ᠲᠦᠴᠢᠦᠸᠠᠨ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠲᠦᠷᠦᠯᠵᠢ ᠲᠠᠷᠢᠶᠠᠯᠠᠩ ᠤᠨ ᠲᠠᠯᠠᠪᠠᠶ ᠶᠢᠨ ᠰᠤᠷᠭᠠᠭᠤᠯᠢ ᠳᠤ ᠬᠦᠷᠴᠦ ︽ᠪᠥᠬᠦ ᠤᠯᠤᠰ ᠤᠨ ᠰᠢᠨᠵᠢᠯᠡᠬᠦ ᠤᠬᠠᠭᠠᠨ ᠤ  ᠲᠦᠭᠡᠮᠡᠯᠵᠢᠭᠦᠯᠬᠦ ᠡᠳᠦᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠮ ᠲᠡᠷᠭᠡ ᠰᠤᠷᠭᠠᠭᠤᠯᠢ ᠶᠢᠨ ᠬᠦᠷᠢᠶᠡᠨ ᠳᠤ ᠣᠷᠣᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/16
   ᠰᠤᠷᠤᠭᠴᠢ ᠪᠣᠯ ᠡᠬᠡ ᠤᠯᠤᠰ ᠠᠴᠠ ᠴᠡᠴᠡᠭ᠂ ᠦᠨᠳᠦᠰᠦᠲᠡᠨ ᠤ ᠬᠦᠰᠡᠯ ᠡᠷᠡᠮᠡᠯᠵᠡᠯ᠂ ᠤᠯᠤᠰ ᠣᠷᠣᠨ ᠤ ᠢᠷᠡᠭᠡᠳᠦᠶ᠃    ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠨ᠂ ᠬᠡᠪ ᠴᠢᠨᠠᠷ ᠤᠨ ᠰᠤᠷᠭᠠᠨ ᠬᠥᠮᠦᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠰᠤᠷᠤᠭᠴᠢᠳ ᠤᠨ ︽ᠰᠢᠨᠵᠢᠯᠡᠬᠦ ᠤᠬᠠᠭᠠᠨ ᠢ ᠰᠤᠷᠬᠤ᠂ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ ᠬᠡᠷᠡᠭᠯᠡᠬᠦ︾ ᠬᠠᠯᠠᠭᠤᠨ ᠰᠡᠳᠬᠢᠯᠭᠡ ᠶᠢ ᠬᠥᠭᠵᠢᠭᠡᠨ᠂ ︽ᠰᠢᠨᠵᠢᠯᠡᠬᠦ ᠤᠬᠠᠭᠠᠨ ᠤ ᠦᠷ᠎ᠡ︾ ᠰᠠᠴᠤᠬᠤ ᠶᠢᠨ ᠲᠦᠯᠦᠭᠡ᠃ 9 ᠰᠠᠷ᠎ᠠ ᠶᠢᠨ 13 ᠤ ᠡᠳᠦᠷ᠂ ᠲᠦᠴᠢᠦᠸᠠᠨ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠲᠦᠷᠦᠯᠵᠢ ᠲᠠᠷᠢᠶᠠᠯᠠᠩ ᠤᠨ ᠲᠠᠯᠠᠪᠠᠶ ᠶᠢᠨ ᠰᠤᠷᠭᠠᠭᠤᠯᠢ ᠳᠤ ᠬᠦᠷᠴᠦ ︽ᠪᠥᠬᠦ ᠤᠯᠤᠰ  ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠳᠦᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠮ ᠲᠡᠷᠭᠡ ᠰᠤᠷᠭᠠᠭᠤᠯᠢ ᠶᠢᠨ ᠬᠦᠷᠢᠶᠡᠨ ᠳᠤ ᠤᠷᠤᠬᠤ︾ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠠᠮ ᠲᠡᠷᠭᠡ ᠰᠤᠷᠤᠭᠴᠢᠳ ᠲᠤ ︽ᠲᠤᠭ᠎ᠠ ᠨᠢ ᠵᠢᠮ᠎ᠡ ᠬᠠᠤᠯᠢ ᠲᠠᠢ᠂ ᠪᠣᠳᠠᠰ ᠨᠢ ᠭᠠᠶᠢᠬᠠᠮᠰᠢᠭ ᠲᠠᠢ᠂ ᠴᠢᠳᠠᠪᠤᠷᠢ ᠶᠢᠨ ᠰᠢᠯᠭᠠᠯᠲᠠ᠂ ᠡᠷᠡᠭᠦᠯ ᠴᠢᠭᠢᠷᠠᠭ ᠠᠮᠢᠳᠤᠷᠠᠯ︾᠂ ︽ᠮᠠᠰᠢᠨ ᠬᠥᠮᠦᠨ ᠦ᠋ ᠺᠦᠩ︾ ᠵᠢᠴᠢ ᠨᠡᠭᠦᠳᠡᠯ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠬᠡᠰᠡᠭ ᠦᠵᠡᠭᠦᠯᠭᠡ ᠶᠢᠨ ᠪᠣᠳᠠᠰ ᠢ ᠳᠡᠯᠭᠡᠨ ᠦᠵᠡᠭᠦᠯᠵᠦ᠂ ᠬᠡᠦᠬᠡᠳ ᠤᠳ  ᠤᠨ ᠠᠩᠬᠠᠷᠤᠯ ᠢ ᠲᠠᠲᠠᠵᠤ᠂ ᠰᠤᠷᠤᠭᠴᠢᠳ ᠲᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠦᠪᠡᠳᠡᠭᠰᠢ ᠨᠠᠶᠢᠷ ᠠᠪᠴᠢᠷᠠᠵᠤ᠂ ᠰᠤᠷᠤᠭᠴᠢᠳ ᠤᠨ ᠬᠠᠷᠠᠭ᠎ᠠ ᠶᠢ ᠶᠡᠬᠡᠳᠡ ᠲᠠᠲᠠᠪᠠ᠃
   ᠣᠶᠢᠷ᠎ᠠ ᠠᠴᠠ ᠠᠵᠢᠭᠯᠠᠨ᠂ ᠭᠠᠷ ᠬᠥᠳᠡᠯᠦᠨ ᠬᠢᠵᠦ᠂ ᠡᠨᠡ ᠤᠳᠠᠭᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠨᠢ ᠬᠡᠦᠬᠡᠳ ᠤᠨ ᠬᠢᠴᠢᠶᠡᠯ ᠤᠨ ᠭᠠᠳᠠᠨᠠᠬᠢ ᠠᠮᠢᠳᠤᠷᠠᠯ ᠳᠤ ᠪᠠᠶᠠᠷ ᠪᠠᠭ᠋ᠠᠳᠤᠯ ᠨᠡᠮᠡᠷᠢᠯᠡᠵᠦ᠂ ᠬᠠᠮᠲᠤ ᠰᠤᠷᠤᠭᠴᠢᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠰᠡᠯ ᠵᠡᠭᠦᠳᠦ ᠳᠤ ᠨᠢᠰᠬᠦ ᠵᠢᠭᠦᠷ ᠤᠷᠭᠤᠭᠤᠯᠤᠭᠰᠠᠨ ᠪᠠᠶᠢᠨ᠎ᠠ᠃ ᠰᠢᠨᠵᠢᠯᠡᠬᠦ ᠤᠬᠠᠭᠠᠨᠴᠢ ᠴᠢᠨᠠᠷ᠂ ᠰᠣᠨᠢᠷᠬᠠᠯᠲᠤ ᠴᠢᠨᠠᠷ᠂ ᠮᠡᠳᠡᠯᠭᠡᠲᠦ ᠴᠢᠨᠠᠷ ᠢ ᠤᠶᠠᠯᠳᠤᠭᠤᠯᠤᠭᠰᠠᠨ ᠦᠵᠡᠭᠦᠯᠦᠯᠭᠡ ᠶᠢᠨ ᠠᠭᠤᠯᠭ᠎ᠠ ᠪᠠ ᠦᠶᠯᠡᠳᠦᠯᠴᠡᠬᠦ ᠠᠵᠢᠯᠯᠠᠭ᠎ᠠ ᠳᠤ ᠣᠷᠣᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠮ ᠲᠡᠷᠭᠡ ᠪᠠ ︽ᠨᠡᠭᠦᠳᠡᠯ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ︾ ᠨᠢ ᠰᠤᠷᠤᠭᠴᠢᠳ ᠢ ᠰᠤᠷᠭᠠᠭᠤᠯᠢ ᠠᠴᠠ ᠭᠠᠷᠬᠤ ᠥᠬᠡᠶ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠷᠢᠳᠢ ᠰᠢᠳᠢ ᠶᠢ ᠮᠡᠳᠡᠷᠡᠭᠦᠯᠵᠦ᠂ ᠰᠢᠨᠵᠢᠯᠡᠬᠦ ᠤᠬᠠᠭᠠᠨ ᠤ ᠳᠤᠷ᠎ᠠ ᠰᠣᠨᠢᠷᠬᠠᠯ ᠢ ᠬᠥᠭᠵᠢᠭᠡᠵᠦ᠂ ᠰᠢᠨᠵᠢᠯᠡᠬᠦ ᠤᠬᠠᠭᠠᠨ ᠤ ᠦᠷ᠎ᠡ ᠶᠢ ᠬᠡᠦᠬᠡᠳ ᠤᠨ ᠰᠡᠳᠬᠢᠯ ᠳᠤ ᠭᠦᠨ ᠪᠤᠯᠠᠵᠠᠶ᠃
   ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠨᠢ ᠰᠤᠷᠤᠭᠴᠢᠳ ᠲᠤ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠬᠠᠶᠢᠷᠠᠯᠠᠬᠤ ᠰᠣᠯᠢᠯᠴᠠᠨ ᠦᠶᠯᠡᠳᠦᠯᠴᠡᠬᠦ ᠲᠠᠪᠴᠠᠩ ᠢ ᠪᠠᠶᠢᠭᠤᠯᠵᠤ᠂ ᠣᠯᠠᠨ ᠬᠡᠯᠪᠡᠷᠢ ᠶᠢᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠪᠠ ᠶᠡᠷᠦᠩᠬᠡᠶᠢᠯᠡᠭᠰᠡᠨ ᠦᠶᠯᠡᠳᠦᠯᠭᠡ  ᠶᠢᠨ ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢᠳ ᠤᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠳᠤ ᠣᠷᠣᠯᠴᠠᠬᠤ᠂ ᠰᠢᠨᠵᠢᠯᠡᠬᠦ ᠤᠬᠠᠭᠠᠨ ᠳᠤ ᠤᠶᠢᠷᠠᠳᠤᠬᠤ ᠳᠤᠷ᠎ᠠ ᠰᠣᠨᠢᠷᠬᠠᠯ ᠪᠠ ᠬᠠᠯᠠᠭᠤᠨ ᠰᠡᠳᠬᠢᠯᠭᠡ ᠶᠢ ᠲᠠᠶᠢᠴᠢᠯᠠᠵᠦ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠦᠷ᠎ᠡ ᠶᠢ ᠬᠡᠦᠬᠡᠳ ᠤᠨ ᠰᠡᠳᠬᠢᠯ ᠳᠤ ᠦᠨᠳᠦᠰᠦᠯᠡᠭᠦᠯᠦᠨ ᠰᠣᠶᠣᠭᠠᠯᠠᠭᠤᠯᠵᠤ᠂ ᠴᠡᠴᠡᠭ ᠳᠡᠯᠭᠡᠷᠡᠭᠦᠯᠦᠨ ᠵᠢᠮᠢᠰᠯᠡᠭᠦᠯᠬᠦ ᠪᠣᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号