2023 ᠣᠨ ᠳᠤ ᠲᠦᠴᠢᠦᠸᠠᠨ ᠰᠢᠶᠠᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ  ᠢ ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ ᠤᠷᠤᠪᠠ
ᠨᠡᠶᠢᠲᠡᠯᠡᠭᠰᠡᠨ ᠴᠠᠭ᠄
2023/9/2
   2023 ᠣᠨ ᠤ 9 ᠰᠠᠷ᠎ᠠ ᠶᠢᠨ 1 ᠤ ᠡᠳᠦᠷ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠂ ᠲᠦᠴᠢᠦᠸᠠᠨ ᠰᠢᠶᠠᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠬᠠᠮᠲᠤᠷᠠᠨ 40 ᠳ᠋ᠦ᠋ᠭᠡᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠵᠢᠴᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠰᠤᠷᠭᠠᠭᠤᠯᠢ ᠡᠬᠢᠯᠡᠭᠰᠡᠨ ᠨᠢᠭᠡᠳᠦᠭᠡᠷ ᠬᠢᠴᠢᠶᠡᠯ ᠤᠨ ᠭᠤᠤᠯ ᠰᠡᠳᠦᠪᠲᠦ ᠠᠵᠢᠯᠯᠠᠭ᠎ᠠ ᠶᠢ ᠡᠷᠭᠢᠯᠡᠵᠦ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠴᠣ ᠰᠢᠨ᠎ᠡ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠰᠤᠷᠤᠯᠭ᠎ᠠ ᠶᠢᠨ ᠬᠤᠭᠤᠴᠠᠭ᠎ᠠ ᠶᠢ ᠡᠬᠢᠯᠡᠭᠦᠯᠵᠦ᠂ ᠲᠡᠮᠡᠴᠡᠯ ᠤᠨ ᠳᠦᠷᠰᠦ ᠪᠠᠶᠢᠳᠠᠯ  ᠢᠶᠠᠷ ᠰᠢᠨ᠎ᠡ ᠥᠷᠢᠰᠥᠯᠳᠦᠭᠡᠨ ᠢ ᠤᠭᠲᠤᠵᠤ᠂ ᠬᠦᠰᠡᠯᠡᠩ ᠲᠠᠢ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ ᠪᠡᠷᠬᠡᠰᠢᠶᠡᠯ ᠢ ᠳᠠᠭᠠᠭᠠᠵᠤ ᠳᠡᠶᠢᠯᠬᠦ᠂ ᠵᠣᠷᠢᠭᠲᠠᠶ ᠲᠡᠮᠡᠴᠡᠬᠦ ᠰᠢᠨ᠎ᠡ ᠴᠠᠭ ᠦᠶ᠎ᠡ ᠶᠢᠨ ᠰᠠᠶᠢᠨ ᠵᠠᠯᠠᠭᠤ ᠪᠣᠯᠬᠤ  ᠪᠠᠷ ᠴᠢᠷᠮᠠᠶᠢᠨ᠎ᠠ᠃    ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠤᠤ ᠬᠤᠩ ᠶᠢᠩ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢᠦ ᠰᠢᠩ ᠲᠢᠶᠠᠨ᠂ ᠲᠦᠴᠢᠦᠸᠠᠨ ᠰᠢᠶᠠᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠢ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠵᠤ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠰᠢᠤᠢ ᠯᠸᠢ ᠠᠵᠢᠯᠯᠠᠭ᠎ᠠ ᠶᠢ ᠡᠷᠬᠢᠯᠡᠪᠡ᠃    ᠪᠤᠤ ᠬᠤᠩ ᠶᠢᠩ ᠳᠡᠳ᠋ ᠰᠢᠶᠠᠨ ᠤ ᠳᠠᠷᠤᠭ᠎ᠠ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠤᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠵᠦ᠂ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠨᠡᠶᠢᠭᠡᠮ ᠵᠢᠷᠤᠮ ᠤᠨ ᠦᠢᠯᠡᠰ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠴᠢᠷᠮᠠᠶᠢᠨ ᠬᠥᠮᠦᠵᠢᠭᠦᠯᠬᠦ ᠬᠡᠷᠡᠭᠲᠡᠢ︾ ᠭᠡᠵᠦ ᠴᠢᠬᠤᠯᠠᠴᠢᠯᠠᠪᠠ᠃    ᠪᠤᠤ ᠬᠤᠩ ᠶᠢᠩ ᠳᠡᠳ᠋ ᠰᠢᠶᠠᠨ ᠤ ᠳᠠᠷᠤᠭ᠎ᠠ᠄ ᠥᠨᠥᠳᠦᠷ ᠤᠨ ᠡᠷᠬᠢᠯᠡᠭᠰᠡᠨ ᠰᠤᠷᠭᠠᠭᠤᠯᠢ ᠡᠬᠢᠯᠡᠬᠦ ᠨᠢᠭᠡᠳᠦᠭᠡᠷ ᠬᠢᠴᠢᠶᠡᠯ ᠤᠨ ᠭᠤᠣᠯ ᠰᠡᠳᠦᠪᠲᠦ ᠠᠵᠢᠯᠯᠠᠭ᠎ᠠ ᠪᠣᠯ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ  ᠢ ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠢᠬᠤᠯᠠ ᠠᠵᠠ ᠲᠣᠬᠢᠶᠠᠯ ᠪᠣᠯᠤᠨ᠎ᠠ᠃ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠦᠭᠡ ᠬᠡᠯᠡ ᠦᠰᠦᠭ ᠪᠢᠴᠢᠭ ᠤᠨ ᠠᠵᠢᠯ ᠤᠨ ᠦᠷ᠎ᠡ ᠪᠦᠲᠦᠭᠡᠯ ᠢᠶᠠᠨ ᠲᠠᠰᠤᠷᠠᠯᠳᠠ ᠦᠭᠡᠢ ᠪᠠᠬᠢᠵᠢᠭᠦᠯᠵᠦ᠂ ᠰᠢᠶᠠᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠵᠥᠪᠯᠡᠯ ᠤᠨ ᠪᠦᠷᠢᠯᠳᠦᠬᠦᠨ ᠨᠢᠭᠡᠴᠢ ᠶᠢᠨ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠤᠬᠠᠭᠤᠯᠭ᠎ᠠ ᠪᠠ ᠵᠢᠯᠤᠭᠤᠳᠤᠯᠭ᠎ᠠ ᠪᠠᠨ ᠴᠢᠩᠭᠠᠳᠬᠠᠨ᠂ ᠥᠷᠭᠡᠨ ᠤᠯᠠᠨ ᠠᠷᠠᠳ ᠲᠦᠮᠡᠨ ᠪᠠ ᠪᠠᠭᠠᠴᠤᠳ ᠬᠡᠦᠬᠡᠳ ᠤᠨ ᠦᠭᠡ ᠬᠡᠯᠡ ᠦᠰᠦᠭ ᠪᠢᠴᠢᠭ ᠤᠨ ᠬᠡᠷᠡᠭᠯᠡᠯᠲᠡ  ᠶᠢᠨ ᠲᠠᠯ᠎ᠠ ᠶᠢᠨ ᠤᠬᠠᠮᠰᠠᠷ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠰᠣᠶᠣᠯ ᠤᠨ ᠢᠲᠡᠭᠡᠯ ᠢᠶᠠᠨ ᠨᠡᠮᠡᠭᠳᠡᠭᠦᠯᠦᠨ᠂ ᠦᠭᠡ ᠬᠡᠯᠡ ᠦᠰᠦᠭ ᠪᠢᠴᠢᠭ ᠤᠨ ᠠᠮᠤᠷ ᠲᠦᠪᠰᠢᠨ᠂ ᠴᠡᠴᠡᠭᠯᠡᠨ ᠬᠥᠭᠵᠢᠭᠰᠡᠨ᠂ ᠡᠶ᠎ᠡ ᠵᠣᠬᠢᠴᠠᠯ ᠲᠠᠢ ᠨᠡᠶᠢᠭᠡᠮ  ᠤᠨ ᠣᠷᠴᠢᠨ ᠨᠥᠬᠦᠴᠡᠯ ᠢ ᠪᠤᠢ ᠪᠣᠯᠭᠠᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃    ᠪᠤᠤ ᠬᠤᠩ ᠶᠢᠩ ᠳᠡᠳ᠋ ᠰᠢᠶᠠᠨ ᠤ ᠳᠠᠷᠤᠭ᠎ᠠ ᠪᠠᠰᠠ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ︽ᠬᠡᠦᠬᠡᠳ ᠠᠴᠠ ᠡᠬᠢᠯᠡᠨ ᠠᠳᠬᠤᠵᠤ︾᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠲᠠᠰᠤᠷᠠᠯᠲᠠ ᠦᠭᠡᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ ᠭᠡᠵᠦ ᠱᠠᠭᠠᠷᠳᠠᠪᠠ᠃    ᠬᠠᠮᠤᠭ ᠰᠡᠭᠦᠯ ᠳᠤᠨᠢ ᠪᠤᠤ ᠬᠤᠩ ᠶᠢᠩ ᠳᠡᠳ᠋ ᠰᠢᠶᠠᠨ ᠤ ᠳᠠᠷᠤᠭ᠎ᠠ ᠦᠶ ᠲᠦᠮᠡᠨ ᠰᠤᠷᠤᠭᠴᠢᠳ ᠲᠤ ᠬᠦᠰᠡᠯ ᠵᠥᠩᠨᠡᠯ ᠳᠡᠪᠰᠢᠭᠦᠯᠵᠡᠶ᠄ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ᠂ ᠰᠤᠷᠤᠭᠴᠢᠳ ᠦᠷᠭᠦᠯᠵᠢᠯᠡᠨ ᠪᠣᠯᠪᠠᠰᠤᠨ ᠰᠠᠬᠢᠯᠭ᠎ᠠ ᠪᠠᠲᠤ ᠲᠠᠢ ᠰᠠᠶᠢᠨ ᠰᠣᠷᠣᠭᠴᠢ ᠪᠣᠯᠵᠣ᠂ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ ᠰᠠᠶᠢᠨ ᠬᠡᠦᠬᠡᠳ ᠪᠣᠯᠵᠣ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠰᠠᠶᠢᠨ ᠪᠠᠭᠠᠴᠤᠳ ᠪᠣᠯᠬᠤ ᠶᠢ ᠬᠦᠰᠡᠵᠦ ᠪᠠᠶᠢᠨ᠎ᠠ ᠭᠡᠪᠡ᠃ ᠪᠦᠬᠦ ᠰᠢᠶᠠᠨ ᠤ ᠬᠠᠮᠲᠤ ᠰᠤᠷᠤᠯᠭᠠᠲᠠᠨ ᠨᠢᠭᠡᠪᠦᠷᠢ ᠲᠥᠪ ᠴᠢᠬᠡᠴᠢ ᠨᠡᠶᠢᠲᠡᠯᠢᠭ ᠬᠡᠯᠡ ᠪᠠᠷ ᠶᠠᠷᠢᠵᠤ᠂ ᠲᠥᠪ ᠴᠢᠬᠡᠴᠢ ᠳᠦᠷᠢᠮᠵᠢᠭᠰᠡᠨ ᠦᠰᠦᠭ ᠢᠶᠠᠨ ᠰᠠᠶᠢᠲᠤᠷ ᠪᠢᠴᠢᠵᠦ᠂ ᠬᠠᠮᠲᠤ ᠰᠤᠷᠤᠯᠭᠠᠲᠠᠨ ᠨᠢᠭᠡᠪᠦᠷᠢ ᠰᠣᠩᠭᠤᠳᠠᠭ ᠵᠣᠬᠢᠶᠠᠯ ᠢ ᠤᠩᠰᠢᠵᠦ᠂ ᠰᠢᠯᠦᠭ ᠪᠢᠴᠢᠭ ᠢ ᠰᠠᠶᠢᠨ ᠤᠩᠰᠢᠳᠠᠭ ᠡᠷᠬᠢᠮᠰᠦᠭ ᠵᠠᠯᠠᠭᠤ᠂ ᠳᠠᠷᠤᠤ ᠬᠢᠴᠢᠶᠡᠩᠭᠦᠢ ᠡᠷᠳᠡᠮᠲᠡᠨ ᠪᠣᠯᠬᠤ ᠶᠢ ᠬᠦᠰᠡᠨ ᠵᠥᠩᠨᠡᠪᠡ᠃    ᠭᠦᠩ ᠨᠦᠩ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠲᠣᠰ ᠤᠳᠠᠭᠠᠨ ᠤ ᠰᠤᠷᠭᠠᠭᠤᠯᠢ ᠡᠬᠢᠯᠡᠭᠰᠡᠨ ᠨᠢᠭᠡᠳᠦᠭᠡᠷ ᠬᠢᠴᠢᠶᠡᠯ ᠤᠨ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠳᠤ ᠭᠤᠶᠢᠳᠠ ᠰᠠᠶᠢᠬᠠᠨ ᠤᠷᠠᠨ ᠰᠠᠶᠢᠬᠠᠨ  ᠤ ᠲᠣᠭᠯᠠᠯᠲᠠ ᠭᠠᠷᠭᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号