ᠲᠦᠴᠢᠦᠸᠠᠨ ᠰᠢᠶᠠᠨ ᠤ ᠠᠷᠠᠳ ᠤᠨ ᠵᠠᠰᠠᠭ ᠤᠨ  ᠤᠷᠳᠦᠨ ᠤ ᠠᠯᠪᠠᠨ ᠭᠡᠷ ᠤᠨ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/9/6
       ᠵᠠᠰᠠᠭ ᠠᠯᠪᠠᠨ ᠲᠠᠷᠬᠠᠭᠠᠭᠰᠠᠨ〔2023〕74 ᠳ᠋ᠦᠭᠡᠷ ᠲᠣᠭᠠᠲᠤ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠤᠨ ᠲᠣᠪᠴᠢᠶ᠎ᠠ ᠳᠤ᠄     ︽ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠰᠢᠩ ᠵᠠᠬᠢᠷᠭ᠎ᠠ ᠠᠯᠪᠠᠨ ᠥᠰᠥᠭ ﹇2023﹈ 46 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠳᠦᠭᠡ ᠲᠦᠴᠢᠦᠸᠠᠨ ᠰᠢᠶᠠᠨ ᠤ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠬᠤ ᠬᠤᠯᠪᠣᠭᠳᠠᠯ ᠪᠥᠬᠦᠶ ᠵᠦᠶᠯᠡᠰ ᠢ ᠳᠣᠥᠷᠠᠬᠢ ᠮᠡᠲᠦ ᠮᠡᠳᠡᠭᠳᠡᠶ᠎ᠡ᠄ ᠨᠢᠭᠡ᠂ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠬᠤ ᠬᠡᠪᠴᠢᠶ᠎ᠡ    1. ᠬᠢᠩᠭᠠᠨ ᠠᠶᠢᠮᠠᠭ ᠤᠨ ᠡᠷᠦᠬᠡ ᠠᠮᠠ ᠶᠢᠨ ᠲᠠᠩᠰᠠ ᠲᠠᠢ ᠮᠥᠷᠲᠡᠭᠡᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠥᠬᠡᠶ ᠠᠵᠢᠯ ᠣᠯᠤᠭᠰᠠᠨ ᠥᠬᠡᠶ ᠰᠠᠭᠤᠭᠠᠯᠢ ᠠᠷᠠᠳ᠃    2. ᠬᠢᠩᠭᠠᠨ ᠠᠶᠢᠮᠠᠭ ᠤᠨ ᠬᠠᠷᠢᠶ᠎ᠠ ᠣᠷᠣᠨ ᠳᠠᠬᠢ ᠣᠷᠣᠰᠢᠨ ᠰᠠᠭᠤᠬᠤ ᠦᠨᠡᠮᠯᠡᠯ ︵ᠰᠢᠶᠠᠩᠭᠠᠩ ᠣᠣᠮᠧᠨ ᠲᠠᠶᠢᠸᠠᠨ ᠤ ᠡᠷᠦᠬᠡ ᠠᠮᠠ ᠶᠢᠨ ᠲᠠᠩᠰᠠ ᠶᠢ ᠪᠠᠭᠲᠠᠭᠠᠨ᠎ᠠ︶ ᠲᠠᠢ ᠲᠣᠰ ᠠᠶᠢᠮᠠᠭ ᠤᠨ ᠡᠷᠦᠬᠡ ᠠᠮᠠ ᠶᠢᠨ ᠲᠠᠩᠰᠠ ᠶᠢᠨ ᠪᠤᠰᠤ ᠮᠥᠷᠲᠡᠭᠡᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠥᠬᠡᠶ ᠬᠥᠮᠦᠰ᠃ ᠬᠤᠶᠠᠷ᠂ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠬᠤ ᠪᠠᠷᠢᠮᠵᠢᠶ᠎ᠠ    2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠶᠳᠬᠡᠯ ᠲᠤᠰᠢᠶᠠᠬᠤ ᠪᠠᠷᠢᠮᠵᠢᠶ᠎ᠠ ᠨᠢ 400 ᠲᠥᠭᠦᠷᠢᠭ \ ᠬᠥᠮᠦᠨ ᠪᠣᠯᠤᠨ᠎ᠠ ᠃ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠥᠬᠡᠳ ︵ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠥᠬᠡᠳ ᠢ ᠪᠠᠭᠲᠠᠭᠠᠨ᠎ᠠ︶ ᠨᠢ ᠬᠤᠪᠢ ᠬᠥᠮᠦᠨ ᠰᠦᠶᠳᠬᠡᠯ ᠲᠤᠰᠢᠶᠠᠬᠤ ᠥᠬᠡᠶ ᠪᠣᠯ᠂ ᠲᠡᠳᠡᠨ ᠤ ᠬᠤᠪᠢ ᠬᠥᠮᠦᠨ ᠤ ᠰᠦᠶᠳᠬᠡᠯ ᠲᠤᠰᠢᠶᠠᠬᠤ ᠪᠠᠯᠠ ᠮᠥᠩᠭᠦ ᠶᠢ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠠᠴᠠ ᠪᠥᠬᠦ ᠲᠤᠭ᠎ᠠ ᠪᠠᠷ ᠵᠣᠭᠤᠰ ᠢᠶᠠᠷ ᠲᠤᠰᠠᠯᠠᠵᠤ ᠳᠠᠭᠠᠳᠬᠠᠯ ᠳᠤ ᠣᠷᠣᠭᠤᠯᠤᠨ᠎ᠠ᠃ ᠳᠠᠬᠢᠨ ᠶᠠᠳᠠᠭᠤᠷᠠᠭᠰᠠᠨ   ᠠᠴᠠ ᠪᠣᠯᠵᠣ ᠶᠠᠳᠠᠭᠤᠷᠠᠭᠰᠠᠨ ᠬᠥᠮᠦᠨ ᠠᠮᠠ ᠶᠢ ᠡᠩ ᠤᠨ ᠰᠠᠭᠤᠭᠠᠯᠢ ᠠᠷᠠᠳ ᠤᠨ ᠬᠤᠪᠢ ᠬᠥᠮᠦᠨ ᠤ ᠰᠦᠶᠳᠬᠡᠯ ᠲᠤᠰᠢᠶᠠᠬᠤ ᠪᠠᠷᠢᠮᠵᠢᠶ᠎ᠠ ᠶᠢᠨ 20% ᠪᠠᠷ ᠲᠤᠰᠢᠶᠠᠨ᠎ᠠ᠂ ᠵᠣᠭᠤᠰ ᠤᠨ ᠲᠤᠭ᠎ᠠ ᠨᠢ ᠬᠥᠮᠦᠨ ᠪᠦᠷᠢ 80 ᠲᠥᠭᠦᠷᠢᠭ ᠪᠣᠯᠤᠨ᠎ᠠ᠃ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠪᠠ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠤᠭᠰᠠᠨ ᠬᠥᠳᠡᠭᠡ ᠲᠣᠰᠬᠤᠨ ᠤ ᠳᠠᠬᠢᠨ ᠶᠠᠳᠠᠭᠤᠷᠠᠬᠤ ᠠᠴᠠ ᠪᠣᠯᠵᠣ ᠶᠠᠳᠠᠭᠤᠷᠠᠭᠰᠠᠨ ᠬᠥᠮᠦᠨ ᠠᠮᠠ ᠶᠢ ᠡᠩ ᠤᠨ ᠰᠠᠭᠤᠭᠠᠯᠢ ᠠᠷᠠᠳ ᠤᠨ ᠬᠤᠪᠢ ᠬᠥᠮᠦᠨ ᠤ ᠰᠦᠶᠳᠬᠡᠯ ᠲᠤᠰᠢᠶᠠᠬᠤ ᠪᠠᠷᠢᠮᠵᠢᠶ᠎ᠠ ᠶᠢᠨ 30% ᠪᠠᠷ ᠲᠤᠰᠢᠶᠠᠵᠤ᠂ ᠵᠣᠭᠤᠰ ᠤᠨ ᠲᠤᠭ᠎ᠠ ᠨᠢ ᠬᠥᠮᠦᠨ ᠪᠦᠷᠢ 120 ᠲᠥᠭᠦᠷᠢᠭ ᠪᠣᠯᠤᠨ᠎ᠠ᠃ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠤᠭᠠᠳᠤᠶ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢ ᠪᠠᠷᠢᠮᠵᠢᠶ᠎ᠠ ᠶᠣᠰᠣᠭᠠᠷ ᠲᠤᠰᠢᠶᠠᠯ ᠠᠴᠠ ᠨᠢ ᠭᠠᠷᠭᠠᠵᠤ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠳᠠᠭᠠᠳᠬᠠᠯ ᠳᠤ ᠣᠷᠣᠯᠴᠠᠬᠤ ᠲᠦᠷᠦ ᠶᠢᠨ ᠪᠤᠳᠤᠯᠭ᠎ᠠ ᠶᠢ ᠳᠠᠬᠢᠵᠤ ᠬᠦᠷᠲᠡᠭᠡᠬᠦ ᠦᠭᠡᠢ᠃ ᠭᠤᠷᠪᠠ᠂ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠬᠤ ᠵᠢᠴᠢ ᠣᠯᠭᠤᠮᠵᠢ ᠭᠥᠷᠳᠡᠬᠦ ᠴᠠᠭ    2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠬᠤ ᠴᠠᠭ ᠨᠢ 2023 ᠣᠨ ᠤ 9 ᠰᠠᠷ᠎ᠠ ᠶᠢᠨ 1 ᠤ ᠡᠳᠦᠷ ᠠᠴᠠ 2024 ᠣᠨ ᠤ 3 ᠰᠠᠷ᠎ᠠ ᠶᠢᠨ 22 ᠤᠨ ᠡᠳᠦᠷ ᠪᠣᠯᠲᠠᠯ᠎ᠠ᠂ ᠬᠤᠭᠤᠴᠠᠭ᠎ᠠ ᠥᠩᠭᠡᠷᠡᠪᠡᠯ ᠭᠥᠯᠢᠶᠡᠨ ᠠᠪᠴᠤ ᠰᠢᠶᠳᠪᠦᠷᠢᠯᠡᠬᠦ ᠥᠬᠡᠶ᠃ ᠲᠣᠭᠲᠠᠭᠰᠠᠨ ᠴᠠᠭ ᠤᠨ ᠳᠣᠲᠣᠷ᠎ᠠ ᠳᠠᠭᠠᠳᠬᠠᠯ ᠳᠤ ᠣᠷᠣᠯᠴᠠᠬᠤ ᠪᠠᠷ ᠳᠠᠩᠰᠠᠯᠠᠭᠤᠯᠬᠤ ᠵᠢᠴᠢ ᠰᠦᠶᠳᠬᠡᠯ ᠲᠤᠰᠢᠶᠠᠭᠠᠳ ᠲᠠᠩᠰᠠᠨ ᠳᠤ ᠣᠷᠣᠭᠤᠯᠤᠭᠰᠠᠨ ᠳᠠᠭᠠᠳᠬᠠᠯ ᠳᠤ ᠣᠷᠣᠭᠰᠠᠳ 2024 ᠣᠨ ᠤ 1 ᠰᠠᠷ᠎ᠠ ᠶᠢᠨ 1 ᠤ ᠡᠳᠦᠷ ᠠᠴᠠ 2024 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠭᠥᠷᠳᠡᠨ᠎ᠡ᠃ ᠲᠥᠪᠯᠡᠷᠡᠭᠦᠯᠦᠨ ᠰᠦᠶᠳᠬᠡᠯ ᠲᠤᠰᠢᠶᠠᠬᠤ ᠬᠤᠭᠤᠴᠠᠭᠠᠨ ᠳᠤ ᠰᠢᠨ᠎ᠡ ᠪᠠᠷ ᠳᠠᠭᠠᠳᠬᠠᠯ ᠳᠤ ᠣᠷᠣᠯᠴᠠᠭᠰᠠᠨ ᠪᠠ ᠳᠠᠭᠠᠳᠬᠠᠯ ᠢᠶᠠᠨ ᠵᠣᠭᠰᠣᠭᠠᠭᠠᠳ 1 ᠵᠢᠯ ᠠᠴᠠ ᠳᠡᠭᠡᠭᠰᠢ ᠦᠷᠭᠦᠯᠵᠢᠯᠡᠨ ᠳᠠᠭᠠᠳᠬᠠᠯ ᠳᠤ ᠣᠷᠣᠭᠰᠠᠳ ᠲᠤ ᠰᠦᠶᠳᠬᠡᠯ ᠲᠤᠰᠢᠶᠠᠭᠰᠠᠨ ᠡᠳᠦᠷ ᠠᠴᠠ ᠡᠬᠢᠯᠡᠨ 3 ᠰᠠᠷ᠎ᠠ ᠶᠢᠨ ᠣᠯᠭᠤᠮᠵᠢ ᠬᠦᠯᠢᠶᠡᠬᠦ ᠬᠤᠭᠤᠴᠠᠭ᠎ᠠ ᠳᠣᠭᠢᠷᠠᠭᠤᠯᠤᠨ᠎ᠠ᠃ ᠳᠥᠷᠪᠡ᠂ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠬᠤ ᠠᠷᠭ᠎ᠠ ᠮᠠᠶ᠋ᠢᠭ   ︵ᠨᠢᠭᠡ︶ ᠠᠩᠬ᠎ᠠ ᠤᠳᠠᠭ᠎ᠠ ᠳᠠᠭᠠᠳᠬᠠᠯ ᠳᠤ ᠣᠷᠣᠭᠰᠠᠳ ᠳᠠᠭᠠᠳᠬᠠᠯ ᠳᠤ ᠣᠷᠣᠯᠴᠠᠬᠤ ᠳᠡᠩᠰᠡᠯᠡᠯᠲᠡ ᠶᠢ ᠭᠦᠶᠴᠡᠳᠬᠡᠵᠦ ᠪᠠᠷᠠᠭᠰᠠᠨ ᠤ ᠳᠠᠷᠠᠭ᠎ᠠ᠂ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠳ ᠲᠠᠢ ᠠᠳᠠᠯᠢ ᠪᠠᠷ᠂ ᠳᠣᠥᠷᠠᠬᠢ ᠰᠦᠶᠳᠬᠡᠯ ᠲᠤᠰᠢᠶᠠᠬᠤ ᠠᠷᠭ᠎ᠠ ᠮᠠᠶ᠋ᠢᠭ ᠤᠨ ᠨᠢᠭᠡ ᠶᠢ ᠰᠣᠩᠭᠤᠵᠤ ᠰᠦᠶᠳᠬᠡᠯ ᠲᠤᠰᠢᠶᠠᠨ᠎ᠠ᠃ 1. ᠥᠪᠡᠰᠦᠪᠡᠨ ᠰᠦᠢᠳᠬᠡᠯ ᠲᠤᠰᠢᠶᠠᠬᠤ᠃ ᠳᠠᠭᠠᠳᠬᠠᠯ ᠳᠤ ᠣᠷᠣᠯᠴᠠᠭᠴᠢ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ APP᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ ᠰᠦᠶᠳᠬᠡᠯ ᠲᠤᠰᠢᠶᠠᠬᠤ ᠸᠢᠴᠠᠲ ᠤᠨ ᠵᠢᠵᠢᠭ ᠫᠷᠤᠭ᠍ᠷᠠᠮ᠂ ᠲᠣᠭᠠᠴᠠᠭ᠎ᠠ ᠬᠢᠬᠦ ᠡᠷᠳᠡᠨᠢ᠂ ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ ᠵᠡᠷᠭᠡ ᠠᠷᠭ᠎ᠠ ᠵᠠᠮ ᠢᠶᠠᠷ ᠥᠪᠡᠰᠦᠪᠡᠨ ᠲᠤᠰᠢᠶᠠᠵᠤ ᠪᠣᠯᠤᠨ᠎ᠠ᠃ 2. ᠡᠮᠦᠨ᠎ᠡ ᠲᠠᠪᠴᠠᠩ ᠳᠤ ᠰᠦᠶᠳᠬᠡᠯ ᠲᠤᠰᠢᠶᠠᠨ᠎ᠠ᠃ ᠳᠠᠭᠠᠳᠬᠠᠯ ᠳᠤ ᠣᠷᠣᠯᠴᠠᠭᠴᠢ ᠡᠷᠦᠬᠡ ᠠᠮᠠ ᠶᠢᠨ ᠳᠡᠪᠲᠡᠷ ᠪᠤᠶᠤ ᠪᠡᠶ᠎ᠡ ᠶᠢᠨ ᠦᠨᠡᠮᠯᠡᠯ ᠢᠶᠠᠨ ᠠᠪᠴᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠵᠢᠭᠠᠨ ᠲᠣᠭᠲᠠᠭᠠᠭᠰᠠᠨ ᠭᠠᠶᠢᠯᠢ ᠭᠦᠶᠴᠡᠳᠬᠡᠬᠦ ᠦᠶᠯᠡᠴᠢᠯᠡᠭᠡᠨ ᠤ ᠲᠢᠩᠬᠢᠮ ᠤᠨ ᠡᠮᠦᠨ᠎ᠡ ᠲᠠᠪᠴᠠᠩ ᠳᠤ ᠬᠦᠷᠴᠦ ᠰᠦᠶᠳᠬᠡᠯ ᠲᠤᠰᠢᠶᠠᠵᠤ ᠪᠣᠯᠤᠨ᠎ᠠ᠃ 3. ᠣᠷᠣᠯᠠᠨ ᠬᠤᠷᠢᠶᠠᠵᠤ ᠣᠷᠣᠯᠠᠨ ᠲᠤᠰᠢᠶᠠᠬᠤ᠃ ᠳᠠᠭᠠᠳᠬᠠᠯ ᠳᠤ ᠣᠷᠣᠯᠴᠠᠭᠴᠢ ᠡᠯ᠎ᠡ ᠰᠢᠶᠠᠩ ᠪᠠᠯᠭᠠᠰᠤ᠂ ᠲᠣᠰᠬᠤᠨ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠶᠯᠡᠴᠢᠯᠡᠭᠡᠨ ᠤ ᠥᠷᠲᠡᠭᠡ ︵ᠴᠢᠭ︶ ᠳᠤ ᠬᠦᠷᠴᠦ ᠡᠮᠴᠢᠯᠡᠭᠡᠨ ᠤ ᠳᠠᠭᠠᠳᠬᠠᠯ ᠤᠨ ᠣᠷᠣᠯᠠᠨ ᠭᠦᠶᠴᠡᠳᠬᠡᠭᠴᠢ ᠶᠢᠨ ᠬᠠᠪᠰᠤᠷᠤᠯᠭ᠎ᠠ ᠪᠠᠷ ᠳᠡᠮᠵᠢᠨ ᠭᠠᠷ ᠤᠲᠠᠰᠤᠨ ᠤ ᠰᠦᠯᠵᠢᠶᠡᠨ ᠳᠡᠭᠡᠷ᠎ᠡ ᠰᠦᠶᠳᠬᠡᠯ ᠲᠤᠰᠢᠶᠠᠵᠤ ᠪᠣᠯᠤᠨ᠎ᠠ᠃   ︵ᠬᠤᠶᠠᠷ︶ ᠣᠷᠣᠯᠭ᠎ᠠ ᠪᠠᠭᠠᠲᠠᠶ ᠬᠥᠮᠦᠰ ᠤᠨ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠬᠤ ᠠᠷᠭ᠎ᠠ ᠮᠠᠶ᠋ᠢᠭ᠃ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠥᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠥᠬᠡᠳ ᠤᠨ ᠬᠤᠪᠢ ᠬᠥᠮᠦᠨ ᠤ ᠲᠤᠰᠢᠶᠠᠬᠤ ᠰᠦᠶᠳᠬᠡᠯ ᠤᠨ ᠬᠡᠰᠡᠭ ᠢ ᠡᠮᠴᠢᠯᠡᠭᠡᠨ ᠤ ᠠᠪᠤᠷᠠᠨ ᠲᠤᠰᠠᠯᠠᠬᠤ ᠪᠠᠯᠠ ᠮᠥᠩᠭᠦ ᠪᠠᠷ ᠪᠥᠬᠦ ᠲᠤᠭ᠎ᠠ ᠪᠠᠷ ᠲᠤᠰᠠᠯᠠᠨ᠎ᠠ︔ ᠳᠠᠬᠢᠨ ᠶᠠᠳᠠᠭᠤᠷᠠᠭᠰᠠᠨ   ᠠᠴᠠ ᠪᠣᠯᠵᠣ ᠶᠠᠳᠠᠭᠤᠷᠠᠭᠰᠠᠨ ᠬᠥᠮᠦᠨ ᠠᠮᠠ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠤᠭᠰᠠᠨ ᠬᠥᠮᠦᠰ ᠤᠨ ᠬᠤᠪᠢ ᠬᠥᠮᠦᠨ ᠤ ᠰᠦᠶᠳᠬᠡᠯ ᠲᠤᠰᠢᠶᠠᠬᠤ ᠬᠡᠰᠡᠭ ᠲᠤ ᠡᠮᠴᠢᠯᠡᠭᠡᠨ ᠤ ᠳᠠᠭᠠᠳᠬᠠᠯ ᠤᠨ ᠰᠢᠰᠲ᠋ᠧᠮ ᠠᠴᠠ ᠲᠤᠭ᠎ᠠ ᠪᠠᠷᠢᠮᠲᠠ ᠶᠢ ᠬᠢᠨᠠᠨ ᠲᠣᠭᠲᠠᠭᠠᠭᠰᠠᠨ ᠤ ᠳᠠᠷᠠᠭ᠎ᠠ᠂ ᠰᠦᠶᠳᠬᠡᠯ ᠲᠤᠰᠢᠶᠠᠬᠤ ᠠᠷᠭ᠎ᠠ ᠮᠠᠶ᠋ᠢᠭ ᠨᠢ ᠠᠳᠠᠯᠢᠬᠠᠨ᠃   ︵ᠭᠤᠷᠪᠠ︶ ᠰᠠᠶ᠋ᠢ ᠲᠥᠷᠥᠭᠰᠡᠨ ᠬᠡᠥᠬᠡᠳ ᠤᠨ ᠳᠠᠭᠠᠳᠬᠠᠯ ᠳᠤ ᠣᠷᠣᠵᠤ ᠰᠦᠶᠳᠬᠡᠯ ᠲᠤᠰᠢᠶᠠᠬᠤ᠃ ᠰᠠᠷ᠎ᠠ ᠳᠠᠬᠢ ᠬᠡᠥᠬᠡᠳ ᠲᠥᠷᠥᠭᠰᠡᠨ ᠤ ᠳᠠᠷᠠᠭᠠᠬᠢ 90 ᠡᠳᠦᠷ ︵90 ᠡᠳᠦᠷ ᠪᠠᠭᠲᠠᠨ᠎ᠠ︶ ᠤᠨ ᠳᠣᠲᠣᠷ᠎ᠠ ᠬᠢᠨᠠᠨ ᠬᠠᠮᠠᠭᠠᠯᠠᠭᠴᠢ ᠨᠢ ᠰᠠᠷ᠎ᠠ ᠳᠠᠬᠢ ᠬᠡᠥᠬᠡᠳ ᠤᠨ ᠦᠨᠡᠨ ᠣᠪᠣᠭ ᠨᠡᠷ᠎ᠡ ᠪᠠ ᠬᠦᠴᠦᠨ ᠪᠥᠬᠦᠶ ᠪᠡᠶ᠎ᠡ ᠶᠢᠨ ᠦᠨᠡᠮᠯᠡᠯ ᠢ ᠬᠡᠷᠡᠭᠯᠡᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠳᠡᠩᠰᠡᠯᠡᠯᠲᠡ ᠬᠢᠯᠭᠡᠵᠦ᠂ ᠲᠥᠷᠥᠭᠰᠡᠨ ᠲᠤᠬᠠᠶ ᠶᠢᠨ ᠵᠢᠯ ᠤᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠲᠣᠭᠲᠠᠭᠠᠯ ᠶᠣᠰᠣᠭᠠᠷ ᠲᠤᠰᠢᠶᠠᠭᠰᠠᠨ ᠤ ᠳᠠᠷᠠᠭ᠎ᠠ᠂ ᠰᠠᠷ᠎ᠠ ᠳᠠᠬᠢ ᠡᠳᠦᠷ ᠠᠴᠠ ᠡᠬᠢᠯᠡᠨ ᠵᠠᠷᠤᠴᠠᠭᠤᠯᠤᠭᠰᠠᠨ ᠡᠮ ᠡᠮᠨᠡᠯᠭᠡ ᠶᠢᠨ ᠵᠠᠷᠤᠳᠠᠯ ᠢ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠳᠤ ᠣᠷᠣᠭᠤᠯᠤᠨ᠎ᠠ᠃ ᠰᠠᠷ᠎ᠠ ᠳᠠᠬᠢ ᠬᠡᠦᠬᠡᠳ 90 ᠡᠳᠦᠷ ᠤᠨ ᠳᠣᠲᠣᠷ᠎ᠠ ᠳᠠᠭᠠᠳᠬᠠᠯ ᠳᠤ ᠣᠷᠣᠬᠤ ᠳᠤ ᠬᠠᠷᠠᠭᠠᠯᠵᠠᠯ ᠬᠦᠯᠢᠶᠡᠬᠦ ᠬᠤᠭᠤᠴᠠᠭ᠎ᠠ ᠪᠠᠶᠢᠬᠤ ᠦᠭᠡᠢ᠃ ᠲᠠᠪᠤ᠂ ᠠᠵᠢᠯ ᠤᠨ ᠱᠠᠭᠠᠷᠳᠠᠯᠭ᠎ᠠ   ︵ᠨᠢᠭᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠬᠤ ᠬᠡᠷᠡᠭᠲᠡᠶ᠃ ᠡᠯ᠎ᠡ ᠰᠢᠶᠠᠩ ᠪᠠᠯᠭᠠᠰᠤ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠵᠢᠴᠢ ᠬᠤᠯᠪᠣᠭᠳᠠᠯ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠤᠳ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ ᠪᠣᠯᠤᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠦᠳᠲᠡᠷ ᠲᠦᠷᠭᠡᠨ ᠬᠥᠳᠡᠯᠦᠯᠴᠡᠵᠦ᠂ ᠡᠭᠦᠷᠭᠡ ᠬᠠᠷᠠᠯᠲᠠ ᠪᠣᠯᠤᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠶᠣᠰᠣᠭᠠᠷ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ 2024 ᠣᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ 98% ᠠᠴᠠ ᠳᠡᠭᠡᠭᠰᠢ ᠲᠣᠭᠲᠠᠭᠤᠨ ᠪᠠᠶᠢᠯᠭᠠᠵᠤ᠂ ᠳᠣᠣᠷ᠎ᠠ ᠣᠷᠣᠯᠭ᠎ᠠ ᠲᠠᠢ ᠬᠥᠮᠦᠨ ᠠᠮᠠ ᠪᠣᠯᠤᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠤᠯᠠᠨ ᠲᠦᠮᠡᠨ ᠤ ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ 100% ᠳᠤ ᠬᠦᠷᠭᠡᠬᠦ ᠶᠢ ᠪᠠᠲᠤᠯᠠᠨ᠎ᠠ᠃   ︵ᠬᠤᠶᠠᠷ︶ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠵᠦ᠂ ᠬᠦᠴᠦ ᠪᠠᠨ ᠬᠠᠮᠲᠤᠳᠬᠠᠨ ᠠᠬᠢᠭᠤᠯᠤᠨ᠎ᠠ᠃ ᠡᠮ ᠡᠮᠨᠡᠯᠭᠡ ᠶᠢᠨ ᠳᠠᠭᠠᠳᠬᠠᠯ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠤᠷᠭᠠᠨ ᠬᠥᠮᠦᠵᠢᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠡᠪᠲᠡᠷᠡᠯᠴᠡᠭᠡ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠨᠢᠭᠲᠠ ᠬᠠᠮᠵᠢᠯᠴᠠᠬᠤ ᠬᠡᠷᠡᠭᠲᠡᠶ᠃ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠨᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠬᠤ ᠪᠠ ᠰᠠᠶᠢᠲᠤᠷ ᠬᠢᠬᠦ ᠶᠢ ᠬᠠᠷᠢᠭᠤᠴᠠᠵᠤ᠂ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠬᠤᠪᠢ ᠬᠥᠮᠦᠨ ᠤ ᠰᠦᠶᠳᠬᠡᠯ ᠲᠤᠰᠢᠶᠠᠵᠤ ᠲᠠᠲᠠᠪᠤᠷᠢᠯᠠᠬᠤ ᠠᠵᠢᠯ ᠢ ᠰᠠᠶᠢᠲᠤᠷ ᠬᠢᠵᠦ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠶᠴᠡᠳᠬᠡᠬᠦ ᠪᠠᠶᠢᠭᠤᠯᠤᠮᠵᠢ  ᠯᠤᠭ᠎ᠠ ᠨᠢᠭᠲᠠ ᠬᠠᠮᠵᠢᠯᠴᠠᠨ᠂ ᠳᠠᠭᠠᠳᠬᠠᠯ ᠳᠤ ᠣᠷᠣᠯᠴᠠᠭᠰᠠᠨ ᠳᠡᠩᠰᠡᠯᠡᠯᠲᠡ ᠶᠢ ᠬᠢᠨᠠᠨ ᠲᠣᠭᠲᠠᠭᠠᠬᠤ ᠵᠢᠴᠢ ᠰᠦᠶᠳᠬᠡᠯ ᠲᠤᠰᠢᠶᠠᠵᠤ ᠬᠥᠮᠥᠷᠭᠡ ᠳᠤ ᠣᠷᠣᠭᠤᠯᠬᠤ ᠡᠯ᠎ᠡ ᠭᠤᠭᠴᠤᠭ᠎ᠠ ᠶᠢᠨ ᠤᠷᠤᠭᠰᠢᠲᠠᠶ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠳ᠋ ᠤᠨ ᠵᠠᠰᠠᠭ ᠤᠨ ᠲᠣᠪᠴᠢᠶ᠎ᠠ ᠨᠢ ᠪᠠᠯᠠ ᠮᠥᠩᠭᠦ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠳᠠᠭᠠᠳᠬᠠᠯ ᠳᠤ ᠣᠷᠣᠯᠴᠠᠬᠤ ᠳᠤ ᠬᠡᠷᠡᠭᠰᠡᠬᠦ ᠪᠠᠯᠠ ᠮᠥᠩᠭᠦ ᠶᠢ ᠴᠠᠭ ᠲᠤᠬᠠᠶ  ᠳᠤᠨᠢ ᠰᠢᠯᠵᠢᠭᠦᠯᠦᠨ ᠥᠭᠬᠦ ᠬᠡᠷᠡᠭᠲᠡᠶ ᠰᠤᠷᠭᠠᠨ ᠬᠥᠮᠦᠵᠢᠯ ᠤᠨ ᠲᠣᠪᠴᠢᠶ᠎ᠠ ᠨᠤᠭᠤᠳ ᠪᠥᠬᠦ ᠬᠦᠴᠦᠨ ᠢᠶᠠᠷ ᠢᠶᠠᠨ ᠬᠠᠮᠵᠢᠯᠴᠠᠵᠤ᠂ ᠰᠤᠷᠤᠭᠴᠢᠳ ᠤᠨ ᠳᠠᠭᠠᠳᠬᠠᠯ ᠳᠤ ᠣᠷᠣᠯᠴᠠᠬᠤ ᠶᠢ ᠤᠬᠠᠭᠤᠯᠤᠨ ᠳᠠᠶᠢᠴᠢᠯᠠᠬᠤ ᠪᠠ ᠵᠣᠬᠢᠶᠠᠨ ᠪᠠᠶᠢᠭᠤᠯᠤᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠰᠤᠷᠭᠠᠭᠤᠯᠢ ᠳᠤ ᠪᠠᠶᠢᠭ᠎ᠠ ᠰᠤᠷᠤᠭᠴᠢᠳ ︵ᠬᠡᠥᠬᠡᠳ ᠤᠨ ᠴᠡᠴᠡᠷᠯᠢᠭ ᠪᠠᠭᠲᠠᠨ᠎ᠠ︶ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ 100% ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠰᠢᠶᠠᠨ ᠤ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ᠵᠢᠴᠢ ᠲᠣᠰᠬᠤᠨ ᠤ ᠠᠷᠠᠳ ᠤᠨ ᠵᠥᠪᠯᠡᠯ᠂ ᠡᠯ᠎ᠡ ᠨᠡᠶᠢᠭᠡᠮ ᠲᠣᠭᠤᠷᠢᠭ ᠤᠨ ᠬᠢᠨ ᠲᠤᠰᠬᠠᠶ ᠬᠥᠮᠦᠨ ᠢᠶᠠᠷ ᠭᠠᠵᠠᠷ ᠣᠷᠣᠨ ᠤ ᠪᠤᠶᠢᠳᠠ ᠪᠥᠭᠯᠡᠭᠦᠸ᠂ ᠬᠥᠳᠡᠯᠵᠦ ᠪᠠᠷᠢᠬᠤ ᠳᠤ ᠳᠥᠭᠦᠮ ᠦᠭᠡᠢ ᠪᠤᠶᠤ ᠥᠪᠡᠰᠦᠪᠡᠨ ᠰᠦᠶᠳᠬᠡᠯ ᠲᠤᠰᠢᠶᠠᠬᠤ ᠳᠤ ᠳᠣᠭᠢᠷᠠᠬᠤ ᠥᠬᠡᠶ ᠬᠥᠮᠦᠰ ᠢ ᠵᠢᠭᠠᠨ ᠲᠣᠭᠲᠠᠭᠠᠬᠤ ᠶᠢ ᠬᠠᠷᠢᠭᠤᠴᠠᠵᠤ᠂ ᠬᠡᠷ ᠲᠤᠨᠢ ᠬᠦᠷᠴᠦ ᠣᠷᠣᠯᠠᠨ ᠬᠤᠷᠢᠶᠠᠵᠤ ᠣᠷᠣᠯᠠᠨ ᠲᠤᠰᠢᠶᠠᠬᠤ ᠶᠢ ᠬᠡᠷᠡᠭᠵᠢᠭᠦᠯᠦᠨ᠎ᠡ᠃   ︵ᠭᠤᠷᠪᠠ︶ ᠨᠠᠷᠢᠯᠢᠭ ᠣᠨᠣᠴᠠᠲᠠᠶ ᠪᠠᠷ ᠠᠪᠤᠷᠠᠨ ᠲᠤᠰᠠᠯᠠᠵᠤ᠂ ᠪᠦᠲᠦᠮᠵᠢᠲᠡᠶ ᠪᠠᠲᠤᠯᠠᠨ᠎ᠠ᠃ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠰ ᠲᠤ ᠴᠠᠭ ᠲᠤᠬᠠᠶ ᠳᠤᠨᠢ ᠡᠮ ᠡᠮᠨᠡᠯᠭᠡ ᠶᠢᠨ ᠪᠠᠲᠤᠯᠠᠭ᠎ᠠ ᠶᠢᠨ ᠬᠠᠷᠠᠭᠠᠯᠵᠠᠯ ᠠᠷᠠᠳ ᠤᠨ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠳ ᠬᠦᠴᠢᠷᠳᠡᠯᠲᠡᠶ ᠣᠯᠠᠨ ᠲᠦᠮᠡᠨ ᠤ ᠪᠡᠶ᠎ᠡ ᠶᠢᠨ ᠭᠠᠷᠤᠯ ᠢ ᠨᠤᠲᠠᠯᠠᠬᠤ᠂ ᠬᠤᠪᠢᠷᠠᠭᠤᠯᠬᠤ᠂ ᠲᠤᠭ᠎ᠠ ᠪᠠᠷᠢᠮᠲᠠ ᠬᠦᠷᠭᠡᠬᠦ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠢ ᠬᠠᠮᠵᠢᠨ ᠣᠷᠣᠯᠭ᠎ᠠ ᠪᠠᠭᠠᠲᠠᠶ ᠬᠥᠮᠦᠨ ᠠᠮᠠ ᠶᠢᠨ ᠳᠠᠭᠠᠳᠬᠠᠯ ᠳᠤ ᠣᠷᠣᠯᠴᠠᠬᠤ ᠡᠬᠡ ᠲᠠᠩᠰᠠ ᠶᠢ ᠪᠠᠶᠢᠭᠤᠯᠵᠤ᠂ ᠡᠯ᠎ᠡ ᠰᠢᠶᠠᠩ ᠪᠠᠯᠭᠠᠰᠤ᠂ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ᠤᠨ ᠠᠵᠢᠯᠲᠠᠨ ᠤ ᠮᠡᠳᠡᠭᠡ ᠵᠠᠩᠭᠢ ᠶᠢᠨ ᠠᠳᠠᠯᠢᠳᠬᠠᠯ ᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠳᠠᠭᠠᠳᠬᠠᠯ ᠳᠤ ᠣᠷᠤᠭ᠎ᠠ ᠥᠬᠡᠶ ᠬᠥᠮᠦᠰ ᠢ ᠣᠨᠣᠪᠴᠢᠲᠠᠶ ᠲᠣᠭᠲᠠᠭᠠᠵᠤ᠂ ᠰᠦᠶᠳᠬᠡᠯ ᠲᠤᠰᠢᠶᠠᠬᠤ ᠠᠵᠢᠯ ᠢ ᠨᠢᠭᠡᠳ ᠨᠢᠭᠡ ᠪᠠᠷ ᠰᠠᠶᠢᠲᠤᠷ ᠬᠢᠬᠦ ᠬᠡᠷᠡᠭᠲᠡᠶ᠃    ︵ᠳᠥᠷᠪᠡ︶ ᠤᠬᠠᠭᠤᠯᠭ᠎ᠠ ᠪᠠᠨ ᠴᠢᠩᠭᠠᠷᠠᠭᠤᠯᠵᠤ᠂ ᠠᠭᠤᠷ ᠠᠮᠢᠰᠬᠤᠯ ᠢ ᠪᠣᠶ ᠪᠣᠯᠭᠠᠨ᠎ᠠ᠃ ᠤᠬᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠬᠠᠷᠢᠯᠴᠠᠨ ᠬᠠᠪᠰᠤᠷᠤᠯᠴᠠᠵᠤ ᠬᠠᠷᠢᠯᠴᠠᠨ ᠬᠠᠷᠠᠭᠠᠯᠵᠠᠬᠤ᠂ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠣᠨᠣᠯᠵᠢᠬᠤᠨ ᠢ ᠶᠡᠬᠡᠪᠡᠷ ᠲᠦᠭᠡᠮᠡᠯᠵᠢᠭᠦᠯᠵᠦ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠨᠡᠶᠢᠭᠡᠮ ᠤᠨ ᠵᠢᠱᠢᠯᠲᠡ ᠶᠢ ᠵᠦᠶ ᠵᠣᠬᠢᠰᠲᠠᠶ ᠬᠥᠲᠥᠯᠦᠨ ᠵᠢᠯᠣᠭᠤᠳᠬᠤ ᠬᠡᠷᠡᠭᠲᠡᠶ᠃   ︵ᠲᠠᠪᠤ︶ ᠡᠭᠦᠷᠭᠡ ᠪᠠᠨ ᠨᠠᠷᠢᠯᠢᠬᠵᠢᠭᠤᠯᠵᠤ᠂ ᠰᠢᠮᠳᠠᠭᠤᠯᠤᠨ ᠵᠢᠯᠣᠭᠤᠳᠴᠤ ᠨᠡᠪᠲᠡᠷᠡᠭᠦᠯᠦᠨ᠎ᠡ᠃ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠬᠤ ᠡᠭᠦᠷᠭᠡ ᠶᠢ ᠳᠥᠷᠪᠡᠨ ᠱᠠᠲᠤ ᠦᠶ᠎ᠡ ᠬᠤᠪᠢᠶᠠᠨ᠎ᠠ᠄ 2023 ᠣᠨ ᠤ 11 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠷᠣᠯᠭ᠎ᠠ ᠪᠠᠭᠠᠲᠠᠶ ᠬᠥᠮᠦᠨ ᠠᠮᠠ ᠪᠠ ᠶᠠᠳᠠᠭᠤ   ᠠᠴᠠ ᠠᠩᠭᠢᠵᠢᠷᠠᠭᠰᠠᠨ ᠬᠥᠮᠦᠨ ᠠᠮᠠ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 100% ᠪᠠᠷ ᠪᠡᠶᠡᠯᠡᠭᠦᠯᠬᠦ ᠠᠵᠢᠯ ᠤᠨ ᠡᠭᠦᠷᠭᠡ ᠶᠢ ᠪᠡᠶᠡᠯᠡᠭᠦᠯᠬᠦ ᠬᠡᠷᠡᠭᠲᠡᠶ︔ 2023 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ 70%   ᠠᠴᠠ ᠳᠡᠭᠡᠭᠰᠢᠬᠢ ᠳᠠᠭᠠᠳᠬᠠᠯ ᠳᠤ ᠣᠷᠣᠯᠴᠠᠬᠤ ᠡᠭᠦᠷᠭᠡ ᠶᠢ ᠪᠡᠶᠡᠯᠡᠭᠦᠯᠦᠨ᠎ᠡ︔ 2024 ᠣᠨ ᠤ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ 95%   ᠠᠴᠠ ᠳᠡᠭᠡᠭᠰᠢᠬᠢ ᠳᠠᠭᠠᠳᠬᠠᠯ ᠳᠤ ᠣᠷᠣᠯᠴᠠᠬᠤ ᠡᠭᠦᠷᠭᠡ ᠶᠢ ᠪᠡᠶᠡᠯᠡᠭᠦᠯᠦᠨ᠎ᠡ︔ 2024 ᠣᠨ ᠤ 3 ᠳ᠋ᠤᠭᠠᠷ ᠰᠠᠷ᠎ᠠ ᠶᠢᠨ 22 ᠤᠨ ᠡᠳᠦᠷ ᠠᠴᠠ ᠡᠮᠦᠨ᠎ᠡ ᠳᠠᠭᠠᠳᠬᠠᠯ ᠳᠤ ᠣᠷᠣᠯᠴᠠᠬᠤ ᠪᠥᠬᠦ ᠡᠭᠦᠷᠭᠡ ᠶᠢ ᠪᠡᠶᠡᠯᠡᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠬᠤ ᠠᠵᠢᠯ ᠳᠤ 2023 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ ᠭᠠᠷᠠᠭ ᠤᠨ ᠲᠣᠬᠢᠷᠠᠭᠤᠯᠤᠯᠲᠠ᠂ ᠰᠠᠷ᠎ᠠ ᠶᠢᠨ ᠨᠡᠶᠢᠲᠡᠯᠡᠨ ᠮᠡᠳᠡᠭᠳᠡᠬᠦ ᠲᠦᠷᠢᠮ ᠢ ᠬᠡᠷᠡᠭᠵᠢᠭᠦᠯᠵᠦ᠂ ᠠᠬᠢᠴᠠ ᠨᠢ ᠤᠳᠠᠭᠠᠨ ᠪᠠᠶᠢᠭ᠎ᠠ ᠰᠢᠶᠠᠩ ᠪᠠᠯᠭᠠᠰᠤᠨ ᠳᠤ ᠪᠣᠯ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ᠠᠴᠠ ᠪᠥᠬᠦ ᠰᠢᠶᠠᠨ ᠳᠤ ᠨᠡᠶᠢᠲᠡᠯᠡᠨ ᠮᠡᠳᠡᠭᠳᠡᠨ᠎ᠡ᠃   ※ ᠳᠠᠭᠠᠯᠳᠤᠭᠤᠯᠤᠯ᠄ 2024 ᠣᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠡᠭᠦᠷᠭᠡ ᠶᠢᠨ ᠬᠤᠪᠢᠶᠠᠷᠢᠯᠠᠯᠲᠠ ᠶᠢᠨ ᠬᠦᠰᠦᠨᠦᠭᠲᠦ ᠶᠢᠨ ᠨᠠᠷᠢᠨ ᠠᠭᠤᠯᠭ᠎ᠠ ᠶᠢ ᠲᠦᠴᠢᠤᠸᠠᠨ ᠰᠢᠶᠠᠨ ᠤ ᠬᠢᠲᠡᠳ ᠰᠦᠯᠵᠢᠶ᠎ᠠ ᠠᠴᠠ ᠠᠩᠬᠠᠭᠠᠷᠠᠢ︕                           2023 ᠣᠨ ᠤ 9 ᠰᠠᠷ᠎ᠠ ᠶᠢᠨ 4 ᠤ ᠡᠳᠦᠷ
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号