ᠨᠣᠮ ᠤᠨ ᠰᠠᠩ ︽ᠤᠩᠰᠢᠯᠭ᠎ᠠ ᠪᠠᠷ ᠬᠥᠭᠵᠢᠯᠲᠡ ᠶᠢ ᠠᠬᠢᠭᠤᠯᠬᠤ︾ ᠤᠩᠰᠢᠯᠭ᠎ᠠ ᠶᠢ ᠳᠡᠯᠭᠡᠷᠡᠭᠦᠯᠬᠦ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/9/8
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ 9 ᠰᠠᠷ᠎ᠠ ᠶᠢᠨ 7 ᠤ ᠡᠳᠦᠷ ᠂ ᠲᠦᠴᠢᠦᠸᠠᠨ ᠰᠢᠶᠠᠨ ᠤ ᠨᠣᠮ ᠤᠨ ᠰᠠᠩ ᠠᠵᠢᠯᠲᠠᠳ ᠢᠶᠠᠨ ᠵᠣᠬᠢᠶᠠᠨ ᠪᠠᠶᠢᠭᠤᠯᠵᠤ ᠲᠠᠢ ᠫᠢᠩ ᠰᠢᠶᠠᠩ ᠤᠨ ᠴᠧᠨ ᠭᠤᠸᠠᠩ ᠲᠣᠰᠬᠤᠨ ᠳᠤ ᠬᠦᠷᠴᠦ᠂ ︽ᠤᠩᠰᠢᠯᠭ᠎ᠠ ᠪᠠᠷ ᠬᠥᠭᠵᠢᠯᠲᠡ ᠶᠢ ᠠᠬᠢᠭᠤᠯᠬᠤ︾ ᠬᠥᠳᠡᠭᠡ ᠲᠣᠰᠬᠤᠨ ᠤ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡ — ᠨᠡᠭᠦᠳᠡᠯ ᠦᠶᠯᠡᠴᠢᠯᠡᠭᠡ ᠶᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠨᠣᠮ ᠤᠨ ᠰᠠᠩ ᠤᠨ ᠠᠵᠢᠯᠲᠠᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠮᠠᠲ᠋ᠧᠷᠢᠶᠠᠯ ᠢ ᠤᠯᠠᠨ ᠲᠦᠮᠡᠨ ᠳᠤ ᠲᠠᠷᠬᠠᠭᠠᠨ ᠥᠭᠴᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠨ ᠲᠦᠮᠡᠨ ᠤ ᠳᠡᠷᠭᠡᠳᠡ ᠠᠪᠴᠢᠷᠠᠨ᠂ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠪᠠ᠃ ᠡᠭᠦᠨ ᠤ ᠬᠠᠮᠲᠤ ᠪᠠᠰᠠ 500 ᠭᠠᠷᠤᠶ ᠵᠦᠶᠯ ᠤᠨ ᠬᠤᠭᠤᠴᠠᠭᠠᠲᠤ ᠰᠡᠳᠬᠦᠯ᠂ ᠰᠡᠳᠬᠦᠯ ᠵᠢᠴᠢ ᠬᠤᠪᠢᠰᠬᠠᠯᠲᠤ ᠨᠣᠮ ᠪᠢᠴᠢᠭ ᠢ ᠨᠠᠷᠢᠨ ᠨᠢᠮᠪᠠᠶ ᠰᠣᠩᠭᠤᠵᠤ᠂ ᠲᠠᠷᠢᠮᠠᠯ ᠲᠡᠵᠢᠭᠡᠪᠦᠷᠢ ᠶᠢᠨ ᠲᠥᠷᠥᠯ᠂ ᠡᠮ ᠡᠮᠨᠡᠯᠭᠡ ᠡᠷᠡᠭᠦᠯᠵᠢᠯ ᠤᠨ ᠲᠥᠷᠥᠯ᠂ ᠨᠠᠮ ᠤᠨ ᠲᠡᠦᠬᠡ ᠶᠢᠨ ᠠᠷᠢᠭᠤᠨ ᠴᠢᠬᠡᠴᠢ ᠶᠢᠨ ᠲᠥᠷᠥᠯ᠂ ᠤᠳᠬ᠎ᠠ ᠵᠣᠬᠢᠶᠠᠯ  ᠤᠨ ᠲᠥᠷᠥᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠡᠷᠭᠡ ᠠᠭᠤᠯᠭ᠎ᠠ ᠶᠢ ᠬᠠᠮᠤᠷᠴᠤ᠂ ᠣᠯᠠᠨ  ᠳᠤ ᠲᠤᠬᠠᠶ ᠶᠢᠨ ᠲᠠᠯᠠᠪᠤᠷ ᠲᠤ ᠤᠩᠰᠢᠯᠭ᠎ᠠ ᠬᠠᠩᠭᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠨᠣᠮ ᠤᠨ ᠰᠠᠩ ᠤᠨ ᠣᠯᠠᠨ ᠨᠡᠶᠢᠲᠡ ᠶᠢᠨ ᠳ᠋ᠤᠭᠠᠷ ᠢ ᠠᠩᠬᠠᠷᠤᠭᠤᠯᠵᠤ᠂ ᠨᠣᠮ ᠤᠨ ᠰᠠᠩ ᠤᠨ ᠡᠯ᠎ᠡ ᠵᠦᠶᠯ ᠤᠨ ᠲᠤᠬᠠᠶᠢᠯᠠᠭᠰᠠᠨ ᠠᠵᠢᠯ ᠢ ᠢᠳᠡᠪᠬᠢᠲᠡᠶ ᠤᠬᠠᠭᠤᠯᠬᠤ ᠶᠢᠨ ᠬᠠᠮᠲᠤ ᠨᠣᠮ ᠤᠨ ᠰᠠᠩ ᠳᠤ ᠢᠷᠡᠵᠦ ᠡᠯ᠎ᠡ ᠵᠦᠶᠯ ᠤᠨ ᠦᠶᠯᠡᠴᠢᠯᠡᠭᠡ ᠶᠢ ᠦᠨ᠎ᠡ ᠲᠥᠯᠥᠪᠦᠷᠢ ᠥᠬᠡᠶ ᠪᠠᠷ ᠪᠡᠶᠡᠴᠢᠯᠡᠨ ᠣᠶᠢᠯᠠᠭᠠᠬᠤ ᠶᠢ ᠪᠠᠶᠠᠷᠯᠠᠨ ᠤᠭᠲᠤᠪᠠ᠃    ᠲᠣᠰ ᠤᠳᠠᠭᠠᠨ ᠤ ᠠᠵᠢᠯᠯᠠᠭ᠎ᠠ ᠨᠢ ᠦᠨᠳᠦᠰᠦᠨ ᠱᠠᠲᠤᠨ ᠤ ᠥᠷᠭᠡᠨ ᠣᠯᠠᠨ ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠥᠬᠦ ᠠᠷᠠᠳ ᠤᠨ ᠤᠩᠰᠢᠯᠭ᠎ᠠ ᠶᠢ ᠥᠷᠭᠡᠨ ᠢᠶᠠᠷ ᠥᠷᠨᠢᠭᠦᠯᠬᠦ ᠶᠢ ᠠᠬᠢᠭᠤᠯᠪᠠ᠃ ᠳᠠᠷᠠᠭᠠᠴᠢ ᠶᠢᠨ ᠠᠯᠬᠤᠮ ᠳᠤ᠂ ᠲᠦᠴᠢᠦᠸᠠᠨ ᠰᠢᠶᠠᠨ ᠤ ᠨᠣᠮ ᠤᠨ ᠰᠠᠩ ᠪᠠᠰᠠ ᠰᠣᠶᠣᠯ ᠤᠨ ᠡᠬᠢ ᠪᠠᠶᠠᠯᠢᠭ ᠢᠶᠠᠨ ᠳᠠᠰᠤᠷᠠᠯᠳᠠ ᠦᠭᠡᠢ ᠨᠢᠭᠡᠳᠭᠡᠵᠦ᠂ ᠦᠨᠳᠦᠰᠦᠨ ᠱᠠᠲᠤᠨ ᠤ ᠤᠯᠠᠨ ᠲᠦᠮᠡᠨ ᠳᠤ ᠳᠥᠭᠦᠮ ᠳᠥᠲᠡ ᠲᠦᠷᠭᠡᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠠᠩᠭᠠᠵᠤ᠂ ᠦᠨᠳᠦᠰᠦᠨ ᠱᠠᠲᠤᠨ  ᠤ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ ᠬᠥᠭᠵᠢᠭᠡᠵᠦ᠂ ᠤᠯᠠᠨ ᠲᠦᠮᠡᠨ ᠤ ᠰᠣᠶᠣᠯ ᠤᠨ ᠬᠦᠷᠲᠡᠮᠵᠢ ᠶᠢᠨ ᠲᠦᠷᠦᠭᠳᠡᠯ ᠢ ᠦᠷᠭᠦᠯᠵᠢᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠰᠣᠶᠣᠯ  ᠤᠨ ᠬᠥᠭᠵᠢᠯ ᠮᠠᠨᠳᠤᠯ ᠢ ᠠᠬᠢᠭᠤᠯᠬᠤ ᠪᠣᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号