ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠦᠨ ᠤ ᠠᠯᠪᠠᠨ ᠭᠡᠷ ᠤᠨ 2023 ᠣᠨ ᠤ ᠤᠯᠤᠰ ᠤᠨ ᠨᠤᠲᠤᠭ ᠳᠡᠪᠢᠰᠬᠡᠷ ᠤᠨ ᠡᠳᠦᠷ ᠲᠤᠲᠤᠮ ᠤᠨ ᠬᠤᠪᠢᠷᠠᠯᠲᠠ ᠶᠢᠨ ᠪᠠᠶᠢᠴᠠᠭᠠᠯᠲᠠ ᠶᠢ ᠳᠠᠷᠤᠮᠠᠯᠯᠠᠨ ᠲᠠᠷᠬᠠᠭᠠᠬᠤ ᠲᠤᠬᠠᠶ ᠬᠡᠷᠡᠭᠵᠢᠭᠦᠯᠬᠦ ᠲᠥᠰᠦᠯ ᠢ ᠮᠡᠳᠡᠭᠳᠡᠬᠦ
ᠨᠡᠶᠢᠲᠡᠯᠡᠭᠰᠡᠨ ᠴᠠᠭ᠄
2023/9/5
ᠵᠠᠰᠠᠭ ᠠᠯᠪᠠᠨ ᠲᠠᠷᠬᠠᠭᠠᠭᠰᠠᠨ 〔2023〕 72 ᠳ᠋ᠤᠭᠠᠷ ᠲᠣᠭᠠᠲᠤ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠦᠨ ᠤ ᠠᠯᠪᠠᠨ ᠭᠡᠷ ᠤᠨ 2023 ᠣᠨ ᠤ ᠤᠯᠤᠰ ᠤᠨ ᠨᠤᠲᠤᠭ ᠳᠡᠪᠢᠰᠬᠡᠷ ᠤᠨ ᠡᠳᠦᠷ ᠲᠤᠲᠤᠮ ᠤᠨ ᠬᠤᠪᠢᠷᠠᠯᠲᠠ ᠶᠢᠨ ᠪᠠᠶᠢᠴᠠᠭᠠᠯᠲᠠ ᠶᠢ ᠳᠠᠷᠤᠮᠠᠯᠯᠠᠨ ᠲᠠᠷᠬᠠᠭᠠᠬᠤ ᠲᠤᠬᠠᠶ ᠬᠡᠷᠡᠭᠵᠢᠭᠦᠯᠬᠦ ᠲᠥᠰᠦᠯ ᠢ ᠮᠡᠳᠡᠭᠳᠡᠬᠦ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠣᠪᠴᠢᠶ᠎ᠠ ᠳᠤ᠄     ︽ᠲᠦᠴᠢᠦᠸᠠᠨ ᠰᠢᠶᠠᠨ ᠤ 2023 ᠣᠨ ᠤ ᠤᠯᠤᠰ ᠤᠨ ᠭᠠᠵᠠᠷ ᠰᠢᠷᠣᠶ ᠶᠢᠨ ᠡᠳᠦᠷ ᠲᠤᠲᠤᠮ ᠤᠨ ᠬᠤᠪᠢᠷᠠᠯᠲᠠ ᠶᠢᠨ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠲᠤᠥᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃                                          2023 ᠣᠨ ᠤ 9 ᠰᠠᠷ᠎ᠠ ᠶᠢᠨ 4  ᠤ ᠡᠳᠦᠷᠲᠦᠴᠢᠦᠸᠠᠨ ᠰᠢᠶᠠᠨ ᠤ 2023 ᠣᠨ ᠤ ᠤᠯᠤᠰ ᠤᠨ ᠨᠤᠲᠤᠭ ᠳᠡᠪᠢᠰᠬᠡᠷ ᠤᠨ ᠡᠳᠦᠷ ᠲᠤᠲᠤᠮ ᠤᠨ ᠬᠤᠪᠢᠷᠠᠯᠲᠠ ᠶᠢᠨ ᠲᠤᠬᠠᠶ ᠪᠠᠶᠢᠴᠠᠭᠠᠯᠲᠠ ᠬᠡᠷᠡᠭᠵᠢᠭᠦᠯᠬᠦ ᠲᠥᠰᠦᠯ        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠡᠳᠦᠷ ᠲᠤᠲᠤᠮ ᠤᠨ ᠤᠯᠤᠰ ᠤᠨ ᠭᠠᠵᠠᠷ ᠰᠢᠷᠣᠶ ᠶᠢᠨ ᠬᠤᠪᠢᠷᠠᠯᠲᠠ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠲᠤᠬᠠᠶ ᠮᠡᠳᠡᠭᠳᠡᠯ﹀︾ ︵ᠥᠪᠥᠷ ᠪᠠᠶᠢᠭᠠᠯᠢ ᠶᠢᠨ ᠡᠬᠢ ᠪᠠᠶᠠᠯᠢᠭ ᠥᠰᠥᠭ ﹇2023﹈ 195 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠪᠥᠬᠦ ᠰᠢᠶᠠᠨ ᠤ ᠤᠯᠤᠰ ᠤᠨ ᠭᠠᠵᠠᠷ ᠰᠢᠷᠣᠶ ᠶᠢᠨ ᠬᠤᠪᠢᠷᠠᠯᠲᠠ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ ᠴᠠᠭ ᠲᠤᠬᠠᠶ ᠳᠤᠨᠢ ᠰᠢᠨᠡᠳᠬᠡᠵᠦ᠂ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠠᠮᠠᠭᠠᠯᠠᠨ ᠰᠢᠨᠡᠳᠬᠡᠵᠦ᠂ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠣᠳᠣᠬᠢ ᠪᠠᠶᠢᠳᠠᠯ ᠢ ᠪᠠᠲᠤᠯᠠᠵᠤ᠂ 2023 ᠣᠨ ᠤ ᠤᠯᠤᠰ ᠤᠨ ᠭᠠᠵᠠᠷ ᠰᠢᠷᠣᠶ ᠶᠢᠨ ᠡᠳᠦᠷ ᠲᠤᠲᠤᠮ ᠤᠨ ᠬᠤᠪᠢᠷᠠᠯᠲᠠ ᠶᠢᠨ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠶᠢᠨ ᠨᠢᠭᠡ᠂ ᠶᠡᠷᠦᠩᠬᠡᠶ ᠬᠠᠷᠠᠯᠲᠠ     ᠮᠠᠨ ᠤ ᠰᠢᠶᠠᠨ ᠤ 2023 ᠣᠨ ᠤ ᠡᠳᠦᠷ ᠲᠤᠲᠤᠮ ᠤᠨ ᠬᠤᠪᠢᠷᠠᠯᠲᠠ ᠶᠢᠨ ᠪᠠᠶᠢᠴᠠᠭᠠᠯᠲᠠ ᠶᠢᠨ ᠭᠤᠥᠯ ᠬᠠᠷᠠᠯᠲᠠ ᠪᠣᠯ᠄ 2022 ᠣᠨ ᠤ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠰᠠᠭᠤᠷᠢᠨ ᠳᠡᠭᠡᠷ᠎ᠡ᠂ ᠠᠯᠤᠰ ᠰᠡᠷᠡᠯ ᠤᠨ ᠬᠢᠨᠠᠨ ᠬᠡᠮᠵᠢᠯᠲᠡ ᠶᠢ ᠠᠰᠢᠭᠯᠠᠨ᠂ ᠰᠢᠶᠠᠨ ᠤ ᠱᠠᠲᠤᠨ ᠤ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠬᠦ ᠪᠠᠷ ᠳᠡᠮᠵᠢᠨ᠂ 2023 ᠣᠨ ᠤ ᠡᠳᠦᠷ ᠲᠤᠲᠤᠮ ᠤᠨ ᠤᠯᠤᠰ ᠤᠨ ᠨᠤᠲᠤᠭ ᠳᠡᠪᠢᠰᠬᠡᠷ ᠤᠨ ᠠᠰᠢᠭᠯᠠᠯᠲᠠ ᠶᠢᠨ ᠣᠳᠣᠬᠢ ᠪᠠᠶᠢᠳᠠᠯ ᠤᠨ ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠴᠠᠭ ᠲᠤᠬᠠᠶ ᠳᠤᠨᠢ ᠲᠤᠰᠬᠠᠵᠤ᠂ ᠵᠢᠯ ᠤᠨ ᠡᠴᠦᠰ ᠲᠤ ᠲᠥᠪᠯᠡᠷᠡᠭᠦᠯᠦᠨ ᠬᠤᠪᠢᠷᠠᠭᠤᠯᠬᠤ ᠳᠠᠷᠤᠯᠲᠠ ᠶᠢ ᠬᠥᠩᠭᠡᠷᠡᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠳᠤ ᠨᠠᠩ ᠰᠠᠶᠢᠨ ᠦᠶᠯᠡᠴᠢᠯᠡᠨ᠎ᠡ᠃ ᠬᠤᠶᠠᠷ᠂ ᠬᠤᠪᠢᠷᠠᠭᠤᠯᠬᠤ ᠬᠡᠪᠴᠢᠶ᠎ᠡ     ᠭᠠᠵᠠᠷ ᠵᠦᠶ᠂ ᠠᠭᠤᠷ ᠠᠮᠢᠰᠬᠤᠯ ᠵᠢᠴᠢ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠤᠨ ᠣᠨᠴᠠᠯᠢᠭ ᠢ ᠦᠨᠳᠦᠰᠦᠯᠡᠨ᠂ ᠡᠳᠦᠷ ᠲᠤᠲᠤᠮ ᠤᠨ ᠬᠤᠪᠢᠷᠠᠭᠤᠯᠬᠤ ᠬᠡᠪᠴᠢᠶ᠎ᠡ ᠶᠢ ᠵᠦᠶ ᠵᠣᠬᠢᠰᠲᠠᠶ ᠲᠣᠭᠲᠠᠭᠠᠵᠤ᠂ ᠤᠯᠤᠰ ᠤᠨ ᠭᠠᠵᠠᠷ ᠰᠢᠷᠣᠶ ᠶᠢᠨ ᠡᠳᠦᠷ ᠲᠤᠲᠤᠮ ᠤᠨ ᠬᠤᠪᠢᠷᠠᠭᠤᠯᠬᠤ ᠠᠵᠢᠯ ᠢ ᠥᠷᠨᠢᠭᠦᠯᠦᠨ᠎ᠡ᠃ ᠡᠭᠦᠨ ᠳᠤ ᠭᠤᠣᠯᠳᠠᠭᠤ ᠳᠣᠣᠷᠠᠬᠢ ᠮᠡᠲᠦ ᠬᠡᠳᠦᠨ ᠵᠦᠢᠯ ᠤᠨ ᠪᠠᠶᠢᠳᠠᠯ ᠪᠤᠢ᠄   ᠨᠢᠭᠡ ᠳᠤ᠂ ᠵᠢᠯ ᠤᠨ ᠡᠴᠦᠰ ᠲᠤ ᠭᠡᠷᠡᠴᠢ ᠳᠤᠷᠠᠳᠬᠤ ᠳᠤ ᠬᠦᠴᠢᠷᠲᠡᠶ᠂ ᠪᠣᠳᠠᠲᠠᠶ ᠭᠠᠵᠠᠷ ᠤᠨ ᠲᠦᠷᠦᠯ ᠢ ᠣᠨᠣᠪᠴᠢᠲᠠᠶ ᠲᠤᠰᠬᠠᠵᠤ ᠴᠢᠳᠠᠬᠤ ᠦᠭᠡᠢ᠂ ᠬᠠᠮᠤᠭ ᠤᠨ ᠰᠠᠶᠢᠨ ᠭᠡᠷᠡᠴᠢ ᠳᠤᠷᠠᠳᠬᠤ ᠬᠤᠭᠤᠴᠠᠭᠠᠨ ᠳᠤ ᠭᠡᠷᠡᠴᠢ ᠳᠤᠷᠠᠳᠬᠤ ᠶᠢ ᠥᠷᠨᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠡᠳᠦᠷ ᠲᠤᠳᠤᠮ ᠤᠨ ᠬᠤᠪᠢᠷᠠᠯᠲᠠ ᠶᠢᠨ ᠪᠠᠶᠢᠴᠠᠭᠠᠯᠲᠠ ᠶᠢᠨ ᠠᠵᠢᠯ ᠳᠤ ᠣᠷᠣᠭᠤᠯᠬᠤ ᠴᠢᠬᠤᠯᠠᠲᠠᠶ᠃   ᠬᠤᠶᠠᠷ ᠲᠤ᠂ ᠣᠨ ᠤ ᠳᠣᠲᠣᠷ᠎ᠠ ᠬᠡᠷᠡᠭᠵᠢᠭᠦᠯᠵᠦ ᠳᠠᠭᠤᠰᠬᠠᠭᠰᠠᠨ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯᠯᠠᠭ᠎ᠠ᠄ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ᠂ ᠭᠠᠵᠠᠷ ᠰᠢᠷᠣᠶ ᠶᠢ ᠶᠡᠷᠦᠩᠬᠡᠶᠢᠯᠡᠨ ᠵᠠᠰᠠᠬᠤ᠂ ᠲᠠᠷᠢᠶᠠᠨ ᠭᠠᠵᠠᠷ ᠢ ᠨᠥᠬᠦᠪᠥᠷᠢᠯᠡᠬᠦ ᠲᠥᠷᠥᠯ ᠵᠦᠶᠯ᠂ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ ᠬᠠᠶᠠᠭᠳᠠᠮᠠᠯ ᠠᠭᠤᠷᠬᠠᠶ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠬᠦ᠂ ᠠᠮᠢ ᠠᠬᠤᠶ ᠶᠢ ᠰᠡᠷᠭᠦᠭᠡᠬᠦ᠂ ᠤᠯᠤᠰ ᠤᠨ ᠭᠠᠵᠠᠷ ᠰᠢᠷᠣᠶ ᠶᠢ ᠨᠣᠭᠤᠭᠠᠷᠠᠭᠤᠯᠬᠤ ᠵᠡᠷᠭᠡ ᠠᠴᠠ ᠪᠣᠯᠤᠭᠰᠠᠨ ᠭᠠᠵᠠᠷ ᠰᠢᠷᠣᠶ ᠶᠢᠨ ᠲᠥᠷᠥᠯ ᠵᠦᠶᠯ ᠤᠨ ᠬᠤᠪᠢᠷᠠᠯᠲᠠ ᠶᠢ ᠪᠠᠭᠲᠠᠭᠠᠭᠰᠠᠨ ᠪᠠᠶᠢᠪᠠᠯ᠂ ᠤᠯᠤᠰ ᠤᠨ ᠭᠠᠵᠠᠷ ᠰᠢᠷᠣᠶ ᠶᠢᠨ ᠡᠳᠦᠷ ᠲᠤᠲᠤᠮ ᠤᠨ ᠬᠤᠪᠢᠷᠠᠯᠲᠠ ᠶᠢᠨ ᠪᠠᠶᠢᠴᠠᠭᠠᠯᠲᠠ ᠳᠤ ᠣᠷᠣᠭᠤᠯᠤᠨ᠎ᠠ᠃    ᠭᠤᠷᠪᠠ ᠳᠤ᠂ ᠳᠡᠭᠡᠷ᠎ᠡ ᠬᠠᠭᠠᠰ ᠵᠢᠯ ᠤᠨ ᠭᠠᠵᠠᠷ ᠰᠢᠷᠣᠶ ᠶᠢᠨ ᠲᠥᠷᠥᠯ ᠤᠨ ᠬᠤᠪᠢᠷᠠᠯᠲᠠ ᠶᠢ ᠬᠢᠨᠠᠨ ᠬᠡᠮᠵᠢᠬᠦ᠂ ᠲᠠᠷᠢᠶᠠᠨ ᠭᠠᠵᠠᠷ ᠤᠨ ᠳᠠᠭᠠᠭᠤᠯᠢ ᠣᠳᠣᠨ ᠤ ᠹᠢᠯᠢᠮ ᠳᠤ ᠬᠢᠨᠠᠯᠲᠠ ᠲᠠᠯᠪᠢᠬᠤ᠂ ᠭᠠᠵᠠᠷ ᠰᠢᠷᠣᠶ ᠶᠢᠨ ᠳᠠᠭᠠᠭᠤᠯᠢ ᠣᠳᠣᠨ ᠤ ᠹᠢᠯᠢᠮ ᠤᠨ ᠬᠠᠥᠯᠢ ᠬᠡᠷᠡᠭᠵᠢᠭᠦᠯᠦᠯᠲᠡ ᠶᠢ ᠬᠢᠨᠠᠨ ᠬᠡᠮᠵᠢᠬᠦ ᠪᠠ ᠲᠣᠭᠤᠷᠢᠨ ᠪᠠᠶᠢᠴᠠᠭᠠᠬᠤ ᠳᠤ ᠢᠯᠡᠷᠡᠭᠦᠯᠦᠭᠰᠡᠨ ᠬᠤᠪᠢᠷᠠᠯᠲᠠ ᠶᠢᠨ ᠵᠢᠷᠤᠭ ᠲᠠᠢ ᠤᠶᠠᠯᠳᠤᠭᠤᠯᠤᠨ᠂ ᠤᠯᠤᠰ ᠤᠨ ᠭᠠᠵᠠᠷ ᠰᠢᠷᠣᠶ ᠶᠢᠨ ᠡᠳᠦᠷ ᠲᠤᠲᠤᠮ ᠤᠨ ᠬᠤᠪᠢᠷᠠᠯᠲᠠ ᠶᠢᠨ ᠠᠵᠢᠯ ᠢ ᠴᠠᠭ ᠲᠤᠨᠢ ᠳᠣᠭᠢᠷᠠᠭᠤᠯᠤᠨ ᠥᠷᠨᠢᠭᠦᠯᠦᠨ᠎ᠡ᠃     ᠳᠥᠷᠪᠡ ᠳᠤ᠂ ᠥᠪᠡᠷᠲᠡᠭᠡᠨ ᠵᠠᠰᠠᠬᠤ ᠣᠷᠣᠨ   ᠠᠴᠠ 2023 ᠣᠨ ᠤ ᠠᠯᠤᠰ ᠰᠡᠷᠡᠯ ᠤᠨ ᠵᠢᠷᠤᠭ ᠳᠦᠷᠰᠦ ᠵᠡᠷᠭᠡ ᠮᠠᠲ᠋ᠧᠷᠢᠶᠠᠯ ᠢᠶᠠᠷ ᠳᠡᠮᠵᠢᠨ ᠬᠡᠰᠡᠭ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠨᠠᠨ ᠬᠡᠮᠵᠢᠭᠰᠡᠨ ᠵᠢᠷᠤᠭ ᠢ ᠭᠠᠷᠭᠠᠨ ᠠᠪᠴᠤ ᠣᠷᠣᠨ ᠨᠤᠲᠤᠭ ᠲᠤ ᠲᠠᠷᠬᠠᠭᠠᠨ᠂ ᠲᠤᠬᠠᠶ ᠶᠢᠨ ᠭᠠᠵᠠᠷ ᠲᠤᠨᠢ ᠭᠡᠷᠡᠴᠢ ᠳᠤᠷᠠᠳᠬᠤ ᠪᠠᠷ ᠳᠡᠮᠵᠢᠨ ᠦᠨᠡᠨ ᠬᠦ ᠬᠤᠪᠢᠷᠠᠯᠲᠠ ᠭᠠᠷᠤᠭᠰᠠᠨ ᠪᠠᠶᠢᠪᠠᠯ᠂ ᠤᠯᠤᠰ ᠤᠨ ᠭᠠᠵᠠᠷ ᠰᠢᠷᠣᠶ ᠶᠢᠨ ᠡᠳᠦᠷ ᠲᠤᠲᠤᠮ ᠤᠨ ᠬᠤᠪᠢᠷᠠᠯᠲᠠ ᠶᠢᠨ ᠪᠠᠶᠢᠴᠠᠭᠠᠯᠲᠠ ᠳᠤ ᠣᠷᠣᠭᠤᠯᠤᠨ᠎ᠠ᠃    ᠲᠠᠪᠤ ᠳᠤ  ᠂ᠲᠤᠬᠠᠶ ᠶᠢᠨ ᠭᠠᠵᠠᠷ ᠤᠨ ᠣᠳᠣᠬᠢ ᠪᠠᠶᠢᠳᠠᠯ ᠨᠢ ︽ᠨᠤᠷᠠᠭᠠᠵᠤ ᠳᠠᠭᠤᠰᠤᠭ᠎ᠠ ᠥᠬᠡᠶ︾ ᠪᠤᠶᠤ ︽ᠰᠢᠷᠣᠶ ᠲᠦᠯᠬᠢᠭᠰᠡᠨ ︵ᠣᠪᠣᠭᠠᠯᠠᠭᠰᠠᠨ︶︾ ᠪᠠᠶᠢᠳᠠᠯ ᠲᠠᠢ ᠪᠠᠶᠢᠪᠠᠯ᠂ ᠤᠯᠤᠰ ᠤᠨ ᠭᠠᠵᠠᠷ ᠰᠢᠷᠣᠶ ᠶᠢᠨ ᠡᠳᠦᠷ ᠲᠤᠲᠤᠮ ᠤᠨ ᠬᠤᠪᠢᠷᠠᠯᠲᠠ ᠶᠢᠨ ᠪᠠᠶᠢᠴᠠᠭᠠᠯᠲᠠ ᠳᠤ ᠣᠷᠣᠭᠤᠯᠬᠤ ᠥᠬᠡᠶ᠃ ᠭᠤᠷᠪᠠ᠂ ᠶᠠᠪᠤᠴᠠ ᠶᠢ ᠬᠤᠪᠢᠷᠠᠭᠤᠯᠬᠤ   ᠪᠠᠶᠢᠭᠠᠯᠢ ᠶᠢᠨ ᠡᠬᠢ ᠪᠠᠶᠠᠯᠢᠭ ᠤᠨ ᠪᠠᠶᠢᠴᠠᠭᠠᠯᠲᠠ ᠪᠠ ᠬᠢᠨᠠᠨ ᠬᠡᠮᠵᠢᠯᠲᠡ ᠶᠢᠨ ᠰᠠᠭᠤᠷᠢ ᠲᠣᠭᠠᠨ ᠤ ᠰᠠᠭᠤᠷᠢ ᠵᠢᠷᠤᠭ ᠤᠨ ᠦᠶᠯᠡᠳᠦᠯ ᠢ ᠴᠢᠩᠭᠠᠷᠠᠭᠤᠯᠬᠤ ᠶᠢᠨ ᠲᠥᠯᠥᠭᠡ᠂ ᠤᠯᠤᠰ ᠤᠨ ᠭᠠᠵᠠᠷ ᠰᠢᠷᠣᠶ ᠶᠢᠨ ᠡᠳᠦᠷ ᠲᠤᠲᠤᠮ ᠤᠨ ᠬᠤᠪᠢᠷᠠᠯᠲᠠ ᠶᠢᠨ ᠪᠠᠶᠢᠴᠠᠭᠠᠯᠲᠠ ᠪᠠ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠬᠤᠥᠰ ᠴᠢᠭᠯᠡᠯ ᠢᠶᠠᠷ ᠬᠤᠯᠪᠣᠭᠠᠯᠠᠨ ᠬᠥᠳᠡᠯᠦᠯᠴᠡᠬᠦ᠂ ᠪᠢᠲᠡᠭᠦᠦ ᠴᠠᠭᠠᠷᠢᠭ ᠤᠨ ᠬᠠᠮᠵᠢᠯᠴᠠᠭ᠎ᠠ ᠶᠢ ᠪᠣᠶ ᠪᠣᠯᠭᠠᠵᠤ᠂ ︽ᠡᠷᠲᠡ ᠢᠯᠡᠷᠡᠭᠦᠯᠬᠦ᠂ ᠡᠷᠲᠡ ᠣᠷᠣᠯᠴᠠᠬᠤ᠂ ᠡᠷᠲᠡ ᠴᠡᠭᠴᠡᠯᠡᠨ ᠵᠠᠰᠠᠬᠤ︾ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠤᠯᠤᠰ ᠤᠨ ᠭᠠᠵᠠᠷ ᠰᠢᠷᠣᠶ ᠶᠢᠨ ᠡᠳᠦᠷ ᠲᠤᠲᠤᠮ ᠤᠨ ᠬᠤᠪᠢᠷᠠᠯᠲᠠ ᠶᠢᠨ ᠪᠠᠶᠢᠴᠠᠭᠠᠯᠲᠠ ᠪᠠ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠬᠠᠮᠵᠢᠯᠴᠠᠭ᠎ᠠ ᠶᠢᠨ ᠬᠤᠪᠢᠷᠠᠯᠲᠠ ᠶᠢᠨ ᠴᠤᠪᠤᠷᠠᠯ ᠢ ᠪᠠᠶᠢᠭᠤᠯᠤᠨ᠎ᠠ᠃ 2022 ᠣᠨ ᠤ ᠤᠯᠤᠰ ᠤᠨ ᠨᠤᠲᠤᠭ ᠳᠡᠪᠢᠰᠬᠡᠷ ᠤᠨ ᠬᠤᠪᠢᠷᠠᠯᠲᠠ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠰᠠᠭᠤᠷᠢᠨ ᠳᠡᠭᠡᠷ᠎ᠡ᠂ ᠤᠯᠤᠰ ᠤᠨ ᠨᠤᠲᠤᠭ ᠳᠡᠪᠢᠰᠬᠡᠷ ᠤᠨ ᠡᠳᠦᠷ ᠲᠤᠲᠤᠮ ᠤᠨ ᠬᠤᠪᠢᠷᠠᠯᠲᠠ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ᠃ ᠲᠠᠷᠢᠶᠠᠨ ᠭᠠᠵᠠᠷ ᠤᠨ ᠳᠠᠭᠠᠭᠤᠯᠢ ᠣᠳᠣᠨ ᠳᠤ ᠬᠢᠨᠠᠯᠲᠠ ᠲᠠᠯᠪᠢᠬᠤ ᠲᠠᠢ ᠤᠶᠠᠯᠳᠤᠭᠤᠯᠤᠨ᠂ ᠭᠠᠵᠠᠷ ᠰᠢᠷᠣᠶ ᠶᠢᠨ ᠬᠠᠮᠠᠭᠠᠯᠠᠯᠲᠠ ᠶᠢᠨ ᠹᠢᠯᠢᠮ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠨᠠᠨ ᠬᠡᠮᠵᠢᠯᠲᠡ᠂ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠬᠤᠪᠢᠷᠠᠯᠲᠠ ᠶᠢᠨ ᠵᠢᠷᠤᠭ ᠤᠨ ᠲᠣᠯᠪᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠬᠤ᠂ ᠭᠠᠵᠠᠷ ᠰᠢᠷᠣᠶ ᠶᠢ ᠶᠡᠷᠦᠩᠬᠡᠶᠢᠯᠡᠨ ᠵᠠᠰᠠᠬᠤ᠂ ᠲᠠᠷᠢᠶᠠᠨ ᠭᠠᠵᠠᠷ ᠢ ᠨᠥᠬᠦᠪᠥᠷᠢᠯᠡᠬᠦ ᠲᠥᠷᠥᠯ ᠵᠦᠢᠯ᠂ ᠠᠮᠢ ᠠᠬᠤᠶ ᠶᠢ ᠰᠡᠷᠭᠦᠭᠡᠬᠦ᠂ ᠬᠠᠶᠠᠭᠳᠠᠮᠠᠯ ᠠᠭᠤᠷᠬᠠᠶ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠬᠦ᠂ ᠤᠯᠤᠰ ᠤᠨ ᠭᠠᠵᠠᠷ ᠰᠢᠷᠣᠶ ᠶᠢ ᠨᠣᠭᠤᠭᠠᠷᠠᠭᠤᠯᠬᠤ᠂ ᠡᠯᠡᠰᠦ ᠮᠠᠩᠬ᠎ᠠ ᠶᠢ ᠵᠠᠰᠠᠬᠤ᠂ ᠭᠤᠣᠯ ᠮᠥᠷᠡᠨ ᠨᠠᠭᠤᠷ ᠴᠥᠭᠦᠷᠥᠮ ᠢ ᠵᠠᠰᠠᠬᠤ᠂ ᠨᠡᠭᠦᠳᠡᠯ ᠠᠷᠠᠳ ᠢ ᠲᠣᠰᠬᠤᠨ ᠢ ᠬᠠᠰᠤᠬᠤ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠥᠷᠥᠯ ᠵᠦᠢᠯ ᠤᠨ ᠳᠣᠲᠣᠷᠠᠬᠢ ᠭᠠᠵᠠᠷ ᠰᠢᠷᠣᠶ ᠶᠢᠨ ᠬᠤᠪᠢᠷᠠᠯᠲᠠ ᠳᠤ ᠬᠤᠯᠪᠣᠭᠳᠠᠭᠰᠠᠨ ᠵᠢᠷᠤᠭ ᠤᠨ ᠲᠣᠯᠪᠤ᠂ ᠡᠳᠦᠷ ᠲᠤᠳᠤᠮ ᠤᠨ ᠬᠤᠪᠢᠷᠠᠭᠤᠯᠬᠤ ᠠᠵᠢᠯ ᠢ ᠴᠠᠭ ᠲᠤᠨᠢ ᠲᠣᠬᠢᠷᠠᠭᠤᠯᠤᠨ ᠥᠷᠨᠢᠭᠦᠯᠦᠨ᠎ᠡ᠃    ᠤᠯᠤᠰ ᠤᠨ ᠭᠠᠵᠠᠷ ᠰᠢᠷᠣᠶ ᠶᠢᠨ ᠡᠳᠦᠷ ᠲᠤᠲᠤᠮ ᠤᠨ ᠬᠤᠪᠢᠷᠠᠯᠲᠠ ᠶᠢᠨ ᠪᠠᠶᠢᠴᠠᠭᠠᠯᠲᠠ ᠶᠢᠨ ᠠᠵᠢᠯ ᠤᠨ ᠳᠤᠮᠳᠠ᠂ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠴᠠᠭ ᠲᠤᠬᠠᠶ ᠳᠤᠨᠢ ᠪᠠᠶᠢᠴᠠᠭᠠᠵᠤ ᠬᠢᠨᠠᠨ ᠬᠡᠮᠵᠢᠬᠦ ᠰᠠᠯᠠᠭ᠎ᠠ ᠮᠥᠴᠢᠷ ᠲᠤ ᠪᠠᠶᠢᠭᠠᠯᠢ ᠶᠢᠨ ᠡᠬᠢ ᠪᠠᠶᠠᠯᠢᠭ ᠤᠨ ᠡᠯ᠎ᠡ ᠲᠥᠷᠥᠯ ᠤᠨ ᠬᠠᠮᠢᠶᠠᠷᠤᠯᠲᠠ ᠶᠢᠨ ᠲᠥᠷᠥᠯ ᠵᠦᠶᠯ᠂ ᠬᠢᠨᠠᠨ ᠬᠡᠮᠵᠢᠬᠦ ᠲᠥᠷᠥᠯ ᠵᠦᠶᠯ ᠳᠤ ᠬᠤᠯᠪᠣᠭᠳᠠᠬᠤ ᠭᠠᠵᠠᠷ ᠤᠨ ᠴᠢᠭᠯᠡᠯᠲᠦ ᠦᠷ᠎ᠡ ᠪᠦᠲᠦᠭᠡᠯ ᠢ ᠬᠠᠩᠭᠠᠵᠤ᠂ ᠪᠠᠶᠢᠴᠠᠭᠠᠵᠤ ᠬᠢᠨᠠᠨ ᠬᠡᠮᠵᠢᠬᠦ ᠰᠠᠯᠠᠭ᠎ᠠ ᠮᠥᠴᠢᠷ ᠬᠠᠮᠤᠭ ᠤᠨ ᠰᠢᠨ᠎ᠡ ᠠᠯᠤᠰ ᠰᠡᠷᠡᠯ ᠤᠨ ᠳᠦᠷᠰᠦ ᠰᠢᠩᠭᠡᠭᠡᠯᠲᠡ ᠲᠠᠢ ᠤᠶᠠᠯᠳᠤᠭᠤᠯᠤᠨ ᠠᠵᠢᠯ ᠲᠥᠷᠥᠯ ᠤᠨ ᠳᠣᠲᠣᠷᠠᠬᠢ ᠤᠷᠢᠳᠴᠢᠯᠠᠨ ᠮᠠᠭᠠᠳᠯᠠᠬᠤ ᠠᠵᠢᠯ ᠢ ᠥᠷᠨᠢᠭᠦᠯᠬᠦ ᠶᠢᠨ ᠬᠠᠮᠲᠤ ᠤᠷᠢᠳᠴᠢᠯᠠᠨ ᠮᠠᠭᠠᠳᠯᠠᠭᠰᠠᠨ ᠦᠷ᠎ᠡ ᠳ᠋ᠦᠩ ᠢᠶᠠᠨ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠲᠤ ᠬᠠᠷᠢᠭᠤ ᠲᠤᠰᠬᠠᠨ᠎ᠠ᠃ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠬᠠᠷᠢᠭᠤ ᠲᠤᠰᠬᠠᠭᠰᠠᠨ ᠣᠨᠳᠣᠸ ᠰᠠᠨᠠᠯ ᠥᠬᠡᠶ ᠵᠢᠷᠤᠭ ᠲᠤ᠂ ᠭᠠᠳᠠᠷ ᠠᠵᠢᠯ ᠲᠥᠷᠥᠯ ᠤᠨ ᠪᠠᠶᠢᠴᠠᠭᠠᠯᠲᠠ ᠶᠢᠨ ᠭᠡᠷᠡᠴᠢ ᠳᠤᠷᠠᠳᠬᠤ ᠠᠵᠢᠯ ᠢ ᠥᠷᠨᠢᠭᠦᠯᠬᠦ ᠳᠤ᠂ ᠲᠠᠷᠢᠶᠠᠨ ᠭᠠᠵᠠᠷ ᠤᠨ ᠬᠠᠮᠠᠭᠠᠯᠠᠯᠲᠠ᠂ ᠬᠡᠷᠡᠭᠯᠡᠯᠲᠡ ᠶᠢᠨ ᠬᠠᠮᠢᠶᠠᠷᠤᠯᠲᠠ᠂ ᠬᠠᠥᠯᠢ ᠬᠡᠷᠡᠭᠵᠢᠭᠦᠯᠦᠯᠲᠡ ᠶᠢᠨ ᠬᠢᠨᠠᠯᠲᠠ ᠵᠡᠷᠭᠡ ᠠᠵᠢᠯ ᠯᠤᠭ᠎ᠠ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠨᠢᠭᠡᠨᠲᠡ ᠱᠠᠭᠠᠷᠳᠠᠯᠭ᠎ᠠ ᠳᠤ ᠨᠡᠶᠢᠴᠡᠭᠰᠡᠨ ᠭᠡᠷᠡᠴᠢ ᠳᠤᠷᠠᠳᠤᠭᠰᠠᠨ ᠦᠷ᠎ᠡ ᠪᠦᠲᠦᠭᠡᠯ ᠲᠠᠢ ᠪᠠᠶᠢᠵᠤ᠂ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ᠳᠠᠪᠬᠤᠷᠳᠠᠭᠤᠯᠤᠨ ᠬᠢᠨᠠᠨ ᠪᠠᠶᠢᠴᠠᠭᠠᠬᠤ᠂ ᠭᠡᠷᠡᠴᠢ ᠳᠤᠷᠠᠳᠬᠤ   ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠃ ᠪᠠᠶᠢᠴᠠᠭᠠᠯᠲᠠ ᠳᠤ ᠭᠡᠷᠡᠴᠢ ᠳᠤᠷᠠᠳᠤᠭᠰᠠᠨ ᠤ ᠳᠠᠷᠠᠭ᠎ᠠ ᠦᠷ᠎ᠡ ᠳ᠋ᠦᠩ ᠢ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠲᠤ ᠳᠠᠬᠢᠨᠲᠠ ᠬᠠᠷᠢᠭᠤ ᠲᠤᠰᠬᠠᠵᠤ᠂ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠣᠨᠳᠣᠸ ᠰᠠᠨᠠᠯ ᠥᠬᠡᠶ ᠵᠢᠷᠤᠭ ᠤᠨ ᠲᠣᠯᠪᠤ ᠶᠢ ᠡᠳᠦᠷ ᠲᠤᠲᠤᠮ ᠤᠨ ᠬᠤᠪᠢᠷᠠᠯᠲᠠ ᠶᠢᠨ ᠪᠠᠶᠢᠴᠠᠭᠠᠯᠲᠠ ᠳᠤ ᠣᠷᠣᠭᠤᠯᠵᠤ᠂ ᠣᠨᠳᠣᠸ ᠰᠠᠨᠠᠯ ᠲᠠᠢ ᠵᠢᠷᠤᠭ ᠤᠨ ᠲᠣᠯᠪᠤ ᠶᠢ ᠦᠷᠭᠦᠯᠵᠢᠯᠡᠨ ᠮᠥᠷᠳᠡᠵᠦ᠂ ᠣᠨ ᠤ ᠤᠯᠤᠰ ᠤᠨ ᠨᠤᠲᠤᠭ ᠳᠡᠪᠢᠰᠬᠡᠷ ᠤᠨ ᠬᠤᠪᠢᠷᠠᠯᠲᠠ ᠶᠢᠨ ᠪᠠᠶᠢᠴᠠᠭᠠᠯᠲᠠ ᠳᠤ ᠬᠤᠪᠢᠷᠠᠭᠤᠯᠬᠤ ᠬᠡᠷᠡᠭᠲᠡᠶ᠃   ᠤᠯᠤᠰ ᠤᠨ ᠭᠠᠵᠠᠷ ᠰᠢᠷᠣᠶ ᠶᠢᠨ ᠡᠳᠦᠷ ᠲᠤᠲᠤᠮ ᠤᠨ ᠬᠤᠪᠢᠷᠠᠯᠲᠠ ᠶᠢᠨ ᠵᠢᠷᠤᠭ ᠢ ᠥᠪᠡᠷᠲᠡᠭᠡᠨ ᠵᠠᠰᠠᠬᠤ ᠣᠷᠣᠨ ᠬᠢᠨᠠᠨ ᠪᠠᠶᠢᠴᠠᠭᠠᠭᠰᠠᠨ ᠤ ᠳᠡᠭᠡᠭᠰᠢ ᠮᠡᠳᠡᠭᠦᠯᠬᠦ ᠶᠠᠮᠤᠨ ᠤᠯᠤᠰ ᠤᠨ ᠲᠠᠰ ᠤᠨ ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ᠬᠠᠷᠭᠤᠭᠤᠯᠤᠨ ᠪᠠᠶᠢᠴᠠᠭᠠᠭᠰᠠᠨ ᠦᠷ᠎ᠡ ᠪᠦᠲᠦᠭᠡᠯ ᠢ ᠲᠤᠰᠠᠭᠠᠷ ᠵᠢᠷᠤᠭ ᠤᠨ ᠳᠠᠪᠬᠤᠷᠭ᠎ᠠ ᠶᠢᠨ ᠬᠡᠯᠪᠡᠷᠢ ᠪᠠᠷ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠬᠥᠮᠥᠷᠭᠡ ᠳᠤ ᠲᠦᠷ ᠬᠠᠳᠠᠭᠠᠯᠠᠵᠤ᠂ ᠵᠢᠯ ᠤᠨ ᠡᠴᠦᠰ ᠲᠤ ᠣᠨ ᠤ ᠬᠤᠪᠢᠷᠠᠭᠤᠯᠤᠯᠲᠠ ᠶᠢᠨ ᠪᠠᠶᠢᠴᠠᠭᠠᠯᠲᠠ ᠬᠢᠬᠦ ᠦᠶ᠎ᠡ ᠳᠤ᠂ ᠬᠠᠷᠭᠤᠭᠤᠯᠤᠨ ᠬᠠᠷᠭᠤᠭᠤᠯᠬᠤ ᠪᠠᠷ ᠳᠡᠮᠵᠢᠨ᠂ ᠡᠳᠦᠷ ᠲᠤᠲᠤᠮ ᠤᠨ ᠬᠤᠪᠢᠷᠠᠭᠤᠯᠤᠯᠲᠠ ᠶᠢᠨ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠨᠢ ᠵᠢᠯ ᠤᠨ ᠡᠴᠦᠰ ᠤᠨ ᠠᠯᠤᠰ ᠰᠡᠷᠡᠯ ᠤᠨ ᠬᠢᠨᠠᠨ ᠬᠡᠮᠵᠢᠯᠲᠡ ᠶᠢᠨ ᠳᠦᠷᠰᠦ ᠰᠢᠩᠭᠡᠭᠡᠯᠲᠡ ᠶᠢᠨ ᠣᠨᠴᠠᠯᠢᠭ ᠲᠠᠢ ᠨᠢᠭᠡᠳᠦᠯᠲᠡᠶ ᠪᠠᠶᠢᠪᠠᠯ᠂ ᠣᠨ ᠤ ᠬᠤᠪᠢᠷᠠᠭᠤᠯᠤᠯᠲᠠ ᠶᠢᠨ ᠪᠠᠶᠢᠴᠠᠭᠠᠯᠲᠠ ᠳᠤ ᠰᠢᠭᠤᠳ ᠣᠷᠣᠭᠤᠯᠵᠤ᠂ ᠳᠠᠬᠢᠨ ᠳᠠᠪᠲᠠᠨ ᠭᠡᠷᠡᠴᠢ ᠳᠤᠷᠠᠳᠬᠤ ᠴᠢᠬᠤᠯᠠ ᠥᠬᠡᠶ᠃ ᠳᠥᠷᠪᠡ᠂ ᠠᠵᠢᠯ ᠤᠨ ᠱᠠᠭᠠᠷᠳᠠᠯᠭ᠎ᠠ ︵ᠨᠢᠭᠡ︶ ᠦᠷ᠎ᠡ ᠪᠦᠲᠦᠭᠡᠯ ᠤᠨ ᠱᠠᠭᠠᠷᠳᠠᠯᠭ᠎ᠠ   ᠤᠯᠤᠰ ᠤᠨ ᠨᠤᠲᠤᠭ ᠳᠡᠪᠢᠰᠬᠡᠷ ᠤᠨ ᠡᠳᠦᠷ ᠲᠤᠲᠤᠮ ᠤᠨ ᠬᠤᠪᠢᠷᠠᠯᠲᠠ ᠶᠢᠨ ᠪᠠᠶᠢᠴᠠᠭᠠᠯᠲᠠ ᠶᠢᠨ ᠭᠤᠥᠯ ᠦᠷ᠎ᠡ ᠪᠦᠲᠦᠭᠡᠯ ᠳᠤ ᠸᠧᠺᠲ᠋ᠣᠷ ᠲᠤᠭ᠎ᠠ ᠪᠠᠷᠢᠮᠲᠠ ᠪᠠ ᠭᠡᠷᠡᠴᠢ ᠳᠤᠷᠠᠳᠬᠤ ᠮᠡᠳᠡᠭᠡ ᠵᠠᠩᠭᠢ ᠵᠡᠷᠭᠡ ᠪᠠᠭᠲᠠᠨ᠎ᠠ᠃ ᠡᠭᠦᠨ ᠳᠤ ᠂ ᠴᠢᠭᠯᠡᠯᠲᠦ ᠬᠡᠮᠵᠢᠭᠳᠡᠬᠦᠨ ᠤ ᠲᠤᠭ᠎ᠠ ᠪᠠᠷᠢᠮᠲᠠ ᠨᠢ ᠬᠤᠪᠢᠷᠠᠭᠤᠯᠬᠤ ᠪᠠᠷ ᠪᠠᠶᠢᠭ᠎ᠠ ᠵᠢᠷᠤᠭ ᠤᠨ ᠲᠣᠯᠪᠤ ᠵᠢᠴᠢ ᠬᠠᠮᠢᠶ᠎ᠠ ᠪᠥᠬᠦᠶ ᠲᠤᠰᠠᠭᠠᠷ ᠵᠢᠷᠤᠭ ᠤᠨ ᠳᠠᠪᠬᠤᠷᠭ᠎ᠠ ︵MDB ᠬᠡᠯᠪᠡᠷᠢ᠂ DLTB ᠵᠢᠷᠤᠭ ᠤᠨ ᠳᠠᠪᠬᠤᠷᠭ᠎ᠠ ᠶᠢᠨ ᠬᠠᠷᠢᠶᠠᠲᠤ ᠴᠢᠨᠠᠷ ᠤᠨ ᠥᠰᠥᠭ ᠤᠨ ᠬᠡᠰᠡᠭ ᠨᠢ ᠣᠨ ᠤ ᠬᠤᠪᠢᠷᠠᠯᠲᠠ ᠶᠢᠨ ᠪᠠᠶᠢᠴᠠᠭᠠᠯᠲᠠ ᠶᠢᠨ ᠭᠠᠵᠠᠷ ᠤᠨ ᠲᠥᠷᠥᠯ ᠤᠨ ᠵᠢᠷᠤᠭ ᠤᠨ ᠲᠣᠯᠪᠤ ᠶᠢ ᠰᠢᠨᠡᠳᠬᠡᠬᠦ ᠶᠠᠪᠤᠴᠠ ᠶᠢᠨ ᠳᠠᠪᠬᠤᠷᠭ᠎ᠠ ᠪᠠᠷ ᠯᠠᠪᠯᠠᠯᠲᠠ ᠪᠣᠯᠭᠠᠬᠤ ᠶᠢᠨ ᠬᠠᠮᠲᠤ ᠬᠠᠮᠢᠶ᠎ᠠ ᠪᠥᠬᠦᠶ ᠲᠥᠷᠥᠯ ᠵᠦᠶᠯ ᠤᠨ ᠲᠥᠷᠥᠯ ᠵᠦᠶᠯ ᠤᠨ ᠨᠡᠷᠡᠶᠢᠳᠦᠯ ᠪᠠ ᠳ᠋ᠤᠭᠠᠷᠯᠠᠯ ᠢ ᠨᠡᠮᠡᠬᠦ ᠵᠡᠷᠭᠡ ᠪᠣᠯᠤᠨ᠎ᠠ︶︔ ᠬᠡᠷᠡᠴᠢ ᠳᠤᠷᠠᠳᠬᠤ ᠮᠡᠳᠡᠭᠡ ᠵᠠᠩᠭᠢ ᠪᠣᠯ ᠣᠨ ᠤ ᠬᠤᠪᠢᠷᠠᠯᠲᠠ ᠶᠢᠨ ᠪᠠᠶᠢᠴᠠᠭᠠᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠬᠡᠷᠡᠴᠢ ᠳᠤᠷᠠᠳᠬᠤ ᠦᠷ᠎ᠡ ᠪᠦᠲᠦᠭᠡᠯ ᠤᠨ ᠪᠣᠭᠤᠳᠠᠯ ︵DB ᠬᠡᠯᠪᠡᠷᠢ ᠪᠤᠶᠤ ᠰᠦᠯᠵᠢᠶᠡᠨ ᠳᠡᠭᠡᠷᠡᠬᠢ ᠵᠠᠯᠭᠠᠭᠠᠰᠤ︶ ᠪᠠ ᠬᠡᠷᠡᠴᠢ ᠳᠤᠷᠠᠳᠬᠤ ᠮᠡᠳᠡᠭᠡ ᠵᠠᠩᠭᠢ ᠶᠢᠨ ᠬᠦᠰᠦᠨᠦᠭᠲᠦ ︵MDB ᠬᠡᠯᠪᠡᠷᠢ︶ ᠵᠡᠷᠭᠡ ᠪᠣᠯᠤᠨ᠎ᠠ᠃ ︵ᠬᠤᠶᠠᠷ︶ ᠬᠡᠷᠡᠴᠢ ᠳᠤᠷᠠᠳᠬᠤ ᠱᠠᠭᠠᠷᠳᠠᠯᠭ᠎ᠠ    ᠡᠳᠦᠷ ᠲᠤᠲᠤᠮ ᠤᠨ ᠬᠤᠪᠢᠷᠠᠯᠲᠠ ᠶᠢᠨ ᠪᠠᠶᠢᠴᠠᠭᠠᠯᠲᠠ ᠶᠢᠨ ᠭᠡᠷᠡᠴᠢ ᠳᠤᠷᠠᠳᠬᠤ ᠱᠠᠭᠠᠷᠳᠠᠯᠭ᠎ᠠ ᠨᠢ ᠤᠯᠤᠰ ᠤᠨ ᠨᠤᠲᠤᠭ ᠳᠡᠪᠢᠰᠬᠡᠷ ᠤᠨ ᠬᠤᠪᠢᠷᠠᠯᠲᠠ ᠶᠢᠨ ᠲᠤᠬᠠᠶ ᠣᠨ ᠤ ᠪᠠᠶᠢᠴᠠᠭᠠᠯᠲᠠ ᠶᠢᠨ ᠱᠠᠭᠠᠷᠳᠠᠯᠭ᠎ᠠ ᠲᠠᠢ ᠨᠢᠭᠡᠳᠦᠯᠲᠡᠶ ᠪᠠᠶᠢᠬᠤ ᠡᠳᠦᠷ ᠲᠤᠳᠤᠮ ᠤᠨ ᠬᠤᠪᠢᠷᠠᠭᠤᠯᠤᠯᠲᠠ ᠳᠤ ᠠᠮᠠᠯᠠᠯᠲᠠ ᠪᠠᠷ ᠬᠡᠷᠡᠴᠢ ᠳᠤᠷᠠᠳᠬᠤ᠂ ᠲᠦᠷᠦᠯ ᠢᠶᠠᠷ ᠳᠤᠷᠠᠳᠬᠤ ᠵᠡᠷᠭᠡ ᠬᠡᠷᠡᠴᠢ ᠳᠤᠷᠠᠳᠬᠤ ᠠᠷᠭ᠎ᠠ ᠮᠠᠶ᠋ᠢᠭ ᠢ ᠠᠪᠴᠤ ᠪᠣᠯᠬᠤ ᠦᠭᠡᠢ᠃ ᠲᠠᠪᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ︵ᠨᠢᠭᠡ︶ ᠬᠠᠷᠢᠭᠤᠴᠠᠯᠭ᠎ᠠ ᠶᠢ ᠲᠣᠳᠣᠷᠬᠠᠶᠢᠯᠠᠬᠤ    ᠤᠯᠤᠰ ᠤᠨ ᠭᠠᠵᠠᠷ ᠰᠢᠷᠣᠶ ᠶᠢᠨ ᠡᠳᠦᠷ ᠲᠤᠲᠤᠮ ᠤᠨ ᠬᠤᠪᠢᠷᠠᠯᠲᠠ ᠶᠢᠨ ᠪᠠᠶᠢᠴᠠᠭᠠᠯᠲᠠ ᠳᠤ ︽ᠱᠠᠲᠤ ᠬᠤᠪᠢᠶᠠᠨ ᠲᠠᠰ ᠬᠤᠪᠢᠶᠠᠬᠤ︾ ᠪᠥᠬᠦ ᠶᠠᠪᠤᠴᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠲᠣᠭᠲᠠᠴᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠰᠢᠭᠤ ᠰᠢᠶᠠᠨ ᠨᠢ ᠦᠷ᠎ᠡ ᠪᠦᠲᠦᠭᠡᠯ ᠤᠨ ᠦᠨᠡᠨ ᠪᠣᠳᠠᠲᠤ ᠴᠢᠨᠠᠷ ᠲᠤ ᠭᠤᠥᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠤᠰᠢᠭᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠥᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠭᠠᠵᠠᠷ ᠣᠷᠣᠨ ᠤ ᠡᠳᠦᠷ ᠲᠤᠲᠤᠮ ᠤᠨ ᠬᠤᠪᠢᠷᠠᠯᠲᠠ ᠶᠢᠨ ᠦᠷ᠎ᠡ ᠪᠦᠲᠦᠭᠡᠯ ᠳᠤ 100% ᠪᠠᠷ ᠪᠥᠬᠦ ᠲᠠᠯ᠎ᠠ ᠶᠢᠨ ᠥᠪᠡᠷ ᠤᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠵᠤ᠂ ᠦᠷ᠎ᠡ ᠪᠦᠲᠦᠭᠡᠯ ᠤᠨ ᠪᠦᠷᠢᠨ ᠪᠦᠲᠦᠨ᠂ ᠵᠢᠷᠤᠮᠵᠢᠯ ᠲᠠᠢ᠂ ᠦᠨᠡᠨ ᠪᠣᠳᠠᠲᠠᠶ᠂ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠶᠢᠮᠠᠭ ᠬᠤᠲᠠ ᠨᠤᠭᠤᠳ ᠬᠤᠰᠢᠭᠤ ᠰᠢᠶᠠᠨ ᠤ ᠱᠠᠲᠤᠨ ᠤ ᠪᠠᠶᠢᠴᠠᠭᠠᠯᠲᠠ ᠶᠢᠨ ᠠᠵᠢᠯ ᠤᠨ ᠪᠥᠬᠦ ᠶᠠᠪᠤᠴᠠ ᠳᠤ ᠶᠠᠰᠤ ᠴᠢᠨᠠᠷ ᠢ ᠡᠵᠡᠮᠳᠡᠬᠦ ᠶᠢ ᠴᠢᠩᠭᠠᠳᠬᠠᠵᠤ᠂ ᠬᠤᠰᠢᠭᠤ ᠰᠢᠶᠠᠨ ᠤ ᠬᠢᠷᠢ ᠲᠡᠩᠴᠡᠭᠰᠡᠨ ᠦᠷ᠎ᠡ ᠪᠦᠲᠦᠭᠡᠯ ᠢ ᠥᠪᠡᠷᠲᠡᠭᠡᠨ ᠵᠠᠰᠠᠬᠤ ᠣᠷᠣᠨ ᠳᠤ ᠳᠡᠪᠰᠢᠭᠦᠯᠦᠨ ᠬᠢᠨᠠᠨ ᠪᠠᠶᠢᠴᠠᠭᠠᠯᠭᠠᠵᠤ᠂ ᠥᠪᠡᠷᠲᠡᠭᠡᠨ ᠵᠠᠰᠠᠬᠤ ᠣᠷᠣᠨ   ᠠᠴᠠ ᠡᠳᠦᠷ ᠲᠤᠲᠤᠮ ᠤᠨ ᠬᠤᠪᠢᠷᠠᠯᠲᠠ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠢᠨᠠᠨ ᠪᠠᠶᠢᠴᠠᠭᠠᠵᠤ ᠪᠣᠭᠤᠮᠲᠠ ᠶᠢ ᠠᠳᠬᠤᠬᠤ ᠶᠢ ᠵᠣᠬᠢᠶᠠᠨ ᠪᠠᠶᠢᠭᠤᠯᠤᠨ ᠰᠠᠶᠢᠲᠤᠷ ᠬᠢᠬᠦ ᠶᠢ ᠬᠠᠷᠢᠭᠤᠴᠠᠬᠤ ᠬᠡᠷᠡᠭᠲᠡᠶ᠃ ︵ᠬᠤᠶᠠᠷ︶ ᠵᠣᠬᠢᠶᠠᠨ ᠪᠠᠶᠢᠭᠤᠯᠤᠯᠲᠠ ᠪᠠᠨ ᠴᠢᠩᠭᠠᠳᠬᠠᠬᠤ ᠬᠡᠷᠡᠭᠲᠡᠶ    ᠪᠥᠬᠦ ᠣᠷᠣᠨ ᠤ ᠡᠳᠦᠷ ᠲᠤᠲᠤᠮ ᠤᠨ ᠤᠯᠤᠰ ᠤᠨ ᠭᠠᠵᠠᠷ ᠰᠢᠷᠣᠶ ᠶᠢᠨ ᠬᠤᠪᠢᠷᠠᠯᠲᠠ ᠶᠢᠨ ᠪᠠᠶᠢᠴᠠᠭᠠᠯᠲᠠ ᠶᠢᠨ ᠠᠵᠢᠯ ᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠨᠢᠭᠡᠳᠦᠯᠲᠡᠶ ᠤᠳᠤᠷᠢᠳᠴᠤ᠂ ᠪᠠᠶᠢᠴᠠᠭᠠᠵᠤ ᠬᠢᠨᠠᠨ ᠬᠡᠮᠵᠢᠬᠦ ᠭᠠᠵᠠᠷ   ᠠᠴᠠ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠥᠷᠨᠢᠭᠦᠯᠬᠦ᠂ ᠵᠣᠬᠢᠶᠠᠨ ᠪᠠᠶᠢᠭᠤᠯᠤᠨ ᠪᠠᠶᠢᠴᠠᠭᠠᠬᠤ ᠪᠠ ᠵᠢᠯᠣᠭᠤᠳᠬᠤ᠂ ᠬᠠᠷᠭᠤᠭᠤᠯᠤᠨ ᠪᠠᠶᠢᠴᠠᠭᠠᠬᠤ ᠵᠡᠷᠭᠡ ᠠᠵᠢᠯ ᠢ ᠪᠠᠭᠲᠠᠭᠠᠭᠰᠠᠨ ᠪᠣᠳᠠᠲᠠᠶ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃   ᠲᠠᠷᠢᠶᠠᠨ ᠭᠠᠵᠠᠷ ᠤᠨ ᠬᠠᠮᠠᠭᠠᠯᠠᠯᠲᠠ ᠳᠤ ᠬᠢᠨᠠᠯᠲᠠ ᠲᠠᠯᠪᠢᠬᠤ ᠰᠠᠯᠠᠭ᠎ᠠ ᠮᠥᠴᠢᠷ ᠨᠢ ᠲᠠᠷᠢᠶᠠᠯᠠᠩ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢ ᠨᠢᠭᠡᠳᠦᠯᠲᠡᠶ ᠲᠥᠯᠥᠪᠯᠡᠨ ᠲᠠᠷᠢᠶᠠᠨ ᠭᠠᠵᠠᠷ ᠤᠨ ᠬᠤᠪᠢᠷᠠᠯᠲᠠ ᠶᠢᠨ ᠵᠢᠷᠤᠭ ᠲᠣᠯᠪᠤ ᠶᠢᠨ ᠬᠤᠪᠢᠷᠠᠯᠲᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠲᠠᠷᠢᠶᠠᠨ ᠭᠠᠵᠠᠷ ᠢ ᠬᠠᠥᠯᠢ ᠲᠣᠭᠲᠠᠭᠠᠯ   ᠠᠴᠠ ᠵᠥᠷᠢᠴᠡᠨ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠤᠭᠰᠠᠨ ᠪᠠᠶᠢᠳᠠᠯ ᠢ ᠨᠠᠷᠢᠨ ᠬᠢᠨᠠᠮᠠᠭᠠᠶ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢ ᠪᠠᠶᠢᠴᠠᠭᠠᠬᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠬᠠᠷᠢᠭᠤ ᠲᠤᠰᠬᠠᠵᠤ᠂ ᠨᠥᠬᠦᠴᠡᠯ ᠳᠤ ᠨᠡᠶᠢᠴᠡᠬᠦ ᠵᠢᠷᠤᠭ ᠲᠣᠯᠪᠤ ᠶᠢ ᠤᠯᠤᠰ ᠤᠨ ᠭᠠᠵᠠᠷ ᠰᠢᠷᠣᠶ ᠶᠢᠨ ᠡᠳᠦᠷ ᠲᠤᠲᠤᠮ ᠤᠨ ᠬᠤᠪᠢᠷᠠᠯᠲᠠ ᠶᠢᠨ ᠪᠠᠶᠢᠴᠠᠭᠠᠯᠲᠠ ᠳᠤ ᠣᠷᠣᠭᠤᠯᠬᠤ ᠬᠡᠷᠡᠭᠲᠡᠶ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠠᠵᠢᠯ ᠤᠨ ᠦᠷ᠎ᠡ ᠪᠦᠲᠦᠭᠡᠯ ᠢ ᠬᠠᠷᠢᠭᠤᠴᠠᠨ ᠬᠠᠩᠭᠠᠵᠤ ᠂ ᠨᠥᠬᠦᠴᠡᠯ ᠳᠤ ᠨᠡᠶᠢᠴᠡᠬᠦ ᠵᠢᠷᠤᠭ ᠢ ᠤᠯᠤᠰ ᠤᠨ ᠭᠠᠵᠠᠷ ᠰᠢᠷᠣᠶ ᠶᠢᠨ ᠡᠳᠦᠷ ᠲᠤᠲᠤᠮ ᠤᠨ ᠬᠤᠪᠢᠷᠠᠯᠲᠠ ᠶᠢᠨ ᠪᠠᠶᠢᠴᠠᠭᠠᠯᠲᠠ ᠳᠤ ᠣᠷᠣᠭᠤᠯᠤᠨ᠎ᠠ᠃ ᠬᠠᠥᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠭᠠᠵᠠᠷ ᠰᠢᠷᠣᠶ ᠶᠢᠨ ᠬᠡᠷᠡᠯ ᠵᠢᠷᠤᠭ ᠤᠨ ᠬᠠᠥᠯᠢ ᠬᠡᠷᠡᠭᠵᠢᠭᠦᠯᠦᠯᠲᠡ ᠶᠢᠨ ᠵᠢᠷᠤᠭ ᠤᠨ ᠲᠣᠯᠪᠤ ᠵᠢᠴᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠬᠠᠩᠭᠠᠬᠤ ᠶᠢ ᠬᠠᠷᠢᠭᠤᠴᠠᠬᠤ ᠶᠢᠨ ᠬᠠᠮᠲᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢ ᠪᠠᠶᠢᠴᠠᠭᠠᠬᠤ ᠰᠠᠯᠠᠭ᠎ᠠ ᠮᠥᠴᠢᠷ ᠲᠤ ᠬᠠᠷᠢᠭᠤ ᠲᠤᠰᠬᠠᠵᠤ᠂ ᠨᠥᠬᠦᠴᠡᠯ ᠳᠤ ᠨᠡᠶᠢᠴᠡᠬᠦ ᠵᠢᠷᠤᠭ ᠤᠨ ᠲᠣᠯᠪᠤ ᠶᠢ ᠤᠯᠤᠰ ᠤᠨ ᠭᠠᠵᠠᠷ ᠰᠢᠷᠣᠶ ᠶᠢᠨ ᠡᠳᠦᠷ ᠲᠤᠲᠤᠮ ᠤᠨ ᠬᠤᠪᠢᠷᠠᠯᠲᠠ ᠶᠢᠨ ᠪᠠᠶᠢᠴᠠᠭᠠᠯᠲᠠ ᠳᠤ ᠣᠷᠣᠭᠤᠯᠤᠨ᠎ᠠ᠃ ᠪᠠᠶᠢᠴᠠᠭᠠᠵᠤ ᠬᠢᠨᠠᠨ ᠬᠡᠮᠵᠢᠬᠦ ᠰᠠᠯᠠᠭ᠎ᠠ ᠮᠥᠴᠢᠷ ᠤᠳ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠯᠤᠭ᠎ᠠ ᠵᠣᠯᠭᠠᠭᠤᠯᠬᠤ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠬᠦ ᠵᠢᠷᠤᠭ ᠢ ᠴᠠᠭ ᠲᠤᠬᠠᠶ ᠳᠤᠨᠢ ᠤᠯᠤᠰ ᠤᠨ ᠭᠠᠵᠠᠷ ᠰᠢᠷᠣᠶ ᠶᠢᠨ ᠡᠳᠦᠷ ᠲᠤᠲᠤᠮ ᠤᠨ ᠬᠤᠪᠢᠷᠠᠯᠲᠠ ᠶᠢᠨ ᠪᠠᠶᠢᠴᠠᠭᠠᠯᠲᠠ ᠳᠤ ᠣᠷᠣᠭᠤᠯᠬᠤ ᠬᠡᠷᠡᠭᠲᠡᠶ᠃ ︵ᠭᠤᠷᠪᠠ︶ ᠵᠠᠷᠤᠳᠠᠯ ᠢ ᠨᠠᠶᠢᠳᠠᠪᠤᠷᠢᠵᠢᠭᠤᠯᠬᠤ ᠬᠡᠷᠡᠭᠲᠡᠶ    ᠪᠠᠶᠢᠭᠠᠯᠢ ᠶᠢᠨ ᠡᠬᠢ ᠪᠠᠶᠠᠯᠢᠭ ᠤᠨ ᠭᠤᠥᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠪᠢᠷᠠᠭᠤᠯᠤᠯᠲᠠ ᠶᠢᠨ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠷ ᠲᠤᠲᠤᠮ ᠤᠨ ᠬᠤᠪᠢᠷᠠᠭᠤᠯᠤᠯᠲᠠ ᠶᠢᠨ ᠠᠵᠢᠯ ᠳᠤ ᠬᠤᠯᠪᠣᠭᠳᠠᠬᠤ ᠵᠠᠷᠤᠳᠠᠯ ᠢ ᠬᠢᠨᠠᠮᠠᠭᠠᠶ ᠲᠥᠰᠦᠭᠡᠯᠡᠨ ᠪᠤᠳᠤᠬᠤ ᠶᠢᠨ ᠬᠠᠮᠲᠤ᠂ ︽ᠭᠠᠵᠠᠷ ᠰᠢᠷᠣᠶ ᠶᠢᠨ ᠪᠠᠶᠢᠴᠠᠭᠠᠯᠲᠠ ᠶᠢᠨ ᠲᠦᠷᠢᠮ︾ ᠳᠠᠬᠢ ᠪᠠᠶᠢᠴᠠᠭᠠᠯᠲᠠ ᠶᠢᠨ ᠵᠠᠷᠤᠳᠠᠯ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠯᠦᠭᠡ ᠨᠡᠪᠲᠡᠷᠡᠯᠴᠡᠬᠦ ᠪᠠᠨ ᠴᠢᠩᠭᠠᠳᠬᠠᠵᠤ᠂ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ ᠬᠡᠷᠡᠭᠲᠡᠶ᠃ ᠳᠠᠭᠠᠯᠳᠤᠭᠤᠯᠤᠯ  ᠄      2023 ᠣᠨ ᠤ ᠤᠯᠤᠰ ᠤᠨ ᠨᠤᠲᠤᠭ ᠳᠡᠪᠢᠰᠬᠡᠷ ᠤᠨ ᠡᠳᠦᠷ ᠲᠤᠲᠤᠮ ᠤᠨ ᠬᠤᠪᠢᠷᠠᠯᠲᠠ ᠶᠢᠨ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠳᠤᠭᠤᠶᠢᠯᠠᠩ ᠤᠨ ᠳᠠᠷᠤᠭ᠎ᠠ  ᠄ ᠯᠢ ᠬᠤᠩ ᠰᠢᠩ      ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠳᠤᠭᠤᠶᠢᠯᠠᠩ ᠤᠨ ᠳᠡᠳ᠋ ᠳᠠᠷᠤᠭ᠎ᠠ᠄          ᠨᠢᠦ ᠵᠠᠨ ᠵᠢᠶᠦ᠋ᠨ ᠰᠢᠶᠠᠨ ᠤ ᠪᠠᠶᠢᠭᠠᠯᠢ   ᠶᠢᠨ ᠡᠬᠢ ᠪᠠᠶᠠᠯᠢᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠦᠷᠢᠯᠳᠦᠬᠦᠨ᠄ ᠵᠧᠨ ᠴᠧᠩ     ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ ᠳᠠᠷᠤᠭ᠎ᠠ ᠰᠢᠤᠢ ᠶᠦᠨ ᠰᠢᠶᠠᠩ           ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠡᠳ᠋ ᠳᠠᠷᠤᠭ᠎ᠠ ᠯᠢ ᠳ᠋ᠡ ᠶᠦᠩ                ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ ᠼᠠᠢ ᠶᠦᠨ ᠹᠧᠩ              ᠰᠢᠶᠠᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠳᠡᠳ᠋ ᠳᠠᠷᠤᠭ᠎ᠠ ᠪᠠᠶ ᠬᠤ᠋ ᠯᠢᠩ                 ᠰᠢᠶᠠᠨ ᠤ ᠤᠢ ᠰᠢᠭᠤᠶ ᠡᠪᠡᠰᠦ ᠪᠡᠯᠴᠢᠭᠡᠷ ᠤᠨ ᠲᠣᠪᠴᠢᠶᠠᠨ ᠤ ᠳᠡᠳ᠋ ᠳᠠᠷᠤᠭ᠎ᠠ ᠭᠤᠤ ᠸᠧᠶ ᠭᠦᠸᠧ             ᠰᠢᠶᠠᠨ ᠤ ᠵᠠᠮ ᠬᠠᠷᠢᠯᠴᠠᠭᠠᠨ ᠤ ᠲᠣᠪᠴᠢᠶᠠᠨ ᠤ ᠳᠡᠳ᠋ ᠳᠠᠷᠤᠭ᠎ᠠ ᠭᠦᠸᠧ ᠴᠦᠨ                 ᠰᠢᠶᠠᠨ ᠤ ᠠᠮᠢ ᠠᠬᠤᠶ ᠶᠢᠨ ᠣᠷᠴᠢᠨ ᠨᠥᠬᠦᠴᠡᠯ ᠤᠨ ᠲᠣᠪᠴᠢᠶᠠᠨ ᠤ ᠳᠡᠳ᠋ ᠳᠠᠷᠤᠭ᠎ᠠ ᠾᠧᠦ ᠬᠠᠶ ᠯᠦᠩ              ᠲᠦᠴᠢᠤᠸᠠᠨ  ᠪᠠᠯᠭᠠᠰᠤᠨ ᠤ ᠳᠠᠷᠤᠭ᠎ᠠ ᠫᠠᠩ ᠯᠢᠶᠠᠩ                   ᠯᠢᠦ ᠬᠤ᠋ ᠪᠠᠯᠭᠠᠰᠤᠨ ᠤ ᠳᠠᠷᠤᠭ᠎ᠠ ᠯᠢ ᡁᠢ ᠯᠦᠩ                  ᠳᠦᠷᠦᠯᠵᠢ ᠪᠠᠯᠭᠠᠰᠤᠨ ᠤ ᠳᠠᠷᠤᠭ᠎ᠠ ᠯᠢ ᠬᠤᠩ ᠡᠦ                  ᠱᠦᠢ ᠴᠢᠤᠸᠠᠨ ᠪᠠᠯᠭᠠᠰᠤᠨ ᠤ ᠳᠠᠷᠤᠭ᠎ᠠ ᠭᠦᠸᠧ ᠵᠢᠶᠠᠩ ᠸᠧᠶ             ᠶᠦᠩ ᠠᠨ ᠪᠠᠯᠭᠠᠰᠤᠨ ᠤ ᠳᠠᠷᠤᠭ᠎ᠠ ᠸᠠᠩ ᡁᠢ ᠪᠥᠸᠧ               ᠪᠦᠦ ᠱᠢ ᠪᠠᠯᠭᠠᠰᠤᠨ ᠤ ᠳᠠᠷᠤᠭ᠎ᠠ ᠸᠠᠩ ᠵᠠᠨ ᠱᠧᠩ               ᠰᠢᠤᠸᠠᠢ ᠲᠢᠶᠠᠨ ᠰᠢᠶᠠᠩ ᠤᠨ ᠳᠠᠷᠤᠭ᠎ᠠ ᠯᠢᠦᠶ ᠺᠠᠶ                      ᠲᠠᠢ ᠫᠢᠩ ᠰᠢᠶᠠᠩ ᠤᠨ ᠳᠠᠷᠤᠭ᠎ᠠ ᠵᠠᠩ ᠬᠤᠢ                     ᠵᠢᠦ ᠯᠦᠩ ᠰᠢᠶᠠᠩ ᠤᠨ ᠳᠠᠷᠤᠭ᠎ᠠ                 ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                            2023 ᠣᠨ ᠤ 9 ᠰᠠᠷ᠎ᠠ ᠶᠢᠨ 4 ᠤ ᠡᠳᠦᠷ
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号