ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠨ ᠬᠥᠮᠦᠵᠢᠯ ᠤᠨ ᠰᠢᠰᠲ᠋ᠧᠮ ᠤᠨ 2023 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠠᠶᠤᠯᠭᠦᠶ ᠦᠶᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/6
   2023 ᠣᠨ ᠤ 9 ᠰᠠᠷ᠎ᠠ ᠶᠢᠨ 4 ᠤ ᠦᠳᠡ ᠶᠢᠨ ᠬᠤᠶᠢᠨ᠎ᠠ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ  ᠤᠨ ᠲᠣᠪᠴᠢᠶ᠎ᠠ ᠰᠤᠷᠭᠠᠨ ᠬᠥᠮᠦᠵᠢᠯ ᠤᠨ ᠰᠢᠰᠲ᠋ᠧᠮ ᠤᠨ 2023 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠠᠶᠤᠯᠭᠦᠶ ᠦᠶᠯᠡᠳᠪᠦᠷᠢᠯᠡᠯ ᠤᠨ ᠠᠵᠢᠯ ᠤᠨ ᠬᠤᠷᠠᠯ ᠬᠢᠪᠠ᠃ ᠬᠤᠷᠠᠯ ᠢ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢᠦ ᠰᠢᠩ ᠲᠢᠶᠠᠨ ᠡᠷᠭᠢᠯᠡᠵᠦ᠂ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ ᠮᠠ ᠰᠢᠶᠤᠤ ᠵᠢᠩ᠂ ᠰᠤᠷᠭᠠᠨ ᠬᠥᠮᠦᠵᠢᠯ ᠤᠨ ᠲᠣᠪᠴᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠪᠥᠬᠦ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠬᠡᠦᠬᠡᠳ ᠤᠨ ᠴᠡᠴᠡᠷᠯᠢᠭ ᠤᠨ ᠳᠠᠷᠤᠭ᠎ᠠ ᠵᠢᠴᠢ ᠠᠮᠤᠷ ᠲᠦᠪᠰᠢᠨ ᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠵᠠᠬᠢᠷᠤᠯ᠂ ᠴᠡᠴᠡᠷᠯᠢᠭ ᠤᠨ ᠳᠡᠳ᠋ ᠳᠠᠷᠤᠭ᠎ᠠ ᠬᠤᠷᠠᠯ ᠳᠤ ᠣᠷᠣᠯᠴᠠᠵᠤ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠪᠤᠤ ᠬᠤᠩ ᠶᠢᠩ ᠬᠤᠷᠠᠯ  ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠶ᠃    ᠪᠤᠤ ᠬᠤᠩ ᠶᠢᠩ ᠳᠡᠳ᠋ ᠰᠢᠶᠠᠨ ᠤ ᠳᠠᠷᠤᠭ᠎ᠠ ᠭᠤᠤᠯᠳᠠᠭᠤ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠴᠢᠨᠠᠷ ᠰᠠᠶᠢᠲᠠᠶ ᠪᠠᠷ ᠰᠢᠶᠠᠨ ᠤ ᠬᠡᠪᠴᠢᠶᠡᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠠᠬᠢᠭᠤᠯᠬᠤ ᠲᠣᠭᠤᠷᠢᠨ ᠳᠤ ᠪᠣᠳᠠᠲᠠᠶ ᠱᠠᠭᠠᠷᠳᠠᠯᠭ᠎ᠠ ᠳᠤᠷᠠᠳᠪᠠ᠄ ᠨᠢᠭᠡ ᠳᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠤᠷᠢᠭ᠎ᠠ ᠱᠤᠭᠤᠮ ᠢ ᠰᠠᠬᠢᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠯᠬᠠᠪᠴᠢ ᠶᠢ ᠯᠠᠪᠳᠠᠭᠤᠨ ᠪᠠᠲᠤᠲᠠᠶ ᠪᠠᠬᠢᠵᠢᠭᠦᠯᠦᠨ᠎ᠡ᠃ ᠡᠯ᠎ᠡ ᠰᠤᠷᠭᠠᠭᠤᠯᠢ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠬᠦ ᠶᠢᠨ ᠬᠠᠮᠲᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠥᠮᠦᠵᠢᠯ  ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ ᠬᠤᠶᠠᠷ ᠲᠤ ᠬᠠᠷᠢᠭᠤᠴᠠᠯᠭ᠎ᠠ ᠶᠢ ᠪᠠᠲᠤᠳᠬᠠᠨ᠂ ᠬᠠᠮᠢᠶᠠᠷᠤᠯᠲᠠ  ᠶᠢ ᠴᠢᠩᠭᠠᠳᠬᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠯ᠎ᠡ ᠰᠤᠷᠭᠠᠭᠤᠯᠢ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠵᠠᠭᠪᠤᠷ ᠢᠶᠠᠨ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠰᠤᠷᠭᠠᠭᠤᠯᠢ ᠶᠢᠨ ᠵᠠᠬᠢᠷᠤᠯ ᠵᠢᠭᠠᠨ ᠰᠤᠷᠭᠠᠯᠲᠠ ᠶᠢ ᠲᠦᠷᠦᠭᠦᠯᠡᠨ ᠠᠳᠬᠤᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠪᠠᠭᠰᠢ ᠶᠢᠨ ᠲᠤᠰᠬᠠᠶ ᠮᠡᠷᠭᠡᠵᠢᠯ ᠤᠨ ᠬᠡᠪ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠭᠤᠷᠪᠠᠨ ᠡᠩᠨᠡᠭᠡ︾ ᠶᠢᠨ ᠴᠢᠳᠠᠪᠤᠷᠢ ᠶᠢᠨ ᠲᠦᠪᠰᠢᠨ  ᠢᠶᠠᠨ ᠬᠦᠴᠦᠯᠡᠨ ᠳᠡᠭᠡᠭᠰᠢᠯᠡᠭᠦᠯᠵᠦ᠂ ᠤᠨᠴᠠᠯᠢᠬᠳᠤ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠤᠨᠴᠠᠯᠢᠬᠳᠤ ᠬᠥᠭᠵᠢᠯᠲᠡ ᠶᠢᠨ ᠰᠤᠷᠭᠠᠭᠤᠯᠢ ᠶᠢ ᠰᠢᠨᠵᠢᠯᠡᠨ ᠪᠠᠶᠢᠴᠠᠭᠠᠬᠤ ᠲᠦᠷᠢᠮ ᠢ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃ ᠭᠤᠷᠪᠠ ᠳᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠦᠵᠡᠯ ᠤᠬᠠᠮᠰᠠᠷ ᠤᠨ ᠬᠡᠯᠪᠡᠷᠢ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠡᠯ᠎ᠡ ᠰᠤᠷᠭᠠᠭᠤᠯᠢ ᠶᠢᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠠᠮᠢᠶᠠᠷᠤᠯᠲᠠ ᠡᠵᠡᠮᠳᠡᠯ ᠢ ᠰᠠᠶᠢᠲᠤᠷ ᠠᠳᠬᠤᠵᠤ᠂ ᠨᠠᠮ ᠤᠨ ᠰᠤᠷᠲᠠᠯ ᠴᠢᠬᠡᠴᠢ ᠵᠠᠰᠠᠭ  ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠵᠤ᠂ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠪᠣᠯᠤᠨ ᠪᠠᠭᠰᠢ ᠶᠢᠨ ᠮᠣᠷᠠᠯ ᠪᠠᠭᠰᠢ ᠶᠢᠨ ᠰᠤᠷᠲᠠᠯ  ᠤᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠰᠤᠷᠲᠠᠯ ᠴᠢᠬᠡᠴᠢ ᠣᠪᠣᠷ ᠲᠥᠪ ᠬᠥᠮᠦᠨ ᠢ ᠬᠥᠮᠦᠵᠢᠭᠦᠯᠬᠦ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠤ᠂ ᠰᠤᠷᠭᠠᠭᠤᠯᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃    ᠲᠣᠪᠴᠢᠶᠠᠨ ᠳᠠᠷᠤᠭ᠎ᠠ ᠯᠢᠦ ᠰᠢᠩ ᠲᠢᠶᠠᠨ ᠣᠳᠣᠬᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠭᠤᠤᠯᠳᠠᠯᠭ᠎ᠠ ᠲᠠᠢ ᠬᠦᠴᠢᠷᠲᠡᠶ ᠠᠵᠢᠯ ᠤᠨ ᠲᠤᠬᠠᠶ ᠪᠠᠶᠢᠷᠢᠯᠠᠭᠤᠯᠤᠯᠲᠠ ᠬᠢᠵᠡᠶ᠄ ᠨᠢᠭᠡ ᠳᠤ ᠲᠥᠷᠥᠯ ᠵᠦᠶᠯ ᠤᠨ ᠬᠥᠮᠥᠷᠭᠡ ᠶᠢ ᠤᠷᠢᠳᠴᠢᠯᠠᠨ ᠲᠥᠯᠥᠪᠯᠡᠵᠦ ᠪᠠᠶᠢᠭᠤᠯᠤᠨ᠎ᠠ︔ ᠬᠤᠶᠠᠷ ᠲᠤ ︽ᠭᠤᠷᠪᠠᠨ ᠴᠢᠬᠤᠯᠠ ᠨᠢᠭᠡ ᠶᠡᠭᠡ︾  ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ︔ ᠭᠤᠷᠪᠠ ᠳᠤ ᠦᠵᠡᠯ ᠤᠬᠠᠮᠰᠠᠷ ᠤᠨ ᠬᠡᠯᠪᠡᠷᠢ ᠶᠢ ᠴᠢᠩᠭ᠎ᠠ ᠠᠳᠬᠤᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠠᠮᠢᠶᠠᠷᠤᠯᠲᠠ ᠡᠵᠡᠮᠳᠡᠯ ᠢ ᠰᠠᠶᠢᠲᠤᠷ ᠬᠢᠨ᠎ᠠ︔ ᠳᠥᠷᠪᠡ ᠳᠤ᠂ ᠪᠠᠭᠰᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠳᠥᠷᠪᠡ ᠪᠠᠶᠢᠬᠤ ᠰᠠᠶᠢᠨ ᠪᠠᠭᠰᠢ ᠶᠢ ᠬᠥᠮᠦᠵᠢᠭᠦᠯᠦᠨ᠎ᠡ︔ ᠲᠠᠪᠤ  ᠳᠤ᠂ ᠦᠳᠲᠡᠷ ᠲᠦᠷᠭᠡᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠷᠠᠯ ᠳᠡᠭᠡᠷ᠎ᠡ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠭᠤᠷᠪᠠᠨ ᠳᠡᠳ᠋ ᠲᠣᠪᠴᠢᠶᠠᠨ ᠳᠠᠷᠤᠭ᠎ᠠ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠠᠵᠢᠯ  ᠤᠨ ᠣᠳᠣᠬᠠᠨ ᠤ ᠭᠤᠤᠯ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠰᠢᠨ᠎ᠡ ᠰᠤᠷᠤᠯᠭ᠎ᠠ ᠶᠢᠨ ᠬᠤᠭᠤᠴᠠᠭ᠎ᠠ᠂ ᠰᠢᠨ᠎ᠡ ᠭᠠᠷᠤᠭ᠎ᠠ ᠳᠤ᠂ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠦᠷᠭᠦᠯᠵᠢᠯᠡᠨ ᠪᠠᠷᠢᠮᠲᠠᠯᠠᠨ ᠴᠢᠩᠭᠠᠳᠬᠠᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠨᠡᠩ ᠬᠡᠬᠦᠳᠡᠭ ᠳᠦᠭᠦᠷᠡᠩ ᠵᠣᠷᠢᠭ ᠰᠠᠨᠠᠭ᠎ᠠ᠂ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠡᠷᠡᠮᠡᠬᠡᠶᠢᠯᠡᠨ ᠤᠷᠤᠭᠰᠢᠯᠠᠬᠤ ᠳᠦᠷᠰᠦ ᠪᠠᠶᠢᠳᠠᠯ᠂ ᠪᠣᠳᠠᠲᠠᠢ ᠶᠢ ᠡᠷᠬᠢᠮᠯᠡᠬᠦ ᠰᠤᠷᠲᠠᠯ ᠢᠶᠠᠷ᠂ ᠮᠣᠷᠢ ᠳᠠᠪᠬᠢᠭᠤᠯᠤᠨ ᠲᠠᠰᠢᠭᠤᠷᠳᠠᠵᠤ᠂ ᠡᠷᠡᠮᠡᠬᠡᠶᠢᠯᠡᠨ ᠤᠷᠤᠭᠰᠢᠯᠠᠵᠤ᠂ ᠲᠦᠴᠢᠦᠸᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ︕
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号