ᠲᠦᠴᠢᠦᠸᠠᠨ ᠰᠢᠶᠠᠨ᠄ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/9/5
   ᠪᠤᠤ ᠱᠢ ᠶᠢᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠳᠤ ᠲᠡᠦᠬᠡ ᠰᠣᠶᠣᠯ ᠤᠨ ᠲᠠᠲᠠᠬᠤ ᠬᠦᠴᠦᠨ ᠢ ᠮᠡᠳᠡᠷᠡᠵᠦ᠂ ᠮᠢᠩ ᠰᠢᠩ ᠤᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠳᠤ ᠬᠦᠷᠴᠦ᠂ ᠭᠡᠷ  ᠤᠨ ᠬᠥᠮᠦᠰ ᠲᠠᠢ ᠪᠠᠨ ᠥᠪᠡᠷ ᠢᠶᠠᠨ ᠭᠥᠬᠢᠳᠡᠭᠰᠡᠨ ᠵᠢᠭᠠᠰᠤ ᠶᠢ ᠠᠮᠲᠠᠯᠠᠵᠤ᠂ ᠱᠤ᠋ ᠭᠤᠸᠠᠩ ᠣᠳᠣ ᠦᠶ᠎ᠡ ᠶᠢᠨ ᠲᠠᠷᠢᠶᠠᠯᠠᠩ ᠤᠨ ᠣᠷᠴᠢᠯ ᠠᠵᠤ ᠠᠬᠤᠶ ᠶᠢᠨ ᠬᠦᠷᠢᠶᠡᠯᠡᠩ ᠲᠣᠭᠤᠷᠢᠭ ᠤᠨ ᠱᠤ᠋ ᠭᠤᠸᠠᠩ ᠬᠤᠸᠠᠷ ᠤᠨ ᠲᠠᠯᠠᠢ ᠶᠢᠨ ᠭᠡᠷᠡᠯ ᠵᠢᠷᠤᠭ ᠤᠨ ᠳ᠋ᠧᠩ ᠤᠨ ᠳᠤᠮᠳᠠ ᠵᠤᠭᠠᠴᠠᠨ ᠲᠣᠭᠤᠷᠢᠵᠤ᠂ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢ ᠳᠠᠭᠠᠯᠳᠤᠨ᠂ ᠲᠦᠴᠢᠦᠸᠠᠨ ᠰᠢᠶᠠᠨ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠪᠠᠨ ᠲᠠᠰᠤᠷᠠᠯᠲᠠ ᠦᠭᠡᠢ ᠪᠠᠶᠠᠯᠢᠭᠵᠢᠭᠤᠯᠵᠤ᠂ ᠬᠡᠯᠪᠡᠷᠢ ᠨᠢ ᠣᠯᠠᠨ ᠶᠠᠩᠵᠤ ᠶᠢᠨ᠂ ᠠᠭᠤᠯᠭ᠎ᠠ ᠨᠢ ᠡᠯᠪᠡᠭ ᠪᠠᠶᠠᠯᠢᠭ ᠦᠵᠡᠮᠵᠢ ᠶᠢᠨ ᠣᠷᠣᠨ ᠤ ᠴᠢᠭ ᠢ ᠪᠦᠲᠦᠭᠡᠨ ᠪᠠᠶᠢᠭᠤᠯᠵᠤ᠂ ᠲᠤᠰ ᠭᠠᠵᠠᠷ ᠤᠨ ᠰᠠᠭᠤᠭᠠᠯᠢ ᠠᠷᠠᠳ ᠤᠨ ᠭᠠᠳᠠᠭᠰᠢ ᠭᠠᠷᠴᠤ ᠵᠤᠭᠠᠴᠠᠬᠤ ᠬᠠᠯᠠᠭᠤᠨ ᠰᠡᠳᠬᠢᠯᠭᠡ ᠶᠢ ᠬᠥᠭᠵᠢᠭᠡᠭᠰᠡᠨ ᠢᠶᠠᠷ ᠪᠠᠷᠠᠬᠤ ᠦᠭᠡᠢ᠂ ᠪᠠᠰᠠ ᠶᠡᠭᠡ ᠬᠡᠮᠵᠢᠶᠡᠨ ᠤ ᠭᠠᠳᠠᠷ ᠣᠷᠣᠨ ᠤ ᠵᠢᠭᠤᠯᠴᠢᠯᠠᠭᠴᠢ ᠶᠢᠨ ᠪᠡᠶᠡᠴᠢ ᠣᠶᠢᠯᠠᠭᠠᠯᠲᠠ ᠶᠢ ᠲᠠᠲᠠᠭᠰᠠᠨ ᠪᠠᠶᠢᠨ᠎ᠠ᠃    ᠪᠤᠤ ᠱᠢ ᠶᠢᠨ ᠬᠥᠳᠡᠭᠡ ᠲᠤᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠴᠦᠨᠵᠧᠦ ᠶᠢᠨ ᠡᠷᠲᠡᠨ ᠤ ᠬᠤᠳᠠ  ᠳᠤ ᠣᠷᠣᠪᠠᠯ᠂ ᠥᠨᠢ ᠤᠳᠠᠭᠠᠨ ᠲᠡᠦᠬᠡ ᠲᠠᠢ ᠰᠣᠶᠣᠯ ᠤᠨ ᠠᠭᠤᠷ ᠠᠮᠢᠰᠬᠤᠯ ᠢᠶᠠᠷ ᠪᠢᠯᠬᠠᠨ᠎ᠠ᠃ ᠲᠦᠴᠢᠦᠸᠠᠨ ᠤ ᠲᠡᠦᠬᠡ ᠰᠣᠶᠣᠯ ᠤᠨ ᠮᠦᠽᠧᠶ ᠳᠤ ᠤᠷᠤᠭᠰᠠᠨ ᠤ ᠳᠠᠷᠠᠭ᠎ᠠ᠂ ᠬᠡᠷᠡᠯ ᠰᠡᠭᠦᠳᠡᠷ ᠤᠨ ᠬᠤᠪᠢᠷᠠᠯᠲᠠ ᠳᠤᠮᠳᠠ᠂ ᠬᠡᠷᠡᠯ ᠰᠠᠴᠤᠷᠠᠩᠭᠤᠶ ᠤᠯᠠᠮᠵᠢᠯᠠᠯᠲᠤ ᠰᠣᠶᠣᠯ ᠨᠢ ᠴᠠᠭ ᠮᠥᠴᠡ ᠶᠢ ᠳᠤᠭᠤᠯᠵᠤ᠂ ᠠᠭᠤᠯᠠ ᠤᠰᠤ ᠶᠢ ᠳᠤᠭᠤᠯᠤᠨ᠂ ᠵᠤᠭᠠᠴᠠᠭᠰᠠᠳ ᠳᠤ ᠲᠤᠰᠬᠠᠯ ᠪᠤᠯᠵᠦ᠂ ᠵᠤᠭᠠᠴᠠᠭᠰᠠᠳ ᠠᠳᠡ ᠯᠢᠶᠣᠤ ᠶᠢᠨ ᠤ ᠲᠡᠦᠬᠡ ᠶᠢ ᠣᠶᠢᠯᠠᠭᠠᠵᠤ᠂ ᠲᠦᠴᠢᠦᠸᠠᠨ ᠰᠢᠶᠠᠨ ᠤ ᠬᠥᠭᠵᠢᠯᠲᠡ ᠶᠢᠨ ᠲᠡᠦᠬᠡᠨ ᠶᠠᠪᠤᠴᠠ ᠶᠢ ᠣᠶᠢᠯᠠᠭᠠᠵᠤ᠂ ᠰᠤᠳᠤᠷ ᠪᠢᠴᠢᠭ ᠲᠠᠬᠢ ᠥᠯᠢᠭᠡᠷ  ᠢ ᠰᠣᠨᠣᠰᠴᠤ ᠪᠠᠶᠢᠯ᠎ᠠ᠃    ︽ᠡᠩ ᠤᠨ ᠦᠶ᠎ᠡ ᠳᠤ ᠲᠡᠦᠬᠡ ᠰᠣᠶᠣᠯ ᠤᠨ ᠲᠤᠬᠠᠶ ᠨᠣᠮ ᠪᠢᠴᠢᠭ ᠦᠵᠡᠬᠦ ᠳᠤᠷᠠᠲᠠᠶ ᠪᠠᠶᠢᠳᠠᠭ᠂ ᠰᠣᠨᠣᠰᠬᠤᠯᠠᠷ ᠲᠡᠦᠬᠡ ᠰᠣᠶᠣᠯ ᠤᠨ ᠮᠦᠽᠧᠶ ᠶᠢ ᠰᠢᠨ᠎ᠡ ᠪᠠᠷ ᠪᠠᠶᠢᠭᠤᠯᠤᠭᠰᠠᠨ ᠪᠣᠯᠬᠤᠷ ᠪᠢ ᠳᠠᠷᠤᠶ ᠲᠦᠷᠭᠡᠨ ᠢᠷᠡᠵᠦ ᠲᠣᠭᠤᠷᠢᠨ ᠦᠵᠡᠯ᠎ᠡ᠂ ᠠᠳᠡᠬᠢ ᠶᠢᠨ ᠪᠥᠲᠥᠭᠡᠨ ᠪᠠᠶᠢᠭᠤᠯᠤᠯᠲᠠ ᠮᠠᠰᠢ ᠰᠠᠶᠢᠨ᠂ ᠦᠵᠡᠭᠦᠯᠦᠯᠭᠡ ᠶᠢᠨ ᠡᠳ᠋ ᠴᠦ ᠮᠠᠰᠢ ᠡᠯᠪᠡᠭ ᠪᠠᠶᠠᠯᠢᠭ ᠪᠠᠶᠢᠵᠤ᠂ ᠬᠥᠮᠦᠰ ᠢ ᠮᠠᠰᠢ ᠤᠷᠮᠠᠰᠢᠭᠤᠯᠤᠨ ᠵᠣᠷᠢᠭᠵᠢᠭᠤᠯᠵᠠᠶ᠃︾ ᠭᠡᠵᠦ ᠵᠢᠭᠤᠯᠴᠢᠯᠠᠭᠴᠢ ᠾᠧᠩ ᠬᠠᠶ ᠶᠠᠩ ᠬᠡᠯᠡᠨ᠎ᠡ᠃ᠴᠦᠨᠵᠧᠦ ᠶᠢᠨ ᠡᠷᠲᠡᠨ ᠤ ᠬᠤᠳᠠ ᠠᠴᠠ ᠭᠠᠷᠴᠤ ᠬᠤᠶᠢᠰᠢ ᠪᠠᠨ 1 ᠺᠢᠯᠤᠮᠧᠲᠷ ᠠᠶᠠᠯᠠᠪᠠᠯ ᠪᠤᠤ ᠱᠢ ᠬᠥᠳᠡᠭᠡ ᠲᠤᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠬᠠᠰᠢᠯᠭ᠎ᠠ ᠶᠢᠨ ᠳᠣᠣᠷᠠᠬᠢ ᠲᠠᠯ᠎ᠠ ᠨᠤᠲᠤᠭ ᠤᠨ ᠦᠵᠡᠮᠵᠢ ᠶᠢᠨ ᠣᠷᠣᠨ ᠳᠤ ᠢᠷᠡᠨ᠎ᠠ᠂ ᠵᠤᠭᠠᠴᠠᠭᠰᠠᠳ ᠤᠨ ᠵᠤᠭᠠᠴᠠᠨ ᠨᠠᠭᠠᠳᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠠᠳᠡ ᠲᠤᠰᠬᠠᠶᠢᠯᠠᠨ ᠳᠡᠪᠬᠡᠷᠬᠦ ᠣᠷᠣ᠂ ᠠᠭᠤᠯᠠ ᠳᠠᠪᠠᠭ᠋ᠤ ᠲᠡᠷᠭᠡ᠂ ᠲᠡᠩᠨᠡᠬᠦᠷ ᠬᠠᠪᠲᠠᠰᠤ ᠵᠡᠷᠭᠡ ᠲᠤᠮᠤ ᠬᠥᠮᠦᠨ ᠪᠠᠭ᠎ᠠ ᠬᠡᠦᠬᠡᠳ ᠲᠤ ᠪᠦᠷ ᠲᠤᠬᠢᠷᠠᠬᠤ ᠵᠤᠭ᠎ᠠ ᠴᠡᠩᠭᠡᠯ ᠤᠨ ᠲᠥᠬᠦᠭᠡᠷᠦᠮᠵᠢ ᠶᠢ ᠭᠠᠷᠭᠠᠵᠤ᠂ ᠤᠯᠠᠨ ᠤ ᠪᠠᠭ᠋ᠠᠷᠬᠠᠯ ᠢ ᠶᠡᠬᠡᠳᠡ ᠣᠯᠵᠠᠢ᠃    ︽ᠬᠡᠦᠬᠡᠳ ᠤᠳᠠᠯ ᠦᠭᠡᠢ ᠰᠤᠷᠭᠠᠭᠤᠯᠢ ᠡᠬᠢᠯᠡᠬᠦ ᠭᠡᠵᠦ ᠪᠠᠶᠢᠨ᠎ᠠ᠂ ᠪᠠᠰᠠ ᠬᠡᠳᠦᠨ ᠡᠳᠦᠷ ᠤᠨ ᠠᠮᠠᠷᠠᠯᠲᠠ ᠶᠢᠨ ᠵᠠᠪ ᠢᠶᠠᠷ ᠬᠡᠦᠬᠡᠳ ᠢᠶᠠᠨ ᠳᠠᠭᠠᠭᠤᠯᠵᠤ ᠰᠡᠯᠡᠭᠦᠴᠡᠬᠦ ᠪᠠᠷ ᠢᠷᠡᠯ᠎ᠡ᠂ ᠠᠳᠡ ᠡᠶᠢᠮᠦ ᠤᠯᠠᠨ ᠬᠡᠦᠬᠡᠳ ᠤᠨ ᠪᠠᠭ᠋ᠠᠷᠬᠠᠬᠤ ᠵᠤᠭ᠎ᠠ ᠴᠡᠩᠭᠡᠯ ᠤᠨ ᠲᠥᠬᠦᠭᠡᠷᠦᠮᠵᠢ ᠲᠠᠢ ᠪᠠᠶᠢᠨ᠎ᠠ ᠭᠡᠵᠦ ᠪᠤᠳᠤᠵᠦ ᠤᠯᠤᠭᠰᠠᠨ ᠦᠭᠡᠢ᠂ ᠬᠡᠦᠬᠡᠳ ᠪᠠᠶᠠᠷ ᠬᠦᠷ ᠲᠠᠢ ᠨᠠᠭᠠᠳᠤᠭᠰᠠᠨ ᠴᠤ ᠪᠢᠳᠡ ᠲᠠᠭᠠᠵᠦ ᠪᠠᠶᠠᠷᠯᠠᠨ᠎ᠠ᠃︾ ᠭᠡᠵᠦ ᠵᠢᠭᠤᠯᠴᠢᠯᠠᠭᠴᠢ ᠵᠠᠩ ᠨᠠᠨ ᠬᠡᠯᠡᠪᠡ᠃    ᠪᠤᠤ ᠱᠢ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠲᠦᠷᠦᠯ ᠵᠦᠢᠯ ᠨᠢ ᠲᠦᠴᠢᠦᠸᠠᠨ ᠰᠢᠶᠠᠨ  ᠤ ᠪᠤᠤ ᠱᠢ ᠪᠠᠯᠭᠠᠰᠤᠨ ᠤ ᠪᠤᠤ ᠴᠧᠩ ᠲᠣᠰᠬᠤᠨ ᠳᠤ ᠪᠠᠶᠢᠷᠢᠯᠠᠵᠤ᠂ ᠪᠦᠬᠦ ᠡᠵᠡᠯᠡᠬᠦ ᠲᠠᠯᠠᠪᠠᠢ ᠨᠢ 1320 ᠲᠦᠮᠡᠨ ᠲᠡᠭᠰᠢ ᠳᠥᠷᠪᠡᠯᠵᠢᠨ ᠮᠧᠲᠷ᠂  ᠪᠠᠷᠢᠯᠭ᠎ᠠ ᠶᠢᠨ ᠲᠠᠯᠠᠪᠠᠢ ᠨᠢ ᠪᠠᠷᠤᠭ 24462 ᠲᠡᠭᠰᠢ ᠳᠥᠷᠪᠡᠯᠵᠢᠨ ᠮᠧᠲᠷ ᠪᠠᠶᠢᠵᠦ᠂ ᠶᠡᠷᠦᠩᠬᠡᠢ ᠪᠡᠯᠡ ᠣᠷᠣᠭᠤᠯᠤᠯᠲᠠ ᠨᠢ 2.6 ᠳ᠋ᠦᠩᠰᠢᠭᠤᠷ ᠲᠥᠭᠦᠷᠢᠭ ᠲᠤ ᠬᠦᠷᠴᠦ᠂ ᠰᠠᠶᠢᠨ ᠰᠠᠶᠢᠬᠠᠨ ᠠᠮᠢ ᠠᠬᠤᠢ ᠶᠢᠨ ᠨᠥᠬᠦᠴᠡᠯ᠂ ᠥᠪᠡᠷᠮᠢᠴᠡ ᠵᠤᠭᠠᠴᠠᠯ ᠤᠨ ᠡᠬᠢ ᠪᠠᠶᠠᠯᠢᠭ ᠪᠠ ᠳᠥᠭᠦᠮ ᠳᠥᠲᠡ ᠵᠠᠮ ᠬᠠᠷᠢᠯᠴᠠᠭᠠᠨ  ᠤ ᠣᠷᠣᠨ ᠪᠠᠶᠢᠷᠢ ᠳᠤ ᠲᠦᠰᠢᠭᠯᠡᠵᠦ᠂ ᠰᠡᠯᠡᠭᠦᠴᠡᠯ ᠵᠤᠭᠠᠴᠠᠯ ᠤᠨ ᠠᠮᠠᠷᠠᠯᠲᠠ ᠶᠢᠨ ᠣᠷᠣᠨ ᠢ ᠪᠠᠶᠢᠭᠤᠯᠵᠤ᠂ ᠴᠦᠨ ᠵᠧᠦ ᠶᠢᠨ ᠡᠷᠲᠡᠨ ᠤ ᠬᠤᠳᠠ᠂ ᠲᠦᠴᠢᠦᠸᠠᠨ ᠤ ᠲᠡᠦᠬᠡ ᠰᠣᠶᠣᠯ ᠤᠨ ᠮᠦᠽᠧᠢ᠂ ᠠᠭᠤᠳᠠᠮ ᠲᠠᠯᠠᠪᠠᠢ᠂ ᠬᠠᠰᠢᠯᠭ᠎ᠠ  ᠶᠢᠨ ᠳᠣᠣᠷᠠᠬᠢ ᠤᠢ ᠰᠢᠭᠤᠢ᠂ ᠵᠢᠭᠠᠰᠤ ᠭᠥᠬᠢᠳᠡᠬᠦ ᠲᠠᠪᠴᠠᠩ ᠵᠡᠷᠭᠡ ᠤᠯᠠᠨ ᠦᠵᠡᠮᠵᠢ ᠶᠢᠨ ᠣᠷᠣᠨ ᠪᠠᠷ ᠳᠠᠮᠵᠢᠭᠤᠯᠵᠤ᠂ ᠵᠤᠭᠠᠴᠠᠯ ᠤᠨ ᠲᠦᠷᠦᠯ ᠲᠡᠮᠳᠡᠭ ᠢ ᠦᠷᠭᠦᠯᠵᠢᠯᠡᠨ ᠡᠭᠦᠳᠴᠦ᠂ ᠵᠢᠭᠤᠯᠴᠢᠯᠠᠭᠰᠠᠳ ᠲᠤ ᠤᠯᠠᠨ ᠵᠦᠢᠯ ᠤᠨ ᠵᠢᠭᠤᠯᠴᠢᠯᠠᠯ ᠤᠨ ᠪᠡᠶᠡᠴᠢ ᠣᠶᠢᠯᠠᠭᠠᠯᠲᠠ ᠬᠠᠩᠭᠠᠨ᠎ᠠ᠃    ᠮᠢᠩ ᠰᠢᠩ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠳᠤ ᠬᠦᠷᠴᠦ᠂ ᠲᠤᠮᠤ ᠬᠡᠯᠪᠡᠷᠢ ᠶᠢᠨ ᠪᠤᠯᠤᠳ ᠪᠦᠲᠦᠴᠡᠲᠦ ᠬᠠᠯᠢᠮᠤ ᠶᠢᠨ ᠰᠡᠭᠦᠯ ᠨᠢ ᠭᠠᠵᠠᠷ ᠤᠨ ᠭᠠᠳᠠᠷᠭᠤ ᠠᠴᠠ ᠴᠤᠬᠤᠶᠢᠵᠤ᠂ ᠨᠣᠮᠢᠨ ᠨᠣᠭᠤᠭᠠᠨ ᠨᠠᠭᠤᠷ ᠨᠢ ᠢᠷᠠᠯᠵᠠᠵᠤ᠂ ᠲᠡᠷᠭᠡᠯ ᠰᠠᠷᠠᠨ ᠬᠤᠭᠤᠯᠠᠨ ᠲᠢᠩᠬᠢᠮ᠂ ᠣᠩᠭᠤᠴᠠᠨ ᠤ ᠬᠡᠯᠪᠡᠷᠢ ᠶᠢᠨ ᠬᠤᠭᠤᠯᠠᠨ ᠲᠢᠩᠬᠢᠮ᠂ ᠨᠡᠷᠡᠨ ᠤ ᠭᠡᠷᠡᠯ ᠡᠯᠡᠰᠦᠨ ᠲᠠᠩ᠂ ᠴᠤᠭᠯᠠᠭ᠎ᠠ ᠮᠠᠶᠢᠮᠠᠢ᠂  ᠤᠩᠭᠤᠴᠠᠨ ᠪᠠᠭᠤᠳᠠᠯ ᠵᠡᠷᠭᠡ ᠰᠦᠯᠵᠢᠶᠡᠨ ᠳᠡᠭᠡᠷ᠎ᠡ ᠨᠡᠷ᠎ᠡ ᠠᠯᠳᠠᠷᠰᠢᠭᠰᠠᠨ ᠵᠤᠭᠠᠴᠠᠯ ᠤᠨ ᠭᠠᠵᠠᠷ ᠨᠢ ᠵᠤᠭᠠᠴᠠᠭᠰᠠᠳ ᠤᠨ ᠬᠦᠷᠢᠶᠡᠯᠡᠯ ᠢ ᠶᠡᠬᠡᠳᠡ ᠣᠯᠵᠠᠢ᠃    ᠤᠰᠤ ᠨᠠᠭᠠᠳᠬᠤ᠂ ᠦᠵᠡᠮᠵᠢ ᠰᠣᠨᠢᠷᠬᠠᠬᠤ᠂ ᠰᠡᠭᠦᠳᠡᠷ ᠲᠠᠲᠠᠬᠤ᠂ ᠦᠵᠡᠮᠵᠢ ᠶᠢᠨ ᠣᠷᠣᠨ ᠳᠤ ᠤᠷᠤᠭᠠᠳ᠂ ᠴᠥᠭᠡᠨ ᠪᠤᠰᠤ ᠵᠤᠭᠠᠴᠠᠭᠰᠠᠳ ᠵᠢᠵᠢᠭ ᠭᠠᠯᠲᠤ ᠲᠡᠷᠭᠡ ᠲᠤ ᠰᠠᠭᠤᠨ ᠥᠩᠭᠡᠷᠡᠬᠦ ᠳᠤ᠂ ᠦᠵᠡᠰᠬᠦᠯᠡᠩᠲᠦ ᠰᠠᠶᠢᠬᠠᠨ ᠦᠵᠡᠮᠵᠢ ᠨᠢᠳᠦᠨ ᠳᠤ ᠦᠵᠡᠭᠳᠡᠨ᠎ᠡ᠃ ᠮᠢᠩ ᠰᠢᠩ ᠨᠠᠭᠤᠷ ᠤᠨ ᠬᠥᠪᠡᠭᠡᠨ ᠳᠤ᠂ ᠨᠣᠮᠢᠨ ᠳᠣᠯᠭᠢᠶᠠᠨ ᠳᠣᠯᠭᠢᠶᠠᠯᠠᠨ ᠪᠠᠭᠤᠵᠤ᠂ ᠲᠣᠮᠣᠴᠤᠤᠯ ᠬᠡᠦᠬᠡᠳ ᠬᠠᠨᠲᠠᠯ᠎ᠠ ᠤᠰᠤᠨ ᠳᠤ ᠨᠠᠭᠠᠳᠤᠨ ᠰᠡᠭᠦᠳᠡᠷᠯᠡᠨ᠎ᠡ᠃    ︽ᠠᠮᠠᠷᠠᠯᠲᠠ ᠶᠢᠨ ᠬᠤᠭᠤᠴᠠᠭ᠎ᠠ ᠶᠢ ᠠᠮᠵᠢᠵᠦ᠂ ᠨᠠᠶᠢᠵᠠ ᠨᠠᠷ ᠲᠠᠢ ᠪᠠᠨ ᠬᠠᠮᠲᠤ ᠮᠢᠩ ᠰᠢᠩ ᠨᠠᠭᠤᠷ ᠲᠤ ᠢᠷᠡᠪᠠ᠂ ᠠᠳᠡᠬᠢ ᠪᠦᠳᠦᠭᠡᠨ ᠪᠠᠶᠢᠭᠤᠯᠤᠯᠲᠠ ᠮᠠᠰᠢ ᠰᠠᠶᠢᠨ᠂ ᠤᠰᠤ ᠨᠢ ᠴᠦ ᠣᠨᠴᠠᠭᠠᠢ ᠲᠤᠩᠭᠠᠯᠠᠭ᠂ ᠦᠵᠡᠮᠵᠢ  ᠨᠢ ᠴᠦ ᠣᠨᠴᠠᠭᠠᠢ ᠭᠤᠶᠤ᠂ ᠵᠤᠭ᠎ᠠ ᠴᠡᠩᠭᠡᠯ ᠤᠨ ᠲᠥᠬᠦᠭᠡᠷᠦᠮᠵᠢ ᠴᠦ ᠲᠦᠢᠯ ᠤᠨ ᠤᠯᠠᠨ᠂ ᠤᠯᠠᠨ ᠢᠶᠠᠷ ᠢᠶᠠᠨ ᠪᠦᠷ ᠮᠠᠰᠢ ᠪᠠᠶᠠᠷᠲᠠᠢ ᠨᠠᠭᠠᠳᠴᠤ ᠪᠠᠶᠢᠨ᠎ᠠ᠂ ᠲᠠᠷᠠᠭ᠎ᠠ ᠤᠳᠠᠭ᠎ᠠ ᠪᠢ ᠪᠠᠰᠠ ᠨᠡᠩ ᠤᠯᠠᠨ ᠨᠠᠶᠢᠵᠠ ᠪᠠᠨ ᠳᠠᠭᠠᠭᠤᠯᠵᠤ ᠢᠷᠡᠨ᠎ᠡ᠃︾ ᠭᠡᠵᠦ ᠵᠢᠭᠤᠯᠴᠢᠯᠠᠭᠴᠢ ᠯᠢ ᠰᠢᠶᠠᠩ ᠬᠡᠯᠡᠪᠡ᠃    ᠲᠦᠴᠢᠦᠸᠠᠨ ᠰᠢᠶᠠᠨ ᠤ ᠮᠢᠩ ᠰᠢᠩ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠣᠭᠴᠠ ᠨᠢ ᠵᠡᠭᠦᠨ ᠳᠥᠷᠥᠯᠵᠢ ᠪᠠᠯᠭᠠᠰᠤ ᠶᠢᠨ ᠮᠢᠩ ᠰᠢᠩ ᠲᠣᠰᠬᠤᠨ ᠳᠤ ᠪᠠᠶᠢᠷᠢᠯᠠᠵᠤ᠂ ᠬᠤᠶᠠᠷ ᠲᠣᠰᠬᠤᠨ ᠲᠠᠪᠤᠨ ᠠᠶᠢᠯ ᠢ ᠬᠠᠮᠤᠷᠴᠤ᠂  ᠶᠡᠷᠦᠩᠬᠡᠢ ᠲᠠᠯᠠᠪᠠᠢ ᠨᠢ 12.8 ᠲᠡᠭᠰᠢ ᠳᠥᠷᠪᠡᠯᠵᠢᠨ ᠺᠢᠯᠤᠮᠧᠲᠷ ᠪᠠᠶᠢᠵᠦ᠂ ᠪᠠᠷᠢᠯᠭ᠎ᠠ ᠶᠢᠨ ᠲᠠᠯᠠᠪᠠᠢ  ᠨᠢ 3.3 ᠲᠦᠮᠡᠨ ᠲᠡᠭᠰᠢ ᠳᠥᠷᠪᠡᠯᠵᠢᠨ ᠮᠧᠲᠷ᠂ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠨᠢ 1.78 ᠳ᠋ᠦᠩᠰᠢᠭᠤᠷ ᠲᠥᠭᠦᠷᠢᠭ ᠲᠤ ᠬᠦᠷᠴᠦ᠂ ᠬᠥᠳᠡᠭᠡ ᠲᠣᠰᠬᠤᠨ ᠤ ᠳᠦᠷᠰᠦ ᠪᠠᠶᠢᠳᠠᠯ ᠳᠤ ᠥᠭᠡᠷᠡᠴᠢᠯᠡᠯᠲᠡ ᠬᠢᠬᠦ ᠪᠠᠷ ᠳᠠᠮᠵᠢᠨ᠂ ᠪᠦᠷᠢᠨ ᠲᠦᠬᠦᠷ ᠢᠳᠡᠭᠡᠨ ᠤᠮᠳᠠᠭᠠᠨ᠂ ᠬᠤᠨᠤᠭ ᠪᠠᠭᠤᠳᠠᠯ ᠵᠡᠷᠭᠡ ᠰᠠᠭᠤᠷᠢ ᠲᠥᠬᠦᠭᠡᠷᠦᠮᠵᠢ ᠶᠢ ᠲᠥᠬᠦᠷᠵᠢᠭᠦᠯᠦᠭᠰᠡᠨ ᠪᠥᠭᠡᠳ ᠡᠴᠢᠭᠡ ᠡᠬᠡ ᠦᠷ᠎ᠡ ᠬᠡᠦᠬᠡᠳ ᠤᠨ ᠰᠡᠯᠡᠭᠦᠴᠡᠯ ᠤᠨ ᠡᠵᠡᠩᠨᠡᠯᠲᠡ ᠶᠢᠨ ᠪᠠᠶᠢᠳᠠᠯ ᠳᠤ ᠣᠷᠣᠭᠤᠯᠵᠤ᠂ ᠬᠥᠳᠡᠭᠡ ᠲᠣᠰᠬᠤᠨ᠂ ᠵᠢᠭᠠᠰᠤᠨ ᠠᠵᠤ ᠠᠬᠤᠢ᠂ ᠡᠴᠢᠭᠡ ᠡᠬᠡ ᠦᠷ᠎ᠡ ᠬᠡᠦᠬᠡᠳ ᠢ ᠪᠦᠲᠦᠮᠵᠢᠲᠡᠢ ᠨᠢᠭᠡᠳᠭᠡᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠡᠯᠡᠭᠦᠴᠡᠯ ᠤᠨ ᠲᠠᠷᠢᠶᠠᠯᠠᠩ ᠤᠨ ᠪᠡᠶᠡᠴᠢᠯᠡᠨ ᠣᠶᠢᠯᠠᠭᠠᠬᠤ ᠣᠷᠣᠨ᠂ ᠬᠥᠳᠡᠭᠡ ᠲᠣᠰᠬᠤᠨ ᠨᠡᠶᠢᠭᠡᠮ ᠲᠣᠭᠤᠷᠢᠭ ᠤᠨ ᠭᠤᠷᠪᠠ ᠶᠢ ᠨᠢᠭᠡᠳᠬᠡᠭᠰᠡᠨ ᠬᠥᠳᠡᠭᠡ ᠲᠤᠰᠬᠤᠨ ᠤ ᠶᠡᠷᠦᠩᠬᠡᠶᠢᠯᠡᠭᠰᠡᠨ ᠴᠤᠭᠴᠠ ᠢ ᠪᠦᠳᠦᠭᠡᠨ ᠪᠠᠶᠢᠭᠤᠯᠵᠠᠢ᠃    ᠮᠢᠩ ᠰᠢᠩ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢ ᠨᠡᠶᠢᠲᠡ ᠳᠥᠷᠪᠡᠨ ᠲᠣᠮᠣ ᠲᠥᠷᠥᠯ ᠵᠦᠶᠯ ᠪᠣᠯᠭᠠᠨ ᠬᠤᠪᠢᠶᠠᠪᠠ᠂ ᠪᠢᠳᠡᠨ ᠤ ᠪᠠᠶᠢᠭ᠎ᠠ ᠣᠷᠣᠨ ᠪᠠᠶᠢᠷᠢ ᠪᠣᠯ ᠨᠡᠷᠡᠨ ᠭᠡᠷᠡᠯᠲᠦ ᠡᠯᠡᠰᠦᠨ ᠲᠠᠩ ᠤᠨ ᠣᠷᠣᠨ ᠪᠦᠰᠡ ᠪᠣᠯᠤᠨ᠎ᠠ᠂ ᠪᠠᠰᠠ ᠴᠤ ᠮᠠᠨ ᠤ ᠦᠵᠡᠮᠵᠢ ᠶᠢᠨ ᠣᠷᠣᠨ ᠤ ᠭᠤᠤᠯ ᠣᠷᠣᠨ ᠪᠦᠰᠡ ᠪᠣᠯᠤᠨ᠎ᠠ᠂ ᠮᠠᠨ ᠤ ᠦᠵᠡᠮᠵᠢ ᠶᠢᠨ ᠣᠷᠣᠨ ᠳᠤ ᠪᠠᠰᠠ ᠣᠩᠭᠤᠴᠠᠨ ᠥᠷᠥᠭᠡ ᠪᠠᠭᠤᠳᠠᠯ᠂ ᠲᠦᠭᠦᠷᠢᠭ ᠰᠠᠷᠠᠨ ᠬᠤᠭᠤᠯᠠᠨ ᠬᠡᠷ ᠵᠢᠴᠢ ᠪᠢᠴᠢᠯ ᠲᠠᠷᠢᠶᠠᠯᠠᠭ᠎ᠠ ᠶᠢᠨ ᠲᠤᠲᠤᠷᠭ᠎ᠠ ᠶᠢᠨ ᠤᠰᠤᠨ ᠰᠢᠰᠲ᠋ᠧᠮ ᠵᠡᠷᠭᠡ ᠦᠵᠡᠮᠵᠢ ᠶᠢᠨ ᠣᠷᠣᠨ ᠪᠣᠶ᠂ ᠲᠠᠷᠠᠭᠠᠴᠢ  ᠶᠢᠨ ᠠᠯᠬᠤᠮ ᠳᠤ᠂ ᠦᠵᠡᠮᠵᠢ ᠶᠢᠨ ᠣᠷᠣᠨ ᠨᠢ ᠨᠠᠭᠤᠷ ᠲᠣᠭᠤᠷᠢᠭᠰᠠᠨ ᠡᠵᠡᠩᠨᠡᠯᠲᠡ ᠶᠢᠨ ᠪᠠᠶᠢᠳᠠᠯ ᠢ ᠭᠤᠤᠯᠳᠠᠯᠭ᠎ᠠ  ᠲᠠᠢ ᠪᠣᠶ ᠪᠣᠯᠭᠠᠵᠤ᠂ ᠨᠤᠭᠤ ᠭᠠᠵᠠᠷ ᠤᠨ atv ᠳᠤᠭᠤᠶ ᠤᠨᠤᠬᠤ ᠵᠢᠴᠢ ᠮᠣᠷᠢ ᠤᠨᠤᠵᠤ ᠥᠩᠭᠡᠷᠡᠬᠦ ᠵᠡᠷᠭᠡ ᠵᠢᠭᠤᠯᠴᠢᠯᠠᠯ ᠤᠨ ᠦᠶᠯᠡᠳᠬᠦᠨ ᠢ ᠨᠡᠮᠡᠭᠳᠡᠭᠦᠯᠵᠦ᠂ ᠡᠲᠡᠭᠡᠷ ᠰᠢᠨ᠎ᠡ ᠦᠶᠯᠡᠳᠬᠦᠨ ᠢ ᠡᠭᠦᠳᠬᠦ ᠪᠠᠷ ᠳᠠᠮᠵᠢᠭᠤᠯᠤᠨ ᠦᠵᠡᠮᠵᠢ ᠶᠢᠨ ᠣᠷᠣᠨ ᠢ ᠭᠠᠳᠠᠭᠰᠢ ᠮᠠᠳᠡᠷᠡᠭᠦᠯᠬᠦ ᠪᠠ ᠵᠢᠭᠤᠯᠴᠢᠯᠠᠭᠴᠢᠳ ᠤᠨ ᠪᠡᠶᠡᠴᠢᠯᠡᠨ ᠣᠶᠢᠯᠠᠭᠠᠬᠤ ᠲᠥᠷᠥᠭᠳᠡᠯ  ᠢ ᠨᠡᠮᠡᠭᠳᠡᠭᠦᠯᠵᠦ᠂ ᠨᠠᠩ ᠣᠯᠠᠨ ᠠᠶᠢᠮᠠᠭ ᠤᠨ ᠳᠣᠲᠣᠭᠠᠳᠤ᠂ ᠠᠶᠢᠮᠠᠭ ᠤᠨ ᠭᠠᠳᠠᠨᠠᠬᠢ ᠵᠤᠭᠠᠴᠠᠭᠰᠠᠳ ᠢ ᠮᠠᠨ ᠤ ᠮᠢᠩ ᠰᠢᠩ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠤᠭᠴᠠ ᠢᠶᠠᠷ ᠵᠤᠭᠠᠴᠠᠨ ᠨᠠᠭᠠᠳᠤᠭᠤᠯᠬᠤ ᠪᠣᠯᠭᠠᠨ᠎ᠠ᠃︾ ᠭᠡᠵᠦ ᠮᠢᠩ ᠰᠢᠩ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠤᠭᠴᠠ ᠶᠢᠨ ᠡᠵᠡᠩᠨᠡᠯᠲᠡ ᠶᠢᠨ ᠳᠠᠭᠠᠭᠠᠮᠠᠯ ᠶᠦᠩ ᠴᠢᠩ ᠬᠡᠯᠡᠪᠡ᠃    ᠤᠢᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ︽ᠬᠢᠩᠭᠠᠨ ᠳᠠᠪᠠᠭ᠎ᠠ ᠳᠠᠬᠢ ᠬᠢᠩᠭᠠᠨ ᠠᠶᠢᠮᠠᠭ︾ ᠤᠨ ᠣᠷᠣᠨ ᠪᠦᠰᠡ ᠶᠢᠨ ᠲᠦᠷᠦᠯ ᠲᠡᠮᠲᠡᠭ ᠤᠨ ᠭᠤᠣᠯ ᠴᠣᠭᠴᠠ ᠶᠢᠨ ᠲᠦᠷᠢ ᠲᠥᠷᠬᠦ ᠶᠢ ᠱᠤᠭᠤᠵᠤ ᠳᠡᠭᠡᠭᠰᠢᠯᠡᠭᠦᠯᠬᠦ ᠠᠵᠢᠯ ᠤᠨ ᠲᠣᠭᠤᠷᠢᠨ ᠳᠤ᠂ ᠬᠥᠳᠡᠭᠡ ᠲᠣᠰᠬᠤᠨ ᠤ ᠵᠤᠭᠠᠴᠠᠯ ᠤᠨ ᠲᠠᠯᠲᠠ ᠬᠦᠴᠦᠨ ᠢ ᠭᠦᠨᠵᠡᠭᠡᠢ ᠠᠭᠤᠳᠠᠯᠵᠤ᠂ ᠮᠢᠩ ᠰᠢᠩ ᠬᠥᠳᠡᠭᠡ ᠲᠤᠰᠬᠤᠨ ᠤ ᠶᠡᠷᠦᠩᠬᠡᠶᠢᠯᠡᠭᠰᠡᠨ ᠴᠣᠭᠴᠠ᠂ ᠪᠤᠤ ᠱᠢ ᠶᠢᠨ ᠬᠥᠳᠡᠭᠡ ᠲᠤᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠰᠦᠪᠯᠡᠨ ᠬᠡᠷᠡᠭᠵᠢᠭᠦᠯᠵᠦ᠂ ᠵᠤᠭᠠᠴᠠᠯ ᠤᠨ ᠦᠢᠯᠡᠳᠬᠦᠨ ᠢ ᠰᠢᠯᠢᠳᠡᠭᠵᠢᠭᠦᠯᠵᠦ᠂ ᠰᠡᠯᠡᠭᠦᠴᠡᠨ ᠲᠡᠭᠦᠬᠦ ᠪᠠᠷ ᠰᠠᠭᠤᠷᠢ ᠪᠣᠯᠭᠠᠭᠰᠠᠨ᠂ ᠠᠮᠠᠷᠠᠯᠲᠠ  ᠶᠢᠨ ᠬᠤᠭᠤᠴᠠᠭᠠᠨ ᠤ ᠲᠤᠭᠤᠷᠢᠨ ᠵᠤᠭᠠᠴᠠᠬᠤ ᠪᠠᠷ ᠤᠳᠤᠷᠢᠳᠤᠮᠵᠢ ᠪᠣᠯᠭᠠᠭᠰᠠᠨ᠂ ᠮᠥᠰᠥ ᠴᠠᠰᠤᠨ ᠤ ᠥᠩᠭᠡᠷᠡᠯᠲᠡ  ᠪᠠᠷ ᠣᠨᠴᠠᠯᠢᠭ ᠪᠣᠯᠭᠠᠭᠰᠠᠨ᠂ ᠰᠢᠨᠵᠢᠯᠡᠨ ᠰᠤᠳᠤᠯᠬᠤ ᠪᠠᠷ ᠤᠷᠲᠤᠳᠬᠠᠭᠰᠠᠨ ᠵᠤᠭᠠᠴᠠᠯ ᠤᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠰᠢᠶᠠᠨ ᠤ ᠬᠡᠪᠴᠢᠶᠡᠨ ᠤ ᠵᠤᠭᠠᠴᠠᠯ ᠤᠨ ᠳᠠᠪᠠᠭᠤᠯᠢᠭ ᠡᠬᠢ ᠪᠠᠶᠠᠯᠢᠭ ᠢ ᠵᠤᠭᠠᠴᠠᠯ ᠤᠨ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠪᠠ᠃    ︽ᠲᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ᠵᠢᠭᠤᠯᠴᠢᠯᠠᠯ ᠤᠨ ᠠᠵᠤ ᠦᠶᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠬᠠᠷᠠᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠂ ᠦᠶᠯᠡᠳᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠦᠶᠯᠡᠴᠢᠯᠡᠭᠡᠨ ᠤ ᠵᠠᠭᠪᠤᠷ ᠢ ᠰᠢᠯᠢᠳᠡᠭᠵᠢᠭᠦᠯᠦᠨ᠂ ᠲᠦᠴᠢᠦᠸᠠᠨ ᠰᠢᠶᠠᠨ ᠤ ᠵᠢᠭᠤᠯᠴᠢᠯᠠᠯ ᠤᠨ ᠢᠷᠠᠭᠤ ᠠᠯᠳᠠᠷ ᠤᠨ ᠲᠠᠲᠠᠬᠤ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠢᠭᠤᠯᠴᠢᠯᠠᠭᠴᠢᠳ ᠤᠨ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃ ᠨᠡᠩ ᠤᠯᠠᠨ ᠵᠤᠭᠠᠴᠠᠯ ᠤᠨ ᠰᠣᠳᠣᠨ ᠪᠦᠲᠦᠭᠡᠯ ᠢ ᠡᠭᠦᠳᠴᠦ᠂ ᠤᠯᠠᠨ ᠲᠦᠮᠡᠨ ᠤ ᠤᠯᠠᠨ ᠡᠰᠢᠵᠢᠭᠰᠡᠨ ᠵᠤᠭᠠᠴᠠᠯ ᠤᠨ ᠬᠡᠷᠡᠭᠴᠡᠭᠡ ᠶᠢ ᠬᠠᠩᠭᠠᠵᠤ᠂ ᠲᠦᠴᠢᠦᠸᠠᠨ ᠰᠢᠶᠠᠨ ᠤ ᠵᠤᠭᠠᠴᠠᠯ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ  ᠢ ᠨᠡᠮᠡᠭᠳᠡᠭᠦᠯᠬᠦ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ᠃︾ ᠭᠡᠵᠦ ᠲᠦᠴᠢᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠵᠠᠩ ᠶᠢᠩ ᠬᠤᠢ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号