᠬᠢᠯᠡᠭᠴᠢ ᠭᠤᠤ ᠮᠢᠩ ᠶᠠᠨ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠲᠤ ᠭᠠᠯ ᠤᠨ ᠠᠶᠤᠯ ᠳᠤ ᠤᠴᠠᠷᠠᠪᠠᠯ ᠬᠡᠷᠬᠢᠨ ᠠᠮᠢ ᠵᠢᠭᠤᠲᠠᠬᠤ ᠲᠤᠬᠠᠢ ᠲᠠᠶᠢᠯᠪᠤᠷᠢᠯᠠᠨ ᠶᠠᠷᠢᠵᠤ ᠥᠭᠪᠡ᠄ ᠭᠠᠯ ᠤᠨ ᠪᠠᠶᠢᠳᠠᠯ ᠶᠡᠭᠡ ᠪᠢᠰᠢ ᠪᠣᠯ ᠡᠷᠡᠰ ᠲᠠᠰᠤᠷᠬᠠᠢ ᠪᠠᠶᠢᠵᠤ᠂ ᠨᠣᠶᠢᠲᠠᠨ ᠬᠤᠪᠴᠠᠰᠤ ᠨᠥᠮᠥᠷᠬᠦ ᠪᠤᠶᠤ ᠨᠣᠶᠢᠲᠠᠨ ᠨᠣᠣᠰᠣᠨ ᠬᠥᠨᠵᠢᠯᠡ᠂ ᠨᠣᠶᠢᠲᠠᠨ ᠬᠥᠨᠵᠢᠯᠡ ᠳᠡᠪᠢᠰᠬᠡᠷ ᠨᠥᠮᠥᠷᠴᠦ ᠵᠣᠷᠢᠭᠲᠠᠢ ᠪᠠᠷ ᠳᠠᠭᠠᠷᠢᠨ ᠭᠠᠷᠬᠤ ᠬᠡᠷᠡᠭᠲᠡᠢ᠂ ᠭᠡᠪᠡᠴᠦ ᠰᠦᠯᠢᠶᠣᠣ ᠴᠤᠪᠠ ᠨᠥᠮᠥᠷᠴᠦ ᠶᠠᠭᠠᠬᠢᠭᠰᠠᠨ ᠴᠤ ᠪᠣᠯᠬᠤ ᠦᠭᠡᠢ︔ ᠥᠳᠬᠡᠨ ᠤᠲᠤᠭᠠᠨ ᠳᠤ ᠠᠶᠤᠯ ᠠᠴᠠ ᠵᠠᠶᠢᠯᠠᠬᠤ ᠳᠠᠭᠠᠨ ᠴᠢᠳᠠᠬᠤ ᠶᠢᠨ ᠬᠢᠷᠢ ᠪᠠᠷ ᠪᠡᠶ᠎ᠡ ᠪᠠᠨ ᠳᠣᠣᠷ᠎ᠠ ᠲᠠᠯᠪᠢᠵᠤ᠂ ᠨᠣᠶᠢᠲᠠᠨ ᠠᠯᠴᠢᠭᠤᠷ  ᠢᠶᠠᠷ ᠠᠮᠠ ᠬᠠᠮᠠᠷ ᠢᠶᠠᠨ ᠪᠢᠲᠡᠭᠦᠯᠡᠨ᠎ᠡ︔ ᠰᠣᠬᠤᠷ ᠪᠠᠯᠠᠢ ᠪᠠᠷ ᠠᠰᠠᠷ ᠠᠴᠠ ᠬᠠᠷᠠᠶᠢᠵᠤ ᠪᠣᠯᠬᠤ ᠦᠭᠡᠢ᠂ ᠳᠡᠭᠡᠰᠦ ᠪᠤᠶᠤ ᠣᠷᠣ ᠶᠢᠨ ᠪᠦᠲᠡᠭᠡᠯᠭᠡ ᠶᠢ ᠤᠷᠠᠭᠠᠳ ᠵᠤᠷᠪᠤᠰᠯᠠᠨ ᠬᠤᠯᠪᠣᠵᠤ᠂ ᠡᠭᠦᠳᠡ ᠴᠣᠩᠬᠤᠨ ᠤ ᠬᠦᠷᠢᠶ᠎ᠡ ᠪᠠ ᠬᠦᠨᠳᠦ ᠶᠠᠭᠤᠮ᠎ᠠ ᠳᠡᠭᠡᠷ᠎ᠡ ᠴᠢᠩᠭ᠎ᠠ ᠤᠶᠠᠵᠤ᠂ ᠲᠤᠷᠤᠭᠰᠢ ᠭᠤᠯᠭᠤᠨ ᠪᠠᠭᠤᠨ᠎ᠠ︔ ᠶᠡᠭᠡ ᠭᠠᠯ ᠳᠤ ᠪᠦᠰᠡᠯᠡᠭᠳᠡᠭᠡᠳ ᠪᠠᠰᠠ ᠥᠪᠡᠷ ᠢ ᠪᠠᠨ ᠠᠪᠦᠷᠡᠬᠤ ᠪᠤᠰᠤᠳ ᠠᠷᠭ᠎ᠠ ᠤᠢᠭᠡᠢ ᠪᠣᠯᠤᠭᠰᠠᠨ ᠦᠶ᠎ᠡ ᠳᠤ᠂ ᠭᠠᠷ ᠳ᠋ᠧᠩ᠂ ᠳᠤᠷᠠᠶᠢᠮ᠎ᠠ ᠡᠳ᠋ ᠪᠣᠳᠠᠰ  ᠢᠶᠠᠷ ᠲᠡᠰᠦᠷᠡᠯᠳᠠ ᠤᠢᠭᠡᠢ ᠳᠠᠭᠤᠳᠠᠯᠭ᠎ᠠ ᠶᠢᠨ ᠲᠤᠬᠢᠶ᠎ᠠ ᠲᠡᠯᠪᠢᠠ ᠭᠠᠯ ᠤᠨᠲᠠᠷᠠᠭᠠᠬᠤ ᠠᠩᠬᠢ ᠶᠢᠨ ᠴᠠᠭ ᠲᠤᠬᠠᠢ  ᠳᠤᠨᠢ ᠣᠯᠵᠤ ᠮᠡᠳᠡᠬᠦ ᠪᠠ ᠵᠣᠬᠢᠶᠠᠨ ᠪᠠᠶᠢᠭᠤᠯᠤᠨ ᠠᠪᠦᠷᠡᠬᠤ ᠳᠤ ᠲᠦᠬᠦᠮ ᠦᠵᠡᠭᠦᠯᠬᠦ ᠬᠡᠷᠡᠭᠲᠡᠢ᠃ ᠵᠠᠯᠭᠠᠭᠠᠳ ᠪᠠᠰᠠ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ᠲᠤ ᠭᠠᠯ ᠤᠨᠲᠠᠷᠠᠭᠠᠭᠤᠷ ᠢ ᠬᠡᠷᠡᠭᠯᠡᠬᠦ ᠠᠷᠭ᠎ᠠ ᠶᠢ ᠵᠢᠱᠢᠶ᠎ᠡ ᠦᠵᠡᠭᠦᠯᠦᠨ ᠲᠠᠶᠢᠯᠪᠤᠷᠢᠯᠠᠵᠤ ᠥᠭᠴᠡᠶ᠄ ᠬᠠᠭᠤᠷᠠᠶ ᠨᠤᠨᠲᠠᠭ ᠤᠨ ᠭᠠᠯ ᠤᠨᠲᠠᠷᠠᠭᠠᠭᠤᠷ ᠢ ᠬᠡᠷᠡᠭᠯᠡᠬᠦ ᠦᠶᠡᠰ᠂ ᠤᠷᠢᠳ ᠢᠶᠠᠷ ᠪᠠᠲᠤᠯᠠᠭ᠎ᠠ ᠲᠠᠢ ᠪᠣᠷᠣᠯᠠᠭᠤᠯᠭ᠎ᠠ ᠶᠢ ᠠᠪᠴᠤ ᠬᠠᠶᠠᠭᠠᠳ᠂ ᠨᠢᠭᠡ ᠭᠠᠷ ᠢᠶᠠᠷ ᠢᠶᠠᠨ ᠰᠦᠷᠴᠢᠬᠦ ᠴᠣᠷᠭᠤ  ᠶᠢ ᠠᠳᠬᠤᠵᠤ᠂ ᠨᠥᠭᠦᠭᠡ ᠭᠠᠷ ᠢᠶᠠᠷ ᠢᠶᠠᠨ ᠳᠠᠷᠤᠬᠤ ᠪᠠᠷᠢᠭᠤᠯ ᠢ ᠴᠢᠩᠭ᠎ᠠ ᠠᠳᠬᠤᠪᠠᠯ᠂ ᠬᠠᠭᠤᠷᠠᠶ ᠨᠤᠨᠲᠠᠭ ᠳᠠᠷᠤᠶ ᠰᠦᠷᠴᠢᠨ ᠭᠠᠷᠴᠤ᠂ ᠭᠠᠯ ᠭᠠᠷᠤᠭᠰᠠᠨ ᠭᠠᠵᠠᠷ ᠤᠨ ᠤᠭ ᠵᠦᠭ ᠬᠠᠨᠳᠤᠭᠤᠯᠵᠦ ᠬᠠᠭᠤᠷᠠᠶ ᠨᠤᠨᠲᠠᠭ ᠰᠦᠷᠴᠢᠨ ᠭᠠᠷᠭᠠᠨ᠎ᠠ᠃    ᠪᠥᠬᠦ ᠪᠠᠭᠰᠢ ᠰᠤᠷᠤᠭᠴᠢᠳ ᠭᠠᠯ ᠤᠨᠲᠠᠷᠠᠭᠠᠬᠤ ᠪᠣᠳᠠᠲᠤ ᠰᠣᠷᠢᠯᠲᠠ ᠪᠠᠷ ᠳᠡᠮᠵᠢᠨ᠂ ᠭᠠᠯ ᠲᠦᠶᠮᠡᠷ ᠤᠨ ᠬᠠᠶᠢᠷ᠎ᠠ ᠨᠠᠶᠢᠷ ᠥᠬᠡᠶ ᠶᠢ ᠨᠠᠩ ᠭᠦᠨᠵᠡᠭᠡᠶ ᠮᠡᠳᠡᠷᠡᠵᠦ᠂ ᠭᠠᠯ ᠲᠦᠶᠮᠡᠷ ᠤᠨ ᠭᠡᠨᠡᠳᠲᠡ ᠶᠢᠨ ᠪᠠᠶᠢᠳᠠᠯ ᠢ ᠬᠡᠷᠬᠢᠨ ᠯᠠᠪᠳᠠᠭᠤᠨ ᠲᠣᠭᠲᠠᠭᠤᠨ ᠲᠦᠷᠭᠡᠨ ᠪᠦᠲᠦᠮᠵᠢᠲᠡᠶ ᠰᠢᠶᠳᠪᠦᠷᠢᠯᠡᠬᠦ ᠶᠢ ᠰᠢᠭᠤᠳ ᠰᠤᠷᠤᠯᠴᠠᠪᠠ᠃    ᠲᠣᠰ ᠤᠳᠠᠭᠠᠨ ᠤ ᠰᠣᠷᠢᠯᠲᠠ ᠳᠤ᠂ ᠠᠵᠢᠯᠲᠠᠨ ᠤ ᠡᠭᠦᠷᠭᠡ ᠬᠠᠷᠢᠭᠤᠴᠠᠯᠭ᠎ᠠ ᠪᠣᠳᠠᠲᠠᠶ᠂ ᠪᠠᠭᠰᠢ ᠰᠣᠷᠣᠭᠴᠢ  ᠶᠢ ᠲᠠᠷᠬᠠᠭᠠᠬᠤ ᠠᠵᠢᠯ ᠲᠦᠷᠭᠡᠨ ᠪᠥᠭᠡᠳ ᠡᠮᠬᠢ ᠵᠢᠷᠤᠮ ᠲᠠᠢ ᠶᠠᠪᠤᠭᠳᠠᠵᠤ᠂ ᠣᠯᠠᠨ ᠢᠶᠠᠷ ᠢᠶᠠᠨ ᠭᠠᠯ ᠤᠨᠲᠠᠷᠠᠭᠠᠭᠤᠷ ᠤᠨ ᠬᠡᠷᠡᠭᠯᠡᠬᠦ ᠠᠷᠭ᠎ᠠ ᠪᠠ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠪᠣᠯᠪᠠᠰᠤᠷᠠᠩᠭᠤᠶ ᠡᠵᠡᠮᠰᠢᠵᠦ᠂ ᠪᠥᠬᠦ ᠰᠤᠷᠭᠠᠭᠤᠯᠢ ᠶᠢᠨ ᠪᠠᠭᠰᠢ ᠰᠣᠷᠣᠭᠴᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠷᠠᠭᠤᠯᠵᠤ᠂ ᠰᠤᠷᠭᠠᠭᠤᠯᠢ ᠶᠢᠨ ᠭᠡᠨᠡᠳᠲᠡ ᠶᠢᠨ ᠬᠡᠷᠡᠭ ᠢ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠤᠷᠭᠠᠭᠤᠯᠢ ᠶᠢᠨ ᠪᠠᠴᠢᠮ ᠪᠠᠶᠢᠳᠠᠯ ᠢ ᠠᠷᠭᠠᠴᠠᠵᠤ ᠲᠠᠷᠬᠠᠭᠠᠬᠤ ᠪᠡᠯᠡᠳᠬᠡᠯ ᠲᠥᠰᠦᠯ ᠤᠨ ᠬᠡᠷᠡᠭᠵᠢᠭᠦᠯᠵᠦ ᠪᠣᠯᠬᠤᠶᠢᠴᠠ ᠴᠢᠨᠠᠷ ᠪᠠ ᠬᠡᠷᠡᠭᠯᠡᠭᠡᠨ ᠤ ᠴᠢᠨᠠᠷ ᠢ ᠰᠢᠯᠭᠠᠨ ᠪᠠᠶᠢᠴᠠᠭᠠᠵᠤ᠂ ᠰᠤᠷᠤᠭᠴᠢᠳ ᠤᠨ ᠰᠢᠨᠵᠢᠯᠡᠬᠦ ᠤᠬᠠᠭᠠᠨᠴᠢ ᠪᠠᠷ ᠠᠮᠢ ᠵᠢᠭᠤᠲᠠᠬᠤ᠂ ᠣᠷᠣᠰᠢᠨ ᠠᠮᠢᠳᠤᠷᠠᠬᠤ ᠴᠢᠳᠠᠪᠤᠷᠢ ᠶᠢ ᠪᠣᠯᠪᠠᠰᠤᠷᠠᠭᠤᠯᠵᠤ᠂ ᠪᠠᠭᠰᠢ ᠰᠤᠷᠤᠭᠴᠢᠳ ᠲᠤ ︽ᠲᠡᠶᠢᠨ ᠢ ᠠᠷᠭᠠᠴᠠᠬᠤ︾ ᠲᠤᠷᠰᠢᠯᠭ᠎ᠠ ᠬᠤᠷᠠᠮᠳᠤᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠠᠮᠤᠷ ᠲᠦᠪᠰᠢᠨ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠪᠣᠶ ᠪᠣᠯᠭᠠᠬᠤ ᠳᠤ ᠪᠠᠲᠤ ᠪᠠᠬᠢ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号