︽ᠳᠤᠮᠳᠠᠳᠤ ᠶᠢᠨ ᠵᠡᠭᠦᠳᠦ· ᠬᠥᠳᠡᠯᠮᠦᠷᠢ ᠰᠠᠶᠢᠬᠠᠨ︾ ᠲᠦᠴᠢᠦᠸᠠᠨ ᠰᠢᠶᠠᠨ ᠤ ᠬᠤᠶᠠᠳᠤᠭᠠᠷ ᠬᠤᠭᠤᠴᠠᠭᠠᠨ ᠤ ︽ᠬᠥᠳᠡᠯᠮᠦᠷᠢ ᠶᠢᠨ ᠬᠤᠨᠳᠠᠭᠠᠲᠤ︾ ᠬᠦᠯ ᠪᠥᠮᠪᠦᠭᠡ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/9/17
   9 ᠰᠠᠷ᠎ᠠ ᠶᠢᠨ 15 ᠤ ᠡᠳᠦᠷ᠂ ︽ᠳᠤᠮᠳᠠᠳᠤ ᠶᠢᠨ ᠵᠡᠭᠦᠳᠦ· ᠬᠥᠳᠡᠯᠮᠦᠷᠢ ᠰᠠᠶᠢᠬᠠᠨ︾ ᠲᠦᠴᠢᠦᠸᠠᠨ ᠰᠢᠶᠠᠨ ᠤ ᠬᠤᠶᠠᠳᠤᠭᠠᠷ ᠬᠤᠭᠤᠴᠠᠭᠠᠨ ᠤ ︽ᠬᠥᠳᠡᠯᠮᠦᠷᠢ ᠶᠢᠨ ᠬᠤᠨᠳᠠᠭᠠᠲᠤ︾ ᠬᠥᠯ ᠪᠥᠮᠪᠦᠭᠡ ᠶᠢᠨ ᠤᠷᠤᠯᠳᠤᠭᠠᠨ ᠪᠡᠶ᠎ᠡ ᠶᠢᠨ ᠲᠠᠮᠢᠷ ᠤᠨ ᠵᠥᠪᠯᠡᠯ ᠤᠨ ᠵᠡᠭᠦᠨ ᠲᠠᠯ᠎ᠠ ᠶᠢᠨ ᠰᠢᠩᠭᠡᠯᠢᠭ ᠮᠠᠶ᠋ᠢᠭ ᠤᠨ ᠬᠥᠯ ᠪᠥᠮᠪᠦᠭᠡ ᠶᠢᠨ ᠲᠠᠯᠠᠪᠠᠢ ᠳᠤ ᠡᠬᠢᠯᠡᠪᠡ᠃ ᠲᠣᠰ ᠤᠳᠠᠭᠠᠨ ᠤ ᠠᠵᠢᠯᠯᠠᠭ᠎ᠠ ᠶᠢ ᠲᠦᠴᠢᠦᠸᠠᠨ ᠰᠢᠶᠠᠨ ᠤ ᠠᠵᠢᠯᠴᠢᠨ ᠤ ᠶᠡᠷᠦᠩᠬᠡᠶ ᠡᠪᠯᠡᠯ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠵᠢᠴᠢ ᠬᠥᠯ ᠪᠥᠮᠪᠦᠭᠡ ᠶᠢᠨ ᠨᠡᠶᠢᠭᠡᠮᠯᠢᠭ ᠠᠴᠠ ᠭᠤᠤᠯᠯᠠᠨ ᠡᠷᠭᠢᠯᠡᠵᠦ ᠂ ᠪᠥᠬᠦ ᠰᠢᠶᠠᠨ ᠤ 23 ᠲᠥᠯᠥᠭᠡᠯᠡᠭᠴᠢᠳ ᠤᠨ ᠠᠩᠭᠢ᠂ 300 ᠰᠢᠬᠠᠮ ᠬᠥᠮᠦᠨ ᠤᠷᠤᠯᠳᠤᠭᠠᠨ ᠳᠤ ᠣᠷᠣᠯᠴᠠᠪᠠ᠃
   ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠬᠣ᠋ ᠶᠠᠩ᠂ ᠤᠤᠯ ᠤᠨ ᠰᠢᠶᠠᠨ ᠤ ᠵᠠᠰᠠᠭ ᠤᠨ ᠣᠷᠳᠣᠨ  ᠤ ᠵᠢᠩᠬᠢᠨᠢ ᠰᠢᠶᠠᠨ ᠤ ᠱᠠᠲᠤᠨ ᠤ ᠤᠳᠤᠷᠢᠳᠤᠯᠭ᠎ᠠ᠂ ᠰᠢᠶᠠᠨ ᠤ ᠬᠦᠯ ᠪᠥᠮᠪᠦᠭᠡ ᠶᠢᠨ ᠨᠡᠶᠢᠭᠡᠮᠯᠢᠭ ᠤᠨ ᠲᠡᠷᠢᠭᠦᠯᠡᠭᠴᠢ ᠯᠢᠦ ᠰᠢᠩ ᠬᠤᠸᠠ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
   ᠱᠦᠭᠯᠦ ᠶᠢᠨ ᠳᠠᠭᠤᠨ ᠢ ᠲᠠᠭᠠᠯᠳᠤᠨ ᠤᠷᠤᠯᠳᠤᠭᠠᠨ ᠵᠢᠩᠬᠢᠨᠢ ᠪᠠᠷ ᠡᠬᠢᠯᠡᠪᠡ᠃ ᠲᠠᠮᠢᠷᠴᠢᠳ ︽ᠨᠠᠩ ᠲᠦᠷᠭᠡᠨ ᠂ ᠨᠠᠩ ᠥᠨᠳᠥᠷ᠂ ᠨᠠᠩ ᠬᠦᠴᠦᠷᠬᠡᠭ᠂ ᠨᠠᠩ ᠪᠦᠯᠬᠦᠮᠳᠡᠯ ᠲᠠᠢ︾ ᠣᠯᠢᠮᠫᠢᠺ ᠤᠨ ᠵᠣᠷᠢᠭ ᠰᠠᠨᠠᠭ᠎ᠠ ᠶᠢ ᠵᠢᠷᠤᠮᠯᠠᠨ᠂ ᠤᠷᠤᠯᠳᠤᠭᠠᠨ ᠤ ᠲᠠᠯᠠᠪᠤᠷ ᠲᠤ ᠡᠷᠡᠯᠬᠡᠭᠯᠡᠨ ᠲᠡᠮᠡᠴᠡᠵᠦ᠂ ᠨᠥᠬᠦᠷᠰᠡᠭ ᠢᠶᠠᠷ ᠤᠷᠤᠯᠳᠤᠨ᠂ ᠬᠡᠪ ᠨᠠᠮᠪᠠ ᠲᠠᠢ
ᠤᠷᠤᠯᠳᠤᠨ᠂ ᠥᠨᠳᠥᠷ ᠲᠦᠪᠰᠢᠨ ᠲᠠᠢ ᠤᠷᠤᠯᠳᠤᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号