ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ ᠤ ᠠᠯᠪᠠᠨ ᠭᠡᠷ ᠤᠨ ︽ᠲᠦᠴᠢᠦᠸᠠᠨ ᠰᠢᠶᠠᠨ ᠤ 2023 ᠣᠨ ᠤ ︿ᠡᠯᠪᠡᠭ ᠬᠤᠷᠢᠶᠠᠯᠲᠠ ᠶᠢ ᠪᠡᠯᠭᠡᠯᠡᠵᠦ ᠡᠶ᠎ᠡ ᠨᠠᠶᠢᠷᠠᠮᠳᠠᠭᠤ ᠶᠢ ᠠᠬᠢᠭᠤᠯᠬᠤ﹀ ᠡᠯᠪᠡᠭ ᠬᠤᠷᠢᠶᠠᠯᠲᠠ ᠶᠢᠨ ᠪᠠᠶᠠᠷ ᠤᠨ ᠠᠵᠢᠯᠯᠠᠭ᠎ᠠ ᠶᠢᠨ ᠲᠥᠰᠦᠯ︾ ᠤᠨ ᠮᠡᠳᠡᠭᠳᠡᠯ ᠶᠢ ᠳᠠᠷᠤᠮᠠᠯᠯᠠᠨ ᠲᠠᠷᠬᠠᠭᠠᠬᠤ ᠲᠤᠬᠠᠢ
ᠨᠡᠶᠢᠲᠡᠯᠡᠭᠰᠡᠨ ᠴᠠᠭ᠄
2023/9/21
ᠵᠠᠰᠠᠭ ᠠᠯᠪᠠᠨ ᠲᠠᠷᠬᠠᠭᠠᠭᠰᠠᠨ 〔2023〕 81 ᠳ᠋ᠦᠭᠡᠷ ᠲᠣᠭᠠᠲᠤ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ ᠤ ᠠᠯᠪᠠᠨ ᠭᠡᠷ ᠤᠨ ︽ᠲᠦᠴᠢᠦᠸᠠᠨ ᠰᠢᠶᠠᠨ ᠤ 2023 ᠣᠨ ᠤ ︿ᠡᠯᠪᠡᠭ ᠬᠤᠷᠢᠶᠠᠯᠲᠠ ᠶᠢ ᠪᠡᠯᠭᠡᠯᠡᠵᠦ ᠡᠶ᠎ᠡ ᠨᠠᠶᠢᠷᠠᠮᠳᠠᠭᠤ ᠶᠢ ᠠᠬᠢᠭᠤᠯᠬᠤ﹀ ᠡᠯᠪᠡᠭ ᠬᠤᠷᠢᠶᠠᠯᠲᠠ ᠶᠢᠨ ᠪᠠᠶᠠᠷ ᠤᠨ ᠠᠵᠢᠯᠯᠠᠭ᠎ᠠ ᠶᠢᠨ ᠲᠥᠰᠦᠯ︾ ᠤᠨ ᠮᠡᠳᠡᠭᠳᠡᠯ ᠶᠢ ᠳᠠᠷᠤᠮᠠᠯᠯᠠᠨ ᠲᠠᠷᠬᠠᠭᠠᠬᠤ ᠲᠤᠬᠠᠢ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠦᠨ᠄    ᠡᠳᠦᠭᠡ ︽ᠲᠦᠴᠢᠦᠸᠠᠨ ᠰᠢᠶᠠᠨ ᠤ 2023 ᠣᠨ ᠤ ︿ᠡᠯᠪᠡᠭ ᠬᠤᠷᠢᠶᠠᠯᠲᠠ ᠶᠢ ᠪᠡᠯᠭᠡᠯᠡᠵᠦ ᠡᠶ᠎ᠡ ᠨᠠᠶᠢᠷᠠᠮᠳᠠᠭᠤ ᠶᠢ ᠠᠬᠢᠭᠤᠯᠬᠤ﹀ ᠡᠯᠪᠡᠭ ᠬᠤᠷᠢᠶᠠᠯᠲᠠ ᠶᠢᠨ ᠪᠠᠶᠠᠷ ᠤᠨ ᠠᠵᠢᠯᠯᠠᠭ᠎ᠠ ᠶᠢᠨ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠭᠡᠷᠡᠶ᠃ ᠳᠠᠭᠠᠯᠳᠤᠭᠤᠯᠤᠯ᠄ ᠲᠦᠴᠢᠦᠸᠠᠨ ᠰᠢᠶᠠᠨ ᠤ 2023 ᠣᠨ ᠤ ︽ᠡᠯᠪᠡᠭ ᠬᠤᠷᠢᠶᠠᠯᠲᠠ ᠶᠢ ᠪᠡᠯᠭᠡᠯᠡᠵᠦ ᠡᠩᠬᠡ ᠲᠠᠶᠢᠪᠤᠩ ᠢ ᠠᠬᠢᠭᠤᠯᠬᠤ︾ ᠡᠯᠪᠡᠭ ᠬᠤᠷᠢᠶᠠᠯᠲᠠ ᠶᠢᠨ ᠪᠠᠶᠠᠷ ᠤᠨ ᠠᠵᠢᠯᠯᠠᠭ᠎ᠠ ᠶᠢᠨ ᠲᠥᠰᠦᠯ                                       2023 ᠣᠨ ᠤ 9 ᠰᠠᠷ᠎ᠠ ᠶᠢᠨ 20 ᠤ ᠡᠳᠦᠷ   ᠳᠠᠭᠠᠯᠳᠤᠭᠤᠯᠤᠯ᠄      ᠲᠦᠴᠢᠦᠸᠠᠨ ᠰᠢᠶᠠᠨ 2023 ᠣᠨ ᠤ ︽ᠡᠯᠪᠡᠭ ᠬᠤᠷᠢᠶᠠᠯᠲᠠ ᠶᠢ ᠪᠡᠯᠭᠡᠯᠡᠵᠦ ᠡᠶ᠎ᠡ ᠨᠠᠶᠢᠷᠠᠮᠳᠠᠭᠤ ᠶᠢ ᠠᠬᠢᠭᠤᠯᠬᠤ︾ ᠡᠯᠪᠡᠭ ᠬᠤᠷᠢᠶᠠᠯᠲᠠ ᠶᠢᠨ ᠪᠠᠶᠠᠷ ᠤᠨ ᠠᠵᠢᠯᠯᠠᠭᠠᠨ ᠤ ᠲᠥᠰᠦᠯ    ᠡᠯᠪᠡᠭ ᠬᠤᠷᠢᠶᠠᠯᠲᠠ ᠶᠢᠨ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠢ ᠭᠦᠢᠴᠡᠳ ᠳᠡᠯᠭᠡᠨ ᠦᠵᠡᠭᠦᠯᠵᠦ᠂ ᠥᠨᠢ ᠤᠳᠠᠭᠠᠨ ᠬᠤᠭᠤᠴᠠᠭᠠᠨ ᠤ ᠲᠠᠷᠢᠶᠠᠯᠠᠬᠤ ᠰᠣᠶᠣᠯ ᠢ ᠪᠠᠳᠠᠷᠠᠭᠤᠯᠤᠨ᠂ ᠬᠥᠳᠡᠭᠡ ᠲᠣᠰᠬᠤᠨ ᠤ ᠲᠠᠷᠢᠶᠠᠯᠠᠩ ᠲᠠᠷᠢᠶᠠᠴᠢᠨ ᠤ ᠬᠥᠭᠵᠢᠯᠲᠡ ᠶᠢᠨ ᠰᠢᠨ᠎ᠡ ᠦᠷ᠎ᠡ ᠪᠦᠲᠦᠭᠡᠯ᠂ ᠰᠢᠨ᠎ᠡ ᠬᠤᠪᠢᠷᠠᠯᠲᠠ ᠶᠢ ᠢᠯᠡᠷᠡᠭᠦᠯᠵᠦ᠂ ᠥᠷᠭᠡᠨ ᠤᠯᠠᠨ ᠠᠷᠠᠳ ᠲᠦᠮᠡᠨ ᠤ ᠢᠳᠡᠪᠬᠢᠵᠢᠯ᠂ ᠪᠦᠲᠦᠭᠡᠯᠴᠢ ᠴᠢᠨᠠᠷ ᠢ ᠬᠥᠭᠵᠢᠭᠡᠵᠦ᠂ ᠥᠷᠭᠡᠨ ᠤᠯᠠᠨ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠲᠦᠴᠢᠦᠸᠠᠨ ᠰᠢᠶᠠᠨ ᠤ 2023 ᠣᠨ ᠤ ︽ᠡᠯᠪᠡᠭ ᠬᠤᠷᠢᠶᠠᠯᠲᠠ ᠶᠢ ᠪᠡᠯᠭᠡᠯᠡᠵᠦ ᠡᠶ᠎ᠡ ᠨᠠᠶᠢᠷᠠᠮᠳᠠᠭᠤ ᠶᠢ ᠠᠬᠢᠭᠤᠯᠬᠤ︾ ᠡᠯᠪᠡᠭ ᠬᠤᠷᠢᠶᠠᠯᠲᠠ ᠶᠢᠨ ᠪᠠᠶᠠᠷ ᠤᠨ ᠠᠵᠢᠯᠯᠠᠭ᠎ᠠ ᠶᠢ ᠡᠷᠭᠢᠯᠡᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠥᠷᠠᠬᠢ ᠮᠡᠲᠦ ᠮᠡᠳᠡᠭᠳᠡᠶ᠎ᠡ᠄ ᠨᠢᠭᠡ᠂ ᠭᠤᠣᠯᠯᠠᠨ ᠡᠷᠬᠢᠯᠡᠬᠦ ᠨᠢᠭᠡᠴᠢ      ᠲᠦᠴᠢᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ      ᠲᠦᠴᠢᠦᠸᠠᠨ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ      ᠪᠦᠦ ᠱᠢ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠬᠤᠶᠠᠷ᠂ ᠳᠠᠭᠠᠭᠠᠨ ᠰᠢᠳᠬᠡᠭᠰᠡᠨ ᠨᠢᠭᠡᠴᠢ      ᠲᠦᠴᠢᠦᠸᠠᠨ ᠰᠢᠶᠠᠨ ᠤ ᠬᠤᠸᠠ ᠵᠦ ᠠᠮᠢ ᠠᠬᠤᠶ ᠶᠢᠨ ᠵᠢᠭᠤᠯᠴᠢᠯᠠᠯ ᠤᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠭᠤᠷᠪᠠ᠂ ᠠᠵᠢᠯᠯᠠᠭᠠᠨ ᠤ ᠴᠠᠭ      2023 ᠣᠨ ᠤ 9 ᠰᠠᠷ᠎ᠠ ᠶᠢᠨ 23 ᠤ ᠡᠳᠦᠷ ᠳᠥᠷᠪᠡ᠂ ᠠᠵᠢᠯᠯᠠᠭ᠎ᠠ ᠬᠢᠬᠦ ᠭᠠᠵᠠᠷ          ᠲᠦᠴᠢᠦᠸᠠᠨ ᠰᠢᠶᠠᠨ ᠤ ᠪᠦᠦ ᠱᠢ ᠵᠧᠨ ᠴᠦᠨ ᠵᠧᠦ ᠶᠢᠨ ᠡᠷᠲᠡᠨ ᠤ ᠬᠤᠳᠠ ᠲᠠᠪᠤ᠂ ᠠᠵᠢᠯᠯᠠᠭ᠎ᠠ ᠶᠢᠨ ᠠᠭᠤᠯᠭ᠎ᠠ ︵ᠨᠢᠭᠡ︶ ︽ᠡᠯᠪᠡᠭ ᠬᠤᠷᠢᠶᠠᠯᠲᠠ ᠶᠢ ᠪᠡᠯᠭᠡᠯᠡᠵᠦ ᠡᠶ᠎ᠡ ᠨᠠᠶᠢᠷᠠᠮᠳᠠᠭᠤ ᠶᠢ ᠠᠬᠢᠭᠤᠯᠬᠤ︾ ᠤᠷᠠᠨ ᠰᠠᠶᠢᠬᠠᠨ ᠤ ᠲᠣᠭᠯᠠᠯᠲᠠ ︵ᠦᠳᠡ ᠶᠢᠨ ᠡᠮᠦᠨᠡᠬᠢ 9᠄ 00 ᠴᠠᠭ ᠲᠤ ᠡᠬᠢᠯᠡᠨ᠎ᠡ︶    ᠰᠢᠶᠠᠩ ᠪᠠᠯᠭᠠᠰᠤ᠂ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ᠨᠢᠭᠡᠪᠦᠷᠢ ᠠᠴᠠ 2 ︱ 3 ᠲᠣᠭᠯᠠᠯᠲᠠ ᠶᠢᠨ ᠲᠣᠭᠯᠠᠯᠲᠠ ᠰᠣᠩᠭᠤᠵᠤ᠂ ᠰᠢᠶᠠᠨ ᠤ ᠤᠯᠠᠭᠠᠨᠮᠥ᠋ᠴᠢᠷ ᠠᠴᠠ 2 ︱ 3 ᠰᠢᠯᠢᠳᠡᠭ ᠲᠣᠭᠯᠠᠯᠲᠠ ᠶᠢ ᠬᠠᠪᠰᠤᠷᠤᠨ ᠲᠣᠭᠯᠠᠨ᠎ᠠ᠃ ︵ᠬᠤᠶᠠᠷ︶ ᠲᠠᠷᠢᠶᠠᠴᠢᠳ ᠤᠨ ᠳᠤᠷ᠎ᠠ ᠰᠣᠨᠢᠷᠬᠠᠯ ᠤᠨ ᠪᠡᠶ᠎ᠡ ᠶᠢᠨ ᠲᠠᠮᠢᠷ ᠤᠨ ᠴᠤᠭᠯᠠᠭᠠᠨ ︵ᠦᠳᠡ ᠶᠢᠨ ᠬᠤᠶᠢᠨᠠᠬᠢ 13᠄ 00 ᠴᠠᠭ ᠠᠴᠠ ᠡᠬᠢᠯᠡᠨ᠎ᠡ︶    1. ᠲᠠᠷᠢᠶᠠᠴᠢᠳ ᠤᠨ ᠳᠡᠭᠡᠰᠦ ᠲᠠᠲᠠᠬᠤ ᠤᠷᠤᠯᠳᠤᠭᠠᠨ᠃ ᠰᠢᠶᠠᠩ ᠪᠠᠯᠭᠠᠰᠤ ᠨᠢᠭᠡᠪᠦᠷᠢ ᠳᠤ 1 ᠲᠥᠯᠥᠭᠡᠯᠡᠭᠴᠢᠳ ᠤᠨ ᠠᠩᠭᠢ᠂ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ᠲᠤ 1 ᠲᠥᠯᠥᠭᠡᠯᠡᠭᠴᠢᠳ ᠤᠨ ᠠᠩᠭᠢ ᠪᠠᠶᠢᠵᠤ᠂ ᠠᠩᠭᠢ ᠪᠦᠷᠢ ᠳᠤ 6 ᠡᠷᠡᠭᠲᠡᠶ 4 ᠡᠮᠡᠭᠲᠡᠶ ᠲᠠᠢ ᠪᠠᠶᠢᠬᠤ ᠶᠢ ᠱᠠᠭᠠᠷᠳᠠᠪᠠ᠃    2. ᠡᠯᠪᠡᠭ ᠬᠤᠷᠢᠶᠠᠯᠲᠠ ᠲᠠᠢ ᠪᠤᠤᠯᠢᠩ ᠪᠥᠮᠪᠦᠭᠡ᠃ ᠰᠢᠶᠠᠩ ᠪᠠᠯᠭᠠᠰᠤ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠠᠴᠠ 3 ᠬᠥᠮᠦᠨ ᠲᠣᠮᠢᠯᠠᠵᠤ᠂ ᠲᠣᠭᠲᠠᠭᠰᠠᠨ ᠪᠥᠮᠪᠥᠷᠴᠡᠭ ᠢ ᠬᠡᠷᠡᠭᠯᠡᠵᠦ᠂ ᠲᠣᠭᠲᠠᠭᠰᠠᠨ ᠵᠠᠢ ᠳᠤ ᠰᠢᠳᠡᠨ ᠭᠠᠷᠭᠠᠵᠤ᠂ 10 ᠰᠠᠪᠠᠭ᠎ᠠ ᠡᠷᠳᠡᠨᠢ ᠰᠢᠰᠢ ᠪᠠᠷ ᠪᠦᠷᠢᠯᠳᠦᠭᠰᠡᠨ ᠲᠡᠩᠴᠡᠭᠦᠦ ᠲᠠᠯᠠᠲᠤ ᠭᠤᠷᠪᠠᠯᠵᠢᠨ ᠢ ᠮᠥᠷᠭᠦᠵᠦ᠂ ᠬᠠᠮᠤᠭ ᠡᠴᠦᠰ ᠲᠤ ᠮᠥᠷᠭᠦᠭᠰᠡᠨ ᠲᠤᠭ᠎ᠠ ᠶᠢ ᠨᠡᠶᠢᠯᠡᠭᠦᠯᠦᠨ᠎ᠡ᠃    3. ᠬᠤᠭᠤᠰᠣᠨ ᠭᠠᠷ ᠢᠶᠠᠷ ᠢᠶᠠᠨ ᠡᠷᠳᠡᠨᠢ ᠰᠢᠰᠢ ᠶᠢ ᠨᠤᠬᠤᠯᠠᠬᠤ᠃ ᠰᠢᠶᠠᠩ ᠪᠠᠯᠭᠠᠰᠤ᠂ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ᠠᠴᠠ 3 ᠬᠥᠮᠦᠨ ᠲᠣᠮᠢᠯᠠᠵᠤ᠂ ᠶᠡᠭᠡ ᠪᠠᠭ᠎ᠠ ᠨᠢ ᠨᠢᠭᠡᠳᠦᠯᠲᠡᠶ ᠡᠷᠳᠡᠨᠢ ᠰᠢᠰᠢ ᠶᠢᠨ ᠬᠡᠳᠦᠨ ᠰᠢᠳᠠᠮ ᠢ ᠪᠡᠯᠡᠳᠬᠡᠵᠦ᠂ ᠴᠠᠭ ᠬᠤᠭᠤᠴᠠᠭ᠎ᠠ ᠶᠢ ᠨᠢ ᠬᠥᠮᠦᠨ ᠪᠦᠷᠢ ᠨᠢᠭᠡ ᠮᠢᠨᠦ᠋ᠲ ᠢᠶᠠᠷ ᠬᠢᠵᠠᠭᠠᠷᠯᠠᠨ ᠲᠣᠭᠲᠠᠭᠠᠵᠤ᠂ ᠬᠠᠮᠤᠭ ᠡᠴᠦᠰ ᠲᠤ ᠡᠷᠳᠡᠨᠢ ᠰᠢᠰᠢ ᠶᠢᠨ ᠮᠥᠬᠦᠯᠢᠭ ᠰᠢᠳᠠᠮ ᠤᠨ ᠲᠤᠭ᠎ᠠ ᠶᠢ ᠪᠤᠳᠤᠨ᠎ᠠ    4. ᠲᠠᠷᠢᠶᠠᠯᠠᠩ ᠤᠨ ᠪᠦᠲᠦᠭᠡᠭᠳᠡᠬᠦᠨ ᠤ ᠬᠦᠨᠳᠦ ᠶᠢ ᠬᠡᠮᠵᠢᠬᠦ᠃ ᠰᠢᠶᠠᠩ ᠪᠠᠯᠭᠠᠰᠤ᠂ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ᠨᠢᠭᠡᠪᠦᠷᠢ ᠠᠴᠠ 3 ᠬᠥᠮᠦᠨ ᠲᠣᠮᠢᠯᠠᠵᠤ᠂ ᠺᠢᠯᠣᠭ᠍ᠷᠠᠮ ᠢ ᠨᠢ ᠵᠢᠩᠯᠡᠵᠦ᠂ 50 ᠺᠢᠯᠣᠭ᠍ᠷᠠᠮ ᠤᠨ ᠬᠦᠨᠳᠦ ᠪᠠᠷ ᠬᠢᠵᠠᠭᠠᠷᠯᠠᠨ᠎ᠠ᠂ ᠵᠥᠪᠬᠡᠨ ᠲᠠᠯᠪᠢᠬᠤ ᠠᠴᠠ ᠪᠢᠰᠢ ᠭᠠᠷᠭᠠᠵᠤ ᠠᠪᠬᠤ ᠥᠬᠡᠶ᠂ 30 ᠵᠢᠩ ᠠᠴᠠ ᠬᠡᠲᠦᠷᠡᠪᠡᠯ ᠰᠢᠭᠰᠢᠭᠳᠡᠭᠰᠡᠨ ᠢᠶᠠᠷ ᠦᠵᠡᠵᠦ᠂ ᠬᠠᠮᠤᠭ ᠤᠨ ᠣᠶᠢᠷ᠎ᠠ ᠳᠠᠭᠠᠨ 30 ᠺᠢᠯᠣᠭ᠍ᠷᠠᠮ ᠢᠶᠠᠷ ᠳᠡᠶᠢᠯᠦᠨ᠎ᠡ᠃    5. ᠰᠠᠪᠬ᠎ᠠ ᠳᠤ ᠡᠷᠳᠡᠨᠢ ᠰᠢᠰᠢ ᠶᠢᠨ ᠮᠥᠬᠦᠯᠢᠭ ᠢ ᠬᠠᠪᠴᠢᠭᠤᠯᠬᠤ᠃ ᠰᠢᠶᠠᠩ ᠪᠠᠯᠭᠠᠰᠤ᠂ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ᠠᠴᠠ 3 ᠬᠥᠮᠦᠨ ᠲᠣᠮᠢᠯᠠᠵᠤ᠂ ᠡᠷᠳᠡᠨᠢ ᠰᠢᠰᠢ ᠶᠢᠨ ᠮᠥᠬᠦᠯᠢᠭ ᠢ ᠡᠳᠦᠶ ᠲᠡᠳᠦᠶ ᠪᠡᠯᠡᠳᠬᠡᠵᠦ᠂ ᠲᠣᠭᠲᠠᠭᠰᠠᠨ ᠴᠠᠭ ᠢ ᠬᠥᠮᠦᠨ ᠪᠦᠷᠢ ᠨᠢᠭᠡ ᠮᠢᠨᠦ᠋ᠲ ᠢᠶᠠᠷ ᠬᠢᠵᠠᠭᠠᠷᠯᠠᠨ᠂ ᠲᠣᠭᠲᠠᠭᠰᠠᠨ ᠵᠠᠶ ᠶᠢᠨ ᠳᠣᠲᠣᠷ᠎ᠠ ᠨᠠᠭᠠᠰᠢ ᠴᠠᠭᠠᠰᠢ ᠭᠦᠶᠦᠯᠭᠡᠵᠦ᠂ ᠬᠠᠮᠤᠭ ᠡᠴᠦᠰ ᠲᠤ ᠡᠷᠳᠡᠨᠢ ᠰᠢᠰᠢ ᠶᠢᠨ ᠮᠥᠬᠦᠯᠢᠭ ᠤᠨ ᠲᠤᠭ᠎ᠠ ᠶᠢ ᠪᠤᠳᠤᠨ᠎ᠠ᠃    6. ᠲᠥᠮᠥᠰᠥᠨ ᠤ ᠪᠤᠤᠬᠢᠶ᠎ᠠ ᠤᠷᠤᠯᠳᠤᠭᠠᠨ᠃ ᠰᠢᠶᠠᠩ ᠪᠠᠯᠭᠠᠰᠤ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠨᠢᠭᠡᠪᠦᠷᠢ ᠠᠴᠠ 3 ᠬᠥᠮᠦᠨ ᠲᠣᠮᠢᠯᠠᠵᠤ᠂ 3 ᠮᠢᠨᠦ᠋ᠲ ᠤᠨ ᠴᠠᠭ ᠢ ᠬᠢᠵᠠᠭᠠᠷᠯᠠᠵᠤ᠂ ᠲᠣᠭᠲᠠᠭᠰᠠᠨ ᠵᠠᠶ ᠶᠢᠨ ᠳᠣᠲᠣᠷ᠎ᠠ ᠬᠤᠶᠠᠷ ᠪᠤᠤᠬᠢᠶ᠎ᠠ ᠳᠠᠮᠵᠢᠭᠤᠯᠬᠤ ᠲᠥᠮᠥᠰᠥ ᠶᠢ ᠪᠦᠷᠢᠯᠳᠦᠭᠦᠯᠵᠦ᠂ ᠬᠠᠮᠤᠭ ᠡᠴᠦᠰ ᠲᠤ ᠲᠥᠮᠥᠰᠥ ᠶᠢᠨ ᠲᠤᠭ᠎ᠠ ᠬᠡᠮᠵᠢᠶ᠎ᠡ ᠶᠢ ᠨᠡᠶᠢᠯᠡᠭᠦᠯᠦᠨ᠎ᠡ᠃    ᠠᠵᠢᠯᠯᠠᠭᠠᠨ ᠤ ᠪᠠᠭᠠᠵᠢ ᠬᠡᠷᠡᠭᠰᠡᠯ ᠢ ᠭᠤᠣᠯᠯᠠᠨ ᠡᠷᠬᠢᠯᠡᠬᠦ ᠨᠢᠭᠡᠴᠢ ᠠᠴᠠ ᠬᠠᠩᠭᠠᠨ᠎ᠠ᠃ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠫᠷᠤᠭ᠍ᠷᠠᠮ ᠪᠠ ᠲᠠᠮᠢᠷᠴᠢᠨ ᠢ ᠨᠠᠷᠢᠨ ᠰᠣᠩᠭᠤᠵᠤ᠂ ᠲᠣᠭᠲᠠᠭᠰᠠᠨ ᠴᠠᠭ ᠲᠠᠭᠠᠨ ᠠᠵᠢᠯᠯᠠᠭ᠎ᠠ ᠳᠤ ᠣᠷᠣᠯᠴᠠᠵᠤ᠂ ᠳᠡᠭᠡᠰᠦ ᠲᠠᠲᠠᠬᠤ ᠤᠷᠤᠯᠳᠤᠭᠠᠨ ᠤ ᠲᠠᠮᠢᠷᠴᠢᠨ ᠢ ᠪᠤᠰᠤᠳ ᠲᠠᠮᠢᠷᠴᠢᠨ ᠲᠠᠢ ᠳᠠᠪᠬᠤᠷᠳᠠᠭᠤᠯᠵᠤ ᠪᠣᠯᠤᠨ᠎ᠠ᠂ ᠪᠤᠰᠤᠳ ᠤᠷᠤᠯᠳᠤᠭᠠᠨ ᠤ ᠬᠤᠭᠤᠷᠣᠨᠳᠣᠬᠢ ᠲᠠᠮᠢᠷᠴᠢᠨ ᠢ ᠳᠠᠪᠬᠤᠷᠳᠠᠭᠤᠯᠵᠤ ᠪᠣᠯᠬᠤ ᠥᠬᠡᠶ᠃    ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ᠠᠵᠢᠯᠯᠠᠭᠠᠨ ᠤ ᠭᠠᠵᠠᠷ ᠲᠠᠭᠠᠨ ᠥᠪᠡᠰᠦᠪᠡᠨ ᠬᠦᠷᠴᠦ᠂ ᠵᠠᠮ ᠬᠠᠷᠢᠯᠴᠠᠭ᠎ᠠ ᠪᠠ ᠬᠤᠭᠤᠯᠠ ᠤᠮᠳᠠ ᠪᠠᠨ ᠥᠪᠡᠰᠦᠪᠡᠨ ᠰᠢᠶᠳᠪᠦᠷᠢᠯᠡᠨ᠎ᠡ᠂ ᠴᠦᠨ ᠵᠧᠸ ᠶᠢᠨ ᠡᠷᠲᠡᠨ ᠤ ᠬᠤᠲᠠ ᠶᠢᠨ ᠱᠣᠸ ᠳᠠᠭᠠᠭᠠᠮᠠᠯ ︵15148261406︶ ᠪᠤᠶᠤ ᠪᠦᠦ ᠴᠧᠩ ᠤᠨ ᠠᠮᠲᠠᠲᠤ ᠢᠳᠡᠭᠡᠨ ᠤ ᠠᠶᠢᠮᠠᠭ ᠵᠧᠸ ᠴᠢᠤᠸᠠᠨ ᠵᠥᠩ ︵13948225371︶ ᠲᠠᠢ ᠤᠷᠢᠳᠴᠢᠯᠠᠨ ᠬᠠᠷᠢᠯᠴᠠᠭᠠᠷᠠᠶ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号