ᠮᠥᠰᠥ ᠴᠠᠰᠤ ᠪᠠᠷ ᠵᠤᠭᠠᠴᠠᠵᠤ᠂ ᠬᠥᠳᠡᠭᠡ ᠲᠣᠰᠬᠤᠨ ᠳᠤ ᠣᠶᠢᠷᠠᠳᠴᠤ᠂ ᠰᠣᠶᠣᠯ ᠳᠤ ᠦᠨᠳᠦᠰᠦᠯᠡᠵᠦ ᠲᠦᠴᠢᠦᠸᠠᠨ ᠰᠢᠶᠠᠨ ︽ᠤᠯᠠᠨ ᠭᠠᠵᠠᠷ ᠲᠤ ᠴᠡᠴᠡᠭᠯᠡᠵᠦ︾ ᠪᠦᠬᠦ ᠣᠷᠣᠨ ᠪᠦᠰᠡ ᠶᠢᠨ ᠵᠤᠭᠠᠴᠠᠯ ᠢ ᠬᠥᠭᠵᠢᠭᠦᠯᠦᠨ᠎ᠡ
ᠨᠡᠶᠢᠲᠡᠯᠡᠭᠰᠡᠨ ᠴᠠᠭ᠄
2024/1/11
   ᠣᠶᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠤ ᠬᠢᠨ ᠲᠠᠷᠢᠶᠠᠯᠠᠬᠤ ᠰᠣᠶᠣᠯ ᠢ ᠪᠡᠶᠡᠴᠢᠯᠡᠨ ᠣᠶᠢᠯᠠᠭᠠᠬᠤ ᠲᠣᠭᠤᠷᠢᠭ᠂ ᠤᠯᠤᠰ ᠤᠨ ᠳᠣᠲᠣᠭᠠᠳᠤ ᠶᠢᠨ ᠲᠡᠷᠢᠭᠦᠨ ᠤ ᠰᠡᠯᠡᠭᠦᠴᠡᠯ ᠤᠨ ᠲᠠᠷᠢᠶᠠᠯᠠᠩ ᠪᠣᠯᠣᠨ ᠬᠥᠳᠡᠭᠡ ᠲᠣᠰᠬᠤᠨ ᠤ ᠵᠤᠭᠠᠴᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠰᠢᠶᠠᠨ ᠤ ᠬᠡᠪᠴᠢᠶᠡᠨ ᠤ ᠵᠤᠭᠠᠴᠠᠯ ᠤᠨ ᠴᠢᠨᠠᠷ ᠪᠣᠯᠣᠨ ᠲᠡᠰ ᠢ ᠦᠷᠭᠦᠯᠵᠢᠯᠡᠨ ᠳᠡᠭᠡᠭᠰᠢᠯᠡᠭᠦᠯᠵᠦ᠂ ᠰᠢᠨ᠎ᠡ ᠨᠢᠭᠡ ᠡᠭᠡᠯᠵᠢ ᠶᠢᠨ ᠪᠦᠬᠦ ᠬᠡᠪᠴᠢᠶᠡᠨ ᠤ ᠵᠤᠭᠠᠴᠠᠯ ᠤᠨ ᠠᠵᠢᠯ ᠢ ᠥᠨᠳᠥᠷ ᠪᠠᠷᠢᠮᠵᠢᠶ᠎ᠠ ᠪᠠᠷ ᠨᠠᠶᠢᠳᠠᠪᠤᠷᠢᠵᠢᠭᠤᠯᠬᠤ᠂ ᠴᠢᠨᠠᠷ ᠰᠠᠶᠢᠲᠠᠢ ᠬᠥᠭᠵᠢᠭᠦᠯᠬᠦ ᠶᠢ ᠠᠬᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ᠂ ᠮᠥᠰᠥ ᠴᠠᠰᠤᠨ ᠤ ᠡᠯᠳᠡᠪ ᠬᠤᠶᠠᠷ ᠢᠶᠠᠷ ᠪᠠᠶᠠᠯᠢᠭ ᠢ ᠦᠨᠡᠨᠬᠦ ᠠᠷᠠᠳ ᠢ ᠪᠠᠶᠠᠵᠢᠭᠤᠯᠤᠨ ᠰᠢᠶᠠᠨ ᠢ ᠬᠦᠴᠦᠷᠬᠡᠭᠵᠢᠭᠦᠯᠬᠦ᠂ ᠠᠷᠠᠳ ᠤᠯᠠᠨ ᠳᠤ ᠪᠤᠶᠠᠨ ᠦᠢᠯᠡᠳᠬᠦ ᠠᠯᠳᠠ ᠮᠥᠩᠭᠦᠨ ᠠᠭᠤᠯᠠ ᠪᠣᠯᠭᠠᠨ ᠬᠤᠪᠢᠷᠠᠭᠤᠯᠵᠠᠢ᠃
   ᠬᠡᠳᠦᠨ ᠤᠳᠠᠭ᠎ᠠ ᠶᠢᠨ ᠴᠠᠰᠤ ᠨᠢ ᠲᠦᠴᠢᠦᠸᠠᠨ ᠤ ᠳᠤᠯᠠᠭᠠᠨ ᠤ ᠬᠡᠮᠵᠢᠶ᠎ᠡ ᠶᠢ ︽ᠬᠦᠢᠲᠡᠷᠡᠭᠦᠯᠦᠭᠰᠡᠨ︾ ᠪᠣᠯᠪᠠᠴᠤ ᠲᠦᠴᠢᠦᠸᠠᠨ ᠰᠢᠶᠠᠨ ᠤ ᠡᠪᠦᠯ ᠤᠨ ᠤᠯᠠᠷᠢᠯ ᠤᠨ ᠵᠤᠭᠠᠴᠠᠯ ᠤᠨ ︽ ᠬᠠᠯᠠᠭᠤᠷᠠᠯ︾ ᠢ ᠪᠤᠢ ᠪᠣᠯᠭᠠᠵᠠᠢ᠃ ᠲᠦᠴᠢᠦᠸᠠᠨ ᠤ ᠰᠠᠭᠤᠭᠳᠠᠯ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠳᠤ ᠢᠷᠡᠬᠦ ᠳᠤ᠂ ᠴᠥᠭᠡᠨ ᠪᠤᠰᠤ ᠵᠤᠭᠠᠴᠠᠭᠰᠠᠳ ᠮᠥᠰᠥ ᠴᠠᠰᠤᠨ ᠤ ᠵᠤᠭᠠᠴᠠᠯ ᠢ ᠪᠡᠶᠡᠴᠢᠯᠡᠨ ᠣᠶᠢᠯᠠᠭᠠᠵᠤ᠂ ᠴᠠᠰᠤᠨ ᠳᠡᠭᠡᠷᠡᠬᠢ ᠮᠣᠲ᠋ᠣᠷ᠂ ᠴᠠᠰᠤᠨ ᠳᠡᠭᠡᠷᠡᠬᠢ ᠴᠠᠬᠢᠯᠭᠠᠨ ᠬᠥᠳᠡᠯᠭᠡᠭᠦᠷᠲᠦ ᠬᠡᠭᠡᠷ᠎ᠡ ᠶᠢᠨ ᠲᠠᠩᠺ᠂ ᠬᠡᠦᠬᠡᠳ ᠤᠨ ᠴᠠᠰᠤ ᠲᠦᠯᠬᠢᠬᠦ ᠮᠠᠰᠢᠨ᠂ ᠳᠤᠭᠤᠢ ᠲᠡᠷᠭᠡ ᠵᠡᠷᠭᠡ ᠠᠯᠢ ᠤᠯᠠᠨ ᠵᠤᠭ᠎ᠠ ᠴᠡᠩᠭᠡᠯ ᠤᠨ ᠲᠦᠷᠦᠯ ᠵᠦᠢᠯ ᠨᠢ ᠮᠠᠰᠢ ᠤᠯᠠᠨ ᠵᠤᠭᠠᠴᠠᠭᠰᠠᠳ ᠢ ᠲᠤᠶᠢᠯ ᠤᠨ ᠶᠡᠭᠡ ᠪᠠᠷ ᠪᠠᠶᠠᠷᠯᠠᠭᠤᠯᠤᠨ᠎ᠠ᠃ ᠴᠠᠪ ᠴᠠᠭᠠᠨ ᠴᠠᠰᠤᠨ ᠤ ᠳᠤᠮᠳᠠ ᠮᠥᠰᠥ ᠴᠠᠰᠤᠨ ᠤ ᠪᠠᠶᠠᠷ ᠪᠠᠭ᠋ᠠᠳᠤᠯ ᠲᠠᠢ ᠨᠠᠭᠠᠳᠴᠤ᠂ ᠰᠡᠯᠡᠭᠦᠴᠡᠨ ᠠᠮᠠᠷᠠᠬᠤ ᠶᠢᠨ ᠬᠠᠮᠲᠤ ᠪᠠᠰᠠ ᠬᠢᠵᠠᠭᠠᠯᠠᠰᠢ ᠦᠭᠡᠢ ᠪᠠᠶᠠᠷ ᠪᠠᠭ᠋ᠠᠳᠤᠯ ᠢ ᠠᠪᠴᠢᠷᠠᠵᠤ ᠥᠭᠲᠡᠭ᠃
   ︽ᠲᠦᠴᠢᠦᠸᠠᠨ ᠤ ᠰᠠᠭᠤᠭᠳᠠᠯ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠢ 12 ᠰᠠᠷ᠎ᠠ ᠶᠢᠨ 16  ᠤ ᠡᠳᠦᠷ ᠲᠤᠷᠰᠢᠨ ᠨᠡᠭᠡᠭᠡᠭᠰᠡᠨ ᠠᠴᠠ ᠨᠠᠰᠢ᠂ ᠵᠤᠭᠠᠴᠠᠭᠰᠠᠳ ᠤᠨ ᠰᠠᠶᠢᠨ ᠦᠨᠡᠯᠡᠯᠲᠡ ᠶᠢ ᠣᠯᠵᠤ᠂ ᠣᠳᠣᠬᠠᠨ ᠳᠤ ᠪᠢᠳᠡ ᠶᠠᠭ ᠴᠠᠰᠤᠨ ᠰᠡᠶᠢᠯᠦᠮᠡᠯ ᠢ ᠪᠠᠶᠢᠭᠤᠯᠬᠤ ᠠᠵᠢᠯ ᠢ ᠬᠢᠵᠦ᠂ ᠲᠦᠴᠢᠦᠸᠠᠨ ᠤ ᠣᠨᠴᠠᠯᠢᠭ ᠲᠠᠢ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠢ ᠪᠠᠶᠢᠭᠤᠯᠬᠤ ᠪᠠᠷ ᠴᠢᠷᠮᠠᠶᠢᠵᠤ ᠪᠠᠶᠢᠨ᠎ᠠ︾ ᠭᠡᠵᠦ ᠲᠦᠴᠢᠦᠸᠠᠨ ᠤ ᠰᠠᠭᠤᠭᠳᠠᠯ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠤᠨ ᠳᠠᠭᠠᠭᠠᠮᠠᠯ ᠵᠠᠩ ᠵᠢᠶᠠᠨ ᠲᠠᠨᠢᠯᠴᠠᠭᠤᠯᠪᠠ᠃    ᠣᠶᠢᠯᠠᠭᠠᠭᠰᠠᠨ ᠢᠶᠠᠷ᠂ ᠲᠦᠴᠢᠦᠸᠠᠨ ᠤ ᠰᠠᠭᠤᠭᠳᠠᠯ ᠮᠥᠰᠥ ᠴᠠᠰᠤᠨ ᠤ ᠴᠡᠩᠭᠡᠯ ᠤᠨ ᠬᠦᠷᠢᠶᠡᠯᠡᠩ 2.2 ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠡᠵᠡᠯᠡᠵᠦ᠂ ᠣᠲᠣ 30 ᠭᠠᠷᠤᠢ ᠵᠦᠢᠯ ᠤᠨ ᠮᠥᠰᠥ ᠴᠠᠰᠤᠨ ᠤ ᠵᠤᠭ᠎ᠠ ᠴᠡᠩᠭᠡᠯ ᠤᠨ ᠵᠦᠢᠯᠡᠰ ᠪᠠᠶᠢᠵᠤ᠂ ᠣᠲᠣ ᠪᠣᠯᠲᠠᠯ᠎ᠠ ᠨᠢᠭᠡᠨᠲᠡ 500 ᠭᠠᠷᠤᠢ ᠬᠥᠮᠥᠨ ᠤᠳᠠᠭ᠎ᠠ ᠵᠤᠭᠠᠴᠠᠭᠰᠠᠳ ᠢ ᠭᠥᠯᠢᠶᠡᠨ ᠠᠪᠤᠭᠰᠠᠨ ᠪᠠᠶᠢᠨ᠎ᠠ᠃ ᠴᠡᠩᠭᠡᠯ ᠤᠨ ᠬᠦᠷᠢᠶᠡᠯᠡᠩ ᠳᠤ ᠮᠥᠰᠥ ᠴᠠᠰᠤᠨ ᠤ ᠵᠤᠭ᠎ᠠ ᠴᠡᠩᠭᠡᠯ ᠢᠶᠠᠷ ᠭᠤᠣᠯ ᠡᠯᠧᠮᠧᠨ᠋ᠲ ᠪᠣᠯᠭᠠᠵᠤ᠂ ᠣᠯᠠᠨ ᠵᠦᠢᠯ ᠤᠨ ᠵᠢᠪᠦᠮᠡᠯ ᠮᠠᠶ᠋ᠢᠭ ᠤᠨ᠂ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ ᠵᠢᠭᠤᠯᠴᠢᠯᠠᠯ ᠤᠨ ᠦᠢᠯᠡᠰ ᠤᠨ ᠬᠡᠯᠪᠡᠷᠢ ᠶᠢ ᠴᠢᠷᠮᠠᠶᠢᠨ ᠪᠣᠶ ᠪᠣᠯᠭᠠᠨ᠎ᠠ᠃ ᠨᠢᠭᠡ ᠲᠠᠯ᠎ᠠ ᠪᠠᠷ ᠬᠥᠳᠡᠭᠡ ᠲᠣᠰᠬᠤᠨ ᠤ ᠡᠪᠦᠯ ᠤᠨ ᠤᠯᠠᠷᠢᠯ ᠤᠨ ᠰᠤᠯᠠ ᠪᠠᠶᠢᠬᠤ ᠭᠠᠵᠠᠷ ᠰᠢᠷᠣᠢ ᠶᠢ ᠪᠦᠲᠦᠮᠵᠢᠲᠡᠢ ᠠᠰᠢᠭᠯᠠᠵᠤ᠂ ᠲᠣᠰᠬᠤᠨ ᠤ ᠬᠠᠮᠲᠤ ᠶᠢᠨ ᠣᠷᠣᠯᠭ᠎ᠠ ᠶᠢ ᠨᠡᠮᠡᠭᠳᠡᠭᠦᠯᠵᠦ᠂ ᠨᠦᠭᠦᠭᠡ ᠲᠠᠯ᠎ᠠ ᠪᠠᠷ ᠰᠠᠭᠤᠭᠠᠯᠢ ᠠᠷᠠᠳ ᠤᠨ ᠡᠪᠦᠯ ᠤᠨ ᠤᠯᠠᠷᠢᠯ ᠤᠨ ᠵᠤᠭᠠᠴᠠᠨ ᠨᠠᠭᠠᠳᠬᠤ ᠬᠡᠷᠡᠭᠴᠡᠭᠡ ᠶᠢ ᠪᠠᠶᠠᠯᠢᠭᠵᠢᠭᠤᠯᠵᠤ᠂ ᠲᠦᠴᠢᠦᠸᠠᠨ ᠤ ᠮᠥᠰᠥ ᠴᠠᠰᠤᠨ ᠤ ᠰᠣᠶᠣᠯ ᠤᠨ ᠠᠭᠤᠯᠤᠭᠳᠠᠬᠤᠨ ᠢ ᠳᠡᠭᠡᠭᠰᠢᠯᠡᠭᠦᠯᠵᠦ᠂ ᠨᠡᠩ ᠴᠤ ᠮᠥᠰᠥ ᠴᠠᠰᠤᠨ ᠤ ᠠᠵᠤ ᠦᠢᠯᠡᠰ ᠢ ᠬᠥᠭᠵᠢᠭᠦᠯᠬᠦ ᠳᠤ ᠠᠰᠢᠭᠲᠠᠢ ᠰᠦᠪᠡᠭᠴᠢᠯᠡᠯᠲᠡ ᠬᠢᠭᠰᠡᠨ ᠪᠠᠶᠢᠨ᠎ᠠ᠃
   ᠴᠠᠨ᠎ᠠ ᠪᠠᠨ ᠭᠢᠰᠬᠢᠨ᠂ᠲᠡᠭᠡᠷ᠎ᠡ ᠠᠴᠠ ᠳᠠᠪᠬᠢᠭᠤᠯᠤᠨ ᠭᠤᠯᠭᠤᠵᠦ᠂ ᠬᠤᠷᠳᠤᠴᠠ ᠪᠠ ᠬᠥᠭᠡᠷᠦᠯᠳᠦᠨ ᠨᠠᠷᠭᠢᠯᠳᠤᠬᠤ ᠳᠤᠮᠳᠠ ᠴᠠᠰᠤᠨ ᠳᠤ ᠭᠤᠯᠭᠤᠬᠤ ᠬᠠᠪᠤ ᠴᠡᠩᠭᠡᠯ ᠢ ᠡᠳ᠋ᠯᠡᠨ᠂ ᠲᠦᠴᠢᠦᠸᠠᠨ ᠤ ᠬᠠᠯᠠᠭᠤᠨ ᠷᠠᠰᠢᠶᠠᠨ ᠤ ᠴᠠᠰᠤᠨ ᠳᠤ ᠭᠤᠯᠭᠤᠬᠤ ᠲᠠᠯᠠᠪᠠᠶ ᠳᠤ ᠴᠠᠰᠤᠨ ᠳᠤ ᠭᠤᠯᠭᠤᠬᠤ ᠳᠤᠷᠠᠲᠠᠢ ᠣᠯᠠᠨ ᠬᠥᠮᠥᠰ ᠴᠠᠰᠤᠨ ᠳᠤ ᠭᠤᠯᠭᠤᠬᠤ ᠲᠥᠬᠦᠭᠡᠷᠦᠮᠵᠢ ᠪᠠᠨ ᠰᠣᠯᠢᠵᠤ᠂ ᠭᠠᠷ ᠲᠠᠭᠠᠨ ᠴᠠᠰᠤᠨ  ᠲᠠᠶ᠋ᠢᠭ ᠠᠳᠬᠤᠵᠦ᠂ ᠭᠤᠯᠭᠤᠭᠤᠷ ᠬᠠᠪᠲᠠᠰᠤ ᠪᠠᠨ ᠭᠢᠰᠭᠢᠨ ᠳᠡᠭᠡᠷ᠎ᠡ ᠠᠴᠠ ᠳᠣᠷᠣᠭᠰᠢ᠂ ᠬᠤᠶᠠᠷ ᠬᠠᠪᠲᠠᠰᠤ ᠪᠠᠷ ᠨᠢᠰᠬᠦ ᠮᠡᠲᠦ ᠳᠠᠪᠬᠢᠵᠤ᠂ ᠳᠠᠩ ᠬᠠᠪᠲᠠᠰᠤ ᠪᠠᠷ ᠮᠡᠷᠭᠡᠵᠢᠯ ᠢᠶᠠᠨ ᠭᠠᠶᠢᠬᠠᠭᠤᠯᠵᠦ᠂ ᠡᠰᠡᠬᠦᠯ᠎ᠡ ᠴᠠᠰᠤᠨ ᠳᠤ ᠭᠤᠯᠭᠤᠬᠤ ᠲᠤᠷᠰᠢᠯᠲᠠ ᠪᠠᠨ ᠬᠢᠴᠢᠶᠡᠨ ᠬᠢᠵᠦ᠂ ᠮᠥᠰᠥᠨ ᠳᠡᠭᠡᠷᠡᠬᠢ ᠲᠠᠮᠢᠷ ᠤᠨ ᠤᠷ᠎ᠠ ᠮᠡᠷᠭᠡᠵᠢᠯ ᠢ ᠰᠤᠷᠴᠤ᠂ ᠣᠯᠠᠨ ᠢᠶᠠᠷ ᠢᠶᠠᠨ ᠴᠠᠰᠤᠨ ᠳᠤ ᠭᠤᠯᠭᠤᠬᠤ ᠦᠵᠡᠮᠵᠢᠲᠦ ᠣᠷᠣᠨ ᠤ ᠡᠪᠦᠯ ᠤᠨ ᠡᠳᠦᠷ ᠤᠨ ᠵᠤᠭ᠎ᠠ ᠴᠡᠩᠭᠡᠯ ᠢ ᠬᠠᠨᠲᠠᠯ᠎ᠠ ᠡᠳ᠋ᠯᠡᠨ᠎ᠡ᠃ ᠵᠤᠭᠠᠴᠠᠭᠴᠢ ᠵᠠᠩ ᠨᠠ᠄ ︽ᠪᠢ ᠠᠩᠬ᠎ᠠ ᠤᠳᠠᠭ᠎ᠠ ᠴᠠᠰᠤᠨ ᠳᠤ ᠭᠤᠯᠭᠤᠬᠤ ᠲᠠᠯᠠᠪᠠᠢ ᠳᠤ ᠢᠷᠡᠭᠰᠡᠨ᠂ ᠮᠥᠨ ᠴᠦ ᠨᠠᠶᠢᠵᠠ ᠶᠢᠨ ᠲᠠᠨᠢᠯᠴᠠᠭᠤᠯᠭ᠎ᠠ ᠪᠠᠷ ᠢᠷᠡᠭᠰᠡᠨ᠂ ᠠᠩᠬ᠎ᠠ ᠤᠳᠠᠭ᠎ᠠ ᠴᠠᠰᠤᠨ ᠳᠤ ᠭᠤᠯᠭᠤᠬᠤ ᠨᠢ ᠮᠠᠰᠢ ᠰᠡᠳᠡᠯᠲᠡ ᠲᠠᠢ᠂ ᠳᠠᠰᠬᠠᠯᠵᠢᠭᠤᠯᠤᠭᠴᠢ ᠨᠢ ᠴᠦ ᠮᠠᠰᠢ ᠬᠠᠷᠢᠭᠤᠴᠠᠯᠭ᠎ᠠ ᠲᠠᠢ᠂ ᠪᠢ ᠬᠤᠶᠠᠷ ᠤᠳᠠᠭ᠎ᠠ ᠲᠤᠷᠰᠢᠭᠠᠳ ᠴᠢᠳᠠᠴᠢᠬᠠᠵᠠᠢ᠂ ᠪᠤᠰᠤᠳ ᠵᠦᠢᠯ ᠢ ᠨᠢ ᠲᠤᠷᠰᠢᠵᠤ ᠦᠵᠡᠬᠦ ᠶᠢ ᠬᠦᠰᠡᠵᠦ ᠪᠠᠶᠢᠨ᠎ᠠ᠂ ᠦᠨᠡᠬᠡᠷ ᠰᠠᠶᠢᠨ ᠪᠠᠶᠢᠨ᠎ᠠ︾ ᠭᠡᠵᠦ ᠬᠡᠯᠡᠪᠡ᠃    ᠴᠠᠰᠤᠨ ᠳᠤ ᠭᠤᠯᠭᠤᠬᠤ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠲᠦᠴᠢᠦᠸᠠᠨ ᠤ ᠬᠠᠯᠠᠭᠤᠨ ᠷᠠᠰᠢᠶᠠᠨ ᠤ ᠴᠠᠰᠤᠨ ᠳᠤ ᠭᠤᠯᠭᠤᠬᠤ ᠲᠠᠯᠠᠪᠠᠶ ᠶᠢ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠲᠠᠯ᠎ᠠ ᠪᠠᠷ ᠲᠠᠰ ᠳᠡᠪᠰᠢᠭᠦᠯᠦᠨ ᠥᠭᠡᠷᠡᠴᠢᠯᠡᠵᠦ᠂ ᠵᠢᠭᠤᠯᠴᠢᠯᠠᠭᠴᠢᠳ ᠤᠨ ᠬᠠᠯᠠᠭᠤᠨ ᠰᠡᠳᠬᠢᠯᠭᠡ ᠶᠢ ᠬᠥᠭᠵᠢᠭᠡᠭᠰᠡᠨ ᠢᠶᠠᠷ ᠪᠠᠷᠠᠬᠤ ᠦᠭᠡᠢ ᠪᠠᠰᠠ ᠲᠦᠴᠢᠦᠸᠠᠨ ᠤ ᠡᠪᠦᠯ ᠤᠨ ᠤᠯᠠᠷᠢᠯ ᠤᠨ ᠵᠢᠭᠤᠯᠴᠢᠯᠠᠯ ᠳᠤ ᠨᠠᠩ ᠣᠯᠠᠨ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃ ᠲᠦᠴᠢᠦᠸᠠᠨ ᠤ ᠬᠠᠯᠠᠭᠤᠨ ᠷᠠᠰᠢᠶᠠᠨ ᠤ ᠴᠠᠰᠤᠨ ᠳᠤ ᠭᠤᠯᠭᠤᠬᠤ ᠲᠠᠯᠠᠪᠠᠶ ᠶᠢᠨ ᠶᠡᠷᠦᠩᠬᠡᠢ ᠳᠠᠭᠠᠭᠠᠮᠠᠯ ᠱᠣᠸ ᠳ᠋ᠠᠨ ᠳ᠋ᠠᠨ᠄ ︽ᠲᠦᠴᠢᠦᠸᠠᠨ ᠤ ᠬᠠᠯᠠᠭᠤᠨ ᠷᠠᠰᠢᠶᠠᠨ ᠤ ᠴᠠᠰᠤᠨ ᠳᠤ ᠭᠤᠯᠭᠤᠬᠤ ᠲᠠᠯᠠᠪᠠᠶ ᠣᠲᠣ ᠠᠩᠬ᠎ᠠ᠂ ᠳᠤᠮᠳᠠ᠂ ᠳᠡᠭᠡᠳᠦ ᠲᠠᠰ ᠤᠨ ᠴᠠᠰᠤᠨ ᠤ ᠵᠠᠮ ᠨᠡᠶᠢᠲᠡ 3 ᠪᠠᠶᠢᠵᠤ᠂ ᠴᠠᠰᠤᠨ ᠴᠠᠭᠠᠷᠢᠭ ᠴᠠᠰᠤᠨ ᠵᠠᠮ᠂ ᠴᠠᠰᠤᠨ ᠳᠡᠭᠡᠷᠡᠬᠢ ᠮᠣᠲ᠋ᠣᠷ ᠤᠨ ᠵᠠᠮ ᠲᠣᠰ ᠪᠦᠷᠢ 1᠂ ᠴᠠᠰᠤᠨ ᠳᠡᠭᠡᠷᠡᠬᠢ ᠬᠥᠯ ᠪᠥᠮᠪᠦᠭᠡ ᠶᠢᠨ ᠲᠠᠯᠠᠪᠤᠷ ᠨᠢᠭᠡ ᠬᠡᠰᠡᠭ ᠪᠠᠶᠢᠵᠤ᠂ ᠬᠠᠮᠳᠤ ᠳᠤ ᠨᠢ 300 ᠬᠥᠮᠥᠨ ᠤ ᠮᠥᠰᠥ ᠴᠠᠰᠤᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠬᠠᠩᠭᠠᠵᠤ ᠲᠠᠶᠢᠯᠤᠨ᠎ᠠ᠃ ᠨᠢᠭᠡ ᠲᠠᠲᠠᠭᠤᠷ ᠲᠡᠷᠭᠡ ᠶᠢ ᠤᠭᠰᠠᠷᠠᠵᠤ᠂ ᠭᠠᠭᠴᠠ ᠬᠤᠣᠰ ᠴᠠᠨ᠎ᠠ ᠪᠠᠷ ᠭᠤᠯᠭᠤᠬᠤ᠂ ᠴᠠᠰᠤᠨ ᠳᠡᠭᠡᠷᠡᠬᠢ ᠮᠣᠲ᠋ᠣᠷ᠂ ᠴᠠᠰᠤᠨ ᠳᠡᠭᠡᠷᠡᠬᠢ ᠨᠢᠰᠦᠭᠡ ᠲᠠᠪᠠᠭ᠂ ᠮᠥᠰᠥ ᠲᠡᠰᠢᠬᠦ᠂ ᠮᠥᠰᠥᠨ ᠳᠡᠭᠡᠷᠡᠬᠢ ᠳᠤᠭᠤᠢ ᠲᠡᠷᠭᠡ ᠂ ᠮᠥᠰᠥᠨ ᠳᠡᠭᠡᠷᠡᠬᠢ ᠬᠥᠪᠪᠥᠨ ᠰᠢᠯᠵᠢᠬᠦ ᠵᠡᠷᠭᠡ ᠮᠥᠰᠥ ᠴᠠᠰᠤᠨ ᠤ ᠵᠤᠭ᠎ᠠ ᠴᠡᠩᠭᠡᠯ ᠤᠨ ᠵᠦᠢᠯᠡᠰ ᠢ ᠲᠣᠬᠢᠷᠠᠭᠤᠯᠵᠤ᠂ ᠠᠳᠠᠯᠢ ᠪᠤᠰᠤ ᠨᠠᠰᠤᠨ ᠤ ᠵᠤᠭᠠᠴᠠᠭᠰᠠᠳ ᠤᠨ ᠰᠡᠯᠡᠭᠦᠴᠡᠯ ᠤᠨ ᠥᠩᠭᠡᠷᠡᠭᠡᠯᠲᠡ ᠶᠢ ᠬᠠᠩᠭᠠᠵᠤ ᠪᠣᠯᠣᠨ᠎ᠠ︾ ᠭᠡᠵᠡᠢ᠃
    ᠡᠪᠦᠯ ᠤᠨ ᠤᠯᠠᠷᠢᠯ ᠳᠤ ᠬᠥᠮᠥᠰ ᠤᠨ ᠬᠠᠮᠤᠭ ᠠᠴᠠ ᠢᠯᠡᠭᠦᠦ ᠬᠦᠰᠡᠨ ᠮᠥᠷᠥᠭᠡᠳᠦᠳᠡᠭ ᠭᠠᠵᠠᠷ ᠤᠨ ᠭᠠᠷᠤᠯᠲᠠ ᠶᠢᠨ ᠵᠢᠮᠢᠰ ᠪᠣᠯ ᠭᠦᠵᠡᠯᠵᠡᠭᠡᠨ᠎ᠡ ᠠᠴᠠ ᠥᠭᠡᠷ᠎ᠡ ᠪᠠᠶᠢᠬᠤ ᠦᠭᠡᠢ ᠪᠠᠶᠢᠬ᠎ᠠ᠂ ᠣᠳᠣᠬᠠᠨ ᠳᠤ ᠱᠦᠢ ᠴᠢᠤᠸᠠᠨ ᠪᠠᠯᠭᠠᠰᠤᠨ ᠤ ᠾᠧ ᠹᠠ ᠲᠣᠰᠬᠤᠨ ᠤ ᠲᠦᠷᠦᠭᠦᠦ ᠪᠦᠯᠦᠭ ᠭᠦᠵᠡᠯᠵᠡᠭᠡᠨ᠎ᠡ ᠨᠢ ᠵᠠᠯᠭᠠᠭ᠎ᠠ ᠪᠠᠷ ᠪᠤᠯᠪᠠᠰᠤᠷᠠᠨ᠎ᠠ᠃ ᠬᠡᠳᠦᠶᠢᠪᠡᠷ ᠠᠭᠤᠷ ᠠᠮᠢᠰᠬᠤᠯ ᠬᠠᠬᠢᠷ ᠬᠦᠢᠲᠡᠨ ᠪᠣᠯᠪᠠᠴᠤ ᠭᠦᠵᠡᠯᠵᠡᠭᠡᠨ᠎ᠡ ᠶᠢᠨ ᠬᠦᠯᠡᠮᠵᠢ ᠳᠤ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠦᠵᠡᠮᠵᠢ ᠢᠯᠡᠷᠡᠵᠦ᠂ ᠴᠡᠯᠡᠭᠡᠷ ᠴᠠᠭᠠᠨ ᠴᠡᠴᠡᠭ ᠨᠢ ᠤᠯᠠᠭᠠᠨ ᠭᠦᠵᠡᠯᠵᠡᠭᠡᠨ᠎ᠡ ᠶᠢ ᠴᠢᠮᠡᠭᠯᠡᠵᠦ᠂ ᠤᠯᠠᠭᠠᠨ ᠭᠦᠵᠡᠯᠵᠡᠭᠡᠨ᠎ᠡ ᠨᠦᠭᠦᠳ ᠢ ᠢᠭᠴᠤ ᠰᠠᠬᠤᠯᠢᠭ ᠡᠰᠢᠨ ᠤ ᠵᠡᠯ᠎ᠡ ᠳᠡᠭᠡᠷ᠎ᠡ ᠡᠯᠭᠦᠵᠦ᠂ ᠬᠦᠯᠡᠵᠡᠭᠡᠨ᠎ᠡ ᠶᠢᠨ ᠬᠦᠯᠡᠮᠵᠢ ᠳᠤ ᠯᠡ ᠪᠠᠶᠢᠳᠠᠭ ᠠᠩᠬᠢᠯᠤᠮ᠎ᠠ ᠰᠠᠶᠢᠬᠠᠨ ᠦᠨᠦᠷ ᠬᠠᠩᠬᠤᠯᠵᠤ ᠪᠠᠶᠢᠳᠠᠭ᠃
   ᠬᠦᠯᠡᠮᠵᠢ ᠶᠢᠨ ᠲᠠᠷᠢᠮᠠᠯ ᠤᠨ ᠡᠷᠦᠬᠡ ᠰᠢᠦᠢ ᠶᠠᠨ ᠮᠢᠩ ᠤᠨ ᠲᠠᠨᠢᠯᠴᠠᠭᠤᠯᠤᠭᠰᠠᠨ ᠢᠶᠠᠷ᠂ ᠥᠩᠭᠡᠷᠡᠭᠰᠡᠨ ᠵᠢᠯ ᠤᠳ ᠲᠤ ᠭᠦᠵᠡᠯᠵᠡᠭᠡᠨ᠎ᠡ ᠶᠢᠨ ᠬᠦᠷᠢᠶᠡᠯᠡᠩ ᠳᠤ ᠢᠷᠡᠵᠦ ᠲᠡᠭᠦᠭᠰᠡᠨ ᠬᠥᠮᠥᠨ ᠮᠠᠰᠢ ᠣᠯᠠᠨ ᠪᠠᠶᠢᠪᠠ᠂ ᠢᠯᠠᠩᠭᠤᠶ᠎ᠠ ᠭᠠᠷᠠᠭ ᠤᠨ ᠰᠡᠭᠦᠯᠴᠢ ᠪᠠ ᠰᠢᠨ᠎ᠡ ᠵᠢᠯ ᠤᠨ ᠠᠮᠠᠷᠠᠯᠲᠠ ᠶᠢᠨ ᠬᠤᠭᠤᠴᠠᠭᠠᠨ ᠳᠤ ᠮᠠᠰᠢ ᠣᠯᠠᠨ ᠭᠡᠷ ᠤᠨ ᠠᠬᠠᠮᠠᠳ ᠬᠡᠦᠬᠡᠳ ᠢᠶᠠᠨ ᠳᠠᠭᠠᠭᠤᠯᠤᠨ ᠭᠦᠵᠡᠯᠵᠡᠭᠡᠨ᠎ᠡ ᠲᠡᠭᠦᠬᠦ ᠪᠠᠷ ᠢᠷᠡᠵᠦ᠂ ᠲᠡᠭᠦᠬᠦ ᠶᠢᠨ ᠬᠠᠪᠤ ᠴᠡᠩᠭᠡᠯ ᠢ ᠪᠡᠶ᠎ᠡ ᠪᠠᠷ ᠢᠶᠠᠨ ᠡᠳ᠋ᠯᠡᠨ᠂ ᠭᠡᠷ ᠪᠦᠯᠢ ᠶᠢᠨ ᠢᠶᠠᠨ ᠴᠠᠭ ᠮᠥᠴᠡ ᠶᠢ ᠬᠠᠮᠲᠤ ᠪᠠᠷ ᠡᠳ᠋ᠯᠡᠵᠦ᠂ ᠪᠠᠰᠠ ᠮᠠᠰᠢ ᠣᠯᠠᠨ ᠡᠷᠬᠢᠨ ᠲᠣᠭᠤᠷᠢᠨ ᠤ ᠰᠠᠭᠤᠭᠠᠯᠢ ᠠᠷᠠᠳ ᠭᠦᠵᠡᠯᠵᠡᠭᠡᠨ᠎ᠡ ᠶᠢ ᠲᠡᠭᠦᠬᠦ ᠪᠠᠷ ᠢᠷᠡᠵᠦ᠂ ᠥᠪᠡᠷ ᠤᠨ ᠲᠡᠭᠦᠭᠰᠡᠨ ᠭᠦᠵᠡᠯᠵᠡᠭᠡᠨ᠎ᠡ ᠪᠠᠨ ᠢᠳᠡᠬᠦ ᠳᠤ ᠨᠠᠩ ᠠᠮᠲᠠᠲᠠᠢ ᠭᠡᠵᠦ ᠣᠯᠠᠨ ᠢᠶᠠᠷ ᠢᠶᠠᠨ ᠦᠵᠡᠵᠦ ᠪᠠᠶᠢᠪᠠ᠃ ︽ᠬᠥᠬᠡᠭᠡ ᠰᠠᠷ᠎ᠠ ᠶᠢᠨ ᠠᠷᠪᠠᠨ ᠬᠡᠳᠦᠨ ᠪᠠᠷ᠂ ᠭᠦᠵᠡᠯᠵᠡᠭᠡᠨ᠎ᠡ ᠬᠤᠶᠢᠨ᠎ᠠ ᠬᠤᠶᠢᠨ᠎ᠠ ᠠᠴᠠ ᠪᠠᠨ ᠵᠠᠬ᠎ᠠ ᠳᠡᠯᠭᠡᠭᠦᠷ ᠲᠤ ᠭᠠᠷᠴᠤ᠂ ᠭᠦᠵᠡᠯᠵᠡᠭᠡᠨ᠎ᠡ ᠶᠢ ᠲᠡᠭᠦᠬᠦ ᠬᠥᠮᠥᠨ ᠤ ᠲᠤᠭ᠎ᠠ ᠨᠢ ᠪᠠᠷᠤᠭ 3000— 5000 ᠪᠠᠶᠢᠳᠠᠭ᠂ ᠭᠦᠵᠡᠯᠵᠡᠭᠡᠨ᠎ᠡ ᠶᠢ ᠲᠡᠭᠦᠵᠦ ᠪᠠᠷᠠᠭᠰᠠᠨ ᠤ ᠳᠠᠷᠠᠭ᠎ᠠ ᠵᠠᠯᠭᠠᠭ᠎ᠠ ᠵᠠᠯᠭᠠᠭ᠎ᠠ ᠪᠠᠷ ᠲᠣᠣᠷᠯᠢᠭ ᠬᠡᠮᠬᠡ᠂ ᠨᠢᠮᠭᠡᠨ ᠬᠠᠯᠢᠰᠤᠲᠤ ᠬᠡᠮᠬᠡ ᠪᠠ ᠬᠤᠨᠢᠨ ᠡᠪᠡᠷ ᠤᠨ ᠪᠠᠯ ᠵᠡᠷᠭᠡ ᠠᠮᠲᠠᠲᠤ ᠬᠡᠮᠬᠡ ᠶᠢ ᠵᠠᠬ᠎ᠠ ᠳᠡᠯᠭᠡᠭᠦᠷ ᠲᠤ ᠭᠠᠷᠭᠠᠵᠤ᠂ ᠲᠡᠭᠦᠬᠦ ᠬᠥᠮᠥᠨ ᠤ ᠲᠤᠭ᠎ᠠ ᠨᠢ ᠪᠠᠷᠤᠭ 3000 ᠣᠷᠴᠢᠮ ᠪᠠᠶᠢᠵᠤ᠂ ᠢᠩᠲᠣᠣᠷ᠂ ᠨᠣᠭᠤᠭ᠎ᠠ ᠶᠢ ᠪᠦᠷ ᠲᠡᠭᠦᠵᠦ ᠪᠣᠯᠣᠨ᠎ᠠ᠂ ᠮᠠᠨ ᠤ ᠬᠦᠯᠡᠮᠵᠢ ᠨᠢ ᠵᠢᠯ ᠤᠨ ᠲᠦᠷᠪᠡᠨ ᠤᠯᠠᠷᠢᠯ ᠳᠤ ᠰᠤᠯᠠ ᠭᠠᠷᠬᠤ ᠦᠭᠡᠢ᠂ ᠠᠰᠢᠭᠯᠠᠯᠲᠠ ᠶᠢᠨ ᠨᠣᠷᠮ᠎ᠠ ᠨᠢ ᠨᠡᠯᠢᠶᠡᠳ ᠥᠨᠳᠥᠷ ᠪᠠᠶᠢᠳᠠᠭ᠂ ᠵᠤᠭᠠᠴᠠᠭᠰᠠᠳ ᠴᠤ ᠪᠦᠷ ᠢᠷᠡᠬᠦ ᠳᠤᠷᠠᠲᠠᠢ ᠪᠠᠶᠢᠳᠠᠭ︾ ᠭᠡᠵᠡᠢ᠃    2023 ᠣᠨ ᠠᠴᠠ ᠨᠠᠰᠢ᠂ ᠲᠦᠴᠢᠦᠸᠠᠨ ᠰᠢᠶᠠᠨ ᠠᠵᠤ ᠠᠬᠤᠢ ᠶᠢᠨ ᠬᠥᠭᠵᠢᠯᠲᠡ ᠶᠢᠨ ᠨᠡᠮᠡᠭᠳᠡᠯ ᠤᠨ ᠴᠡᠭ ᠢ ᠢᠳᠡᠪᠬᠢᠲᠡᠢ ᠡᠭᠦᠳᠴᠡᠢ᠃ ᠭᠤᠣᠯ ᠪᠣᠯᠬᠤ ᠵᠠᠮ ᠬᠠᠷᠢᠯᠴᠠᠭᠠᠨ ᠤ ᠭᠤᠣᠯ ᠱᠤᠭᠤᠮ ᠳᠤ ᠲᠦᠰᠢᠭᠯᠡᠨ ᠰᠣᠶᠣᠯ ᠤᠨ ᠲᠠᠯ᠎ᠠ ᠪᠠᠷ ᠣᠶᠢᠯᠠᠭᠠᠬᠤ ᠨᠢᠭᠡ ᠡᠳᠦᠷ ᠤᠨ ᠵᠤᠭᠠᠴᠠᠯ᠂  ᠲᠡᠭᠦᠵᠦ ᠰᠡᠯᠡᠭᠦᠴᠡᠬᠦ‍ ᠨᠢᠭᠡ ᠡᠳᠦᠷ ᠤᠨ ᠵᠤᠭᠠᠴᠠᠯ ᠤᠨ ᠬᠤᠶᠠᠷ ᠵᠠᠮ ᠱᠤᠭᠤᠮ ᠢ ᠲᠣᠭᠲᠠᠭᠠᠵᠤ᠂ ᠪᠠᠰᠠ ᠲᠦᠴᠢᠦᠸᠠᠨ ᠤ ᠥᠩᠭᠡ ᠦᠵᠡᠮᠵᠢ ᠳᠤ ᠲᠦᠰᠢᠭᠯᠡᠨ ᠳᠥᠷᠪᠡᠨ ᠤᠯᠠᠷᠢᠯ ᠤᠨ ᠵᠢᠭᠤᠯᠴᠢᠯᠠᠯ ᠤᠨ ᠵᠠᠮ ᠱᠤᠭᠤᠮ ᠢ ᠲᠣᠭᠲᠠᠭᠠᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠦᠴᠢᠦᠸᠠᠨ ᠰᠢᠶᠠᠨ ᠤ ᠰᠠᠶᠢᠨᠬᠤᠸᠠᠷ ᠤᠳᠤ ᠦᠶ᠎ᠡ ᠶᠢᠨ ᠲᠠᠷᠢᠶᠠᠯᠠᠩ ᠤᠨ ᠠᠮᠢ ᠠᠬᠤᠢ ᠶᠢᠨ ᠬᠦᠷᠢᠶᠡᠯᠡᠩ᠂ ᠵᠢᠦᠢ ᠮᠧᠢ ᠾᠧᠩ ᠭᠦᠸᠧ ᠲᠦᠷᠪᠡᠨ ᠤᠯᠠᠷᠢᠯ ᠤᠨ ᠵᠢᠮᠢᠰ ᠲᠡᠭᠦᠬᠦ ᠬᠦᠷᠢᠶᠡᠯᠡᠩ ᠢ ᠬᠦᠴᠦᠯᠡᠨ ᠪᠠᠶᠢᠭᠤᠯᠵᠤ᠂ ᠴᠢᠯᠦᠭᠡᠲᠡᠢ ᠪᠠᠷ ᠵᠢᠮᠢᠰ ᠲᠡᠭᠦᠬᠦ᠂ ᠪᠡᠶᠡᠴᠢᠯᠡᠨ ᠣᠶᠢᠯᠠᠭᠠᠵᠤ ᠰᠤᠳᠤᠯᠤᠨ ᠰᠤᠷᠤᠯᠴᠠᠬᠤ᠂ ᠲᠦᠷᠦᠯ ᠰᠠᠳᠤᠨ ᠦᠷ᠎ᠡ ᠬᠡᠦᠬᠡᠳ ᠬᠠᠷᠢᠯᠴᠠᠨ ᠬᠥᠳᠡᠯᠦᠯᠴᠡᠬᠦ ᠵᠡᠷᠭᠡ ᠶᠢ ᠨᠢᠭᠡ ᠴᠣᠭᠴᠠᠵᠢᠭᠤᠯᠤᠭᠰᠠᠨ ᠣᠶᠢᠷ᠎ᠠ ᠲᠡᠭᠦᠷᠭᠡ ᠶᠢᠨ ᠵᠤᠭᠠᠴᠠᠯ ᠤᠨ ᠰᠢᠨ᠎ᠡ ᠬᠢᠯᠠᠰ ᠴᠡᠭ ᠢ ᠪᠦᠷᠢᠯᠳᠦᠭᠦᠯᠵᠦ᠂ ᠮᠠᠰᠢ ᠤᠯᠠᠨ ᠵᠤᠭᠠᠴᠠᠭᠰᠠᠳ ᠢ ᠲᠠᠲᠠᠵᠤ᠂ ᠤᠯᠠᠮᠵᠢᠯᠠᠯᠲᠤ ᠵᠤᠭᠠᠴᠠᠯ ᠤᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠲᠠᠶᠢᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃
   ᠪᠦᠬᠦ ᠴᠠᠷᠠᠭᠠᠨ ᠤ ᠵᠤᠭᠠᠴᠠᠯ ᠤᠨ ᠬᠥᠭᠵᠢᠯᠲᠡ ᠶᠢ ᠳᠠᠭᠠᠯᠳᠤᠨ᠂ ᠲᠦᠴᠢᠦᠸᠠᠨ ᠰᠢᠶᠠᠨ ᠤ ᠬᠢᠨ ᠵᠤᠭᠠᠴᠠᠯ ᠤᠨ ᠪᠦᠲᠦᠭᠡᠭᠳᠡᠬᠦᠨ ᠤ ᠬᠠᠩᠭᠠᠯᠭ᠎ᠠ  ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠤᠯᠠᠨ ᠶᠠᠩᠵᠤ ᠶᠢᠨ ᠬᠡᠯᠪᠡᠷᠢ ᠲᠠᠢ᠂ ᠡᠯᠪᠡᠭ ᠪᠠᠶᠠᠯᠢᠭ ᠠᠭᠤᠯᠭ᠎ᠠ ᠲᠠᠢ ᠦᠵᠡᠮᠵᠢ ᠶᠢᠨ ᠣᠷᠣᠨ ᠢ ᠪᠠᠶᠢᠭᠤᠯᠤᠭᠰᠠᠨ ᠢᠶᠠᠷ ᠪᠠᠷᠠᠬᠤ ᠦᠭᠡᠢ ᠪᠠᠰᠠ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ ᠵᠢᠴᠢ ᠲᠡᠦᠬᠡ ᠰᠣᠶᠣᠯ ᠤᠨ ᠮᠦᠽᠧᠢ ᠶᠢ ᠥᠭᠡᠷᠡᠴᠢᠯᠡᠨ ᠲᠡᠰ ᠳᠡᠪᠰᠢᠭᠦᠯᠵᠦ᠂ ᠵᠤᠭᠠᠴᠠᠭᠰᠠᠳ ᠤᠨ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠵᠢᠴᠢ ᠲᠡᠦᠬᠡ ᠰᠣᠶᠣᠯ ᠳᠤ ᠣᠷᠣᠯᠴᠠᠬᠤ ᠬᠡᠮᠵᠢᠶ᠎ᠡ ᠪᠠ ᠪᠡᠶᠡᠴᠢᠯᠡᠨ ᠣᠶᠢᠯᠠᠭᠠᠬᠤ ᠲᠥᠷᠥᠭᠳᠡᠯ ᠢ ᠳᠡᠭᠡᠭᠰᠢᠯᠡᠭᠦᠯᠵᠦ᠂ ᠤᠯᠠᠮᠵᠢᠯᠠᠯᠲᠤ ᠰᠣᠶᠣᠯ ᠢ ᠨᠡᠩ ᠠᠮᠢᠳᠤᠯᠢᠭ᠂ ᠨᠡᠩ ᠰᠣᠨᠢᠷᠬᠠᠯᠲᠠᠢ ᠪᠣᠯᠭᠠᠵᠤ᠂ ᠥᠷᠭᠡᠨ ᠤᠯᠠᠨ ᠵᠤᠭᠠᠴᠠᠭᠰᠠᠳ ᠲᠤ ᠨᠢᠭᠡ ᠵᠦᠢᠯ ᠤᠨ ᠴᠦ᠋ ᠰᠢᠨ᠎ᠡ ᠰᠣᠶᠣᠯ ᠤᠨ ᠪᠡᠶᠡᠴᠢᠯᠡᠨ ᠣᠶᠢᠯᠠᠭᠠᠬᠤ ᠠᠷᠭ᠎ᠠ ᠬᠡᠯᠪᠡᠷᠢ ᠶᠢ ᠬᠠᠩᠭᠠᠬᠤ ᠪᠣᠯᠣᠨ᠎ᠠ᠃    ᠲᠦᠴᠢᠦᠸᠠᠨ ᠰᠢᠶᠠᠨ ᠤ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ ᠤ ᠲᠠᠶᠢᠯᠪᠤᠷᠢᠯᠠᠭᠴᠢ ᠯᠢᠦ ᠢᠦᠢ ᠸᠧᠢ ᠬᠡᠯᠡᠬᠦ ᠳᠡᠭᠡᠨ᠄ ︽2023 ᠣᠨ ᠳᠤ᠂ ᠪᠢᠳᠡ ᠤᠤᠯ ᠤᠨ ᠪᠠᠶᠢᠭᠰᠠᠨ ᠲᠠᠷᠢᠶᠠᠯᠠᠬᠤ ᠠᠷᠠᠳ ᠤᠨ ᠵᠠᠩ ᠦᠢᠯᠡ ᠶᠢᠨ ᠮᠦᠽᠧᠢ ᠶᠢᠨ ᠰᠠᠭᠤᠷᠢᠨ ᠳᠡᠭᠡᠷ᠎ᠡ ᠥᠭᠡᠷᠡᠴᠢᠯᠡᠨ ᠳᠡᠭᠡᠭᠰᠢᠯᠡᠭᠦᠯᠵᠦ᠂ ᠬᠢᠩᠭᠠᠨ ᠠᠶᠢᠮᠠᠭ ᠤᠨ ᠠᠩᠬᠠᠳᠠᠭᠴᠢ ᠣᠶᠤᠨᠴᠢᠯᠠᠭᠰᠠᠨ᠂ ᠵᠢᠪᠦᠮᠡᠯ ᠮᠠᠶ᠋ᠢᠭ ᠤᠨ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ ᠢ ᠪᠠᠶᠢᠭᠤᠯᠬᠤ ᠪᠠᠷ ᠴᠢᠷᠮᠠᠶᠢᠵᠤ᠂ 9 ᠰᠠᠷ᠎ᠠ ᠶᠢᠨ 26 ᠤ ᠡᠳᠦᠷ ᠲᠤᠷᠰᠢᠨ ᠨᠡᠭᠡᠭᠡᠭᠰᠡᠨ ᠠᠴᠠ ᠨᠠᠰᠢ ᠨᠡᠶᠢᠲᠡ 60 ᠭᠠᠷᠤᠢ ᠲᠠᠯᠠᠪᠤᠷ ᠤᠳᠠᠭ᠎ᠠ 1.9 ᠲᠦᠮᠡ ᠭᠠᠷᠤᠢ ᠬᠥᠮᠥᠨ ᠢ ᠬᠦᠯᠢᠶᠡᠨ ᠠᠪᠴᠤ᠂ ᠡᠭᠦᠨ ᠳᠤ ᠰᠤᠷᠤᠭᠴᠢ᠂ ᠨᠡᠶᠢᠭᠡᠮ ᠲᠣᠭᠤᠷᠢᠭ᠂ ᠡᠯ᠎ᠡ ᠪᠠᠶᠢᠭᠤᠯᠤᠯᠭ᠎ᠠ ᠶᠢᠨ ᠨᠠᠮ ᠤᠨ ᠬᠤᠷᠢᠶ᠎ᠠ᠂ ᠠᠶᠠᠨᠳᠠᠭᠠᠨ ᠵᠣᠬᠢᠶᠠᠨ ᠪᠠᠶᠢᠭᠤᠯᠤᠭᠰᠠᠨ ᠵᠤᠭᠠᠴᠠᠭᠰᠠᠳ ᠪᠠᠶᠢᠵᠦ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠤᠯᠠᠮᠵᠢᠯᠠᠭᠰᠠᠨ ᠢᠶᠠᠷ ᠪᠠᠷᠠᠬᠤ ᠦᠭᠡᠢ ᠪᠠᠰᠠ ᠡᠪᠦᠯ ᠤᠨ ᠤᠯᠠᠷᠢᠯ ᠤᠨ ᠵᠤᠭᠠᠴᠠᠯ ᠤᠨ ᠦᠢᠯᠡᠰ ᠤᠨ ᠬᠡᠯᠪᠡᠷᠢ ᠶᠢ ᠪᠠᠶᠠᠯᠢᠭᠵᠢᠭᠤᠯᠵᠤ᠂ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠤᠯᠠᠮᠵᠢᠯᠠᠯᠲᠤ ᠰᠣᠶᠣᠯ ᠢ ᠪᠡᠶᠡᠴᠢᠯᠡᠨ ᠣᠶᠢᠯᠠᠭᠠᠬᠤ ᠵᠡᠷᠭᠡ ᠲᠦᠷᠦᠯ ᠵᠦᠢᠯ ᠲᠠᠢ ᠤᠶᠠᠯᠳᠤᠭᠤᠯᠵᠤ᠂ ᠵᠤᠭᠠᠴᠠᠭᠰᠠᠳ ᠲᠤ ᠵᠠᠩ ᠦᠢᠯᠡ ᠶᠢᠨ ᠰᠣᠶᠣᠯ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠪᠡᠶᠡᠴᠢᠯᠡᠨ ᠣᠶᠢᠯᠠᠭᠠᠭᠤᠯᠵᠤ᠂ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠵᠡᠢ︾ ᠭᠡᠵᠦ ᠬᠡᠯᠡᠪᠡ᠃
   ᠲᠦᠴᠢᠦᠸᠠᠨ ᠰᠢᠶᠠᠨ ᠤ ᠲᠡᠦᠬᠡ ᠰᠣᠶᠣᠯ ᠤᠨ ᠮᠦᠽᠧᠢ ᠳᠤ ᠬᠦᠷᠬᠦ ᠳᠤ᠂ ᠭᠡᠷᠡᠯ ᠭᠢᠯᠪᠠᠭ᠎ᠠ ᠶᠢᠨ ᠬᠤᠪᠢᠷᠠᠯᠲᠠ ᠶᠢᠨ ᠳᠤᠮᠳᠠ᠂ ᠭᠡᠷᠡᠯ ᠰᠠᠴᠤᠷᠠᠩᠭᠤᠢ ᠤᠯᠠᠮᠵᠢᠯᠠᠯᠲᠤ ᠰᠣᠶᠣᠯ ᠴᠠᠭ ᠮᠥᠴᠡ ᠶᠢ ᠲᠤᠭᠤᠯᠵᠤ᠂ ᠠᠭᠤᠯᠠ ᠤᠰᠤ ᠶᠢ ᠳᠠᠪᠠᠵᠤ᠂ ᠵᠤᠭᠠᠴᠠᠭᠰᠠᠳ ᠤᠨ ᠵᠦᠭ ᠠᠶᠠᠯᠠᠨ ᠢᠷᠡᠵᠦ᠂ ᠵᠤᠭᠠᠴᠠᠭᠰᠠᠳ ᠠᠳᠡ ᠠᠴᠠ ᠯᠢᠶᠣᠤ ᠶᠢᠨ ᠤ ᠲᠡᠦᠬᠡ ᠶᠢ ᠣᠶᠢᠯᠠᠭᠠᠵᠤ᠂ ᠲᠦᠴᠢᠦᠸᠠᠨ ᠰᠢᠶᠠᠨ ᠤ ᠬᠥᠭᠵᠢᠯᠲᠡ ᠶᠢᠨ ᠶᠠᠪᠤᠴᠠ ᠶᠢ ᠣᠶᠢᠯᠠᠭᠠᠵᠤ᠂ ᠰᠤᠳᠤᠷ ᠪᠢᠴᠢᠭ ᠲᠠᠬᠢ ᠦᠯᠢᠭᠡᠷ ᠢ ᠰᠣᠨᠣᠰᠤᠨ᠎ᠠ᠃ ᠰᠣᠶᠣᠯ ᠵᠤᠭᠠᠴᠠᠯ ᠤᠨ ᠠᠭᠤᠰᠤᠯᠴᠠᠯ ᠢ ᠠᠬᠢᠭᠤᠯᠵᠤ ᠴᠢᠳᠠᠭᠰᠠᠨ ᠢᠶᠠᠷ ᠪᠠᠷᠠᠬᠤ ᠦᠭᠡᠢ ᠪᠠᠰᠠ ᠥᠪᠡᠷᠮᠢᠴᠡ ᠣᠨᠴᠠᠯᠢᠭ ᠲᠠᠢ ᠬᠥᠮᠥᠨ ᠢ ᠬᠥᠮᠥᠵᠢᠭᠦᠯᠬᠦ ᠦᠢᠯᠡᠳᠦᠯ ᠢ ᠪᠠᠳᠠᠷᠠᠭᠤᠯᠵᠠᠢ᠃
   ︽ᠮᠦᠽᠧᠢ ᠡᠭᠦᠳᠡ ᠨᠡᠭᠡᠭᠡᠭᠰᠡᠨ ᠠᠴᠠ ᠨᠠᠰᠢ ᠨᠡᠶᠢᠳᠡ 5 ᠲᠦᠮᠡ ᠭᠠᠷᠤᠢ ᠵᠤᠭᠠᠴᠠᠭᠰᠠᠳ ᠢ ᠬᠦᠯᠢᠶᠡᠨ ᠠᠪᠴᠤ᠂ ᠵᠤᠭᠠᠴᠠᠭᠰᠠᠳ ᠲᠤ ᠲᠡᠦᠬᠡ ᠶᠢ ᠭᠡᠷᠡᠴᠢᠯᠡᠭᠦᠯᠵᠦ᠂ ᠲᠡᠦᠬᠡ ᠶᠢ ᠳ᠋ᠦᠩᠨᠡᠵᠦ᠂ ᠲᠡᠦᠬᠡ ᠶᠢ ᠳᠡᠯᠭᠡᠨ ᠦᠵᠡᠭᠦᠯᠵᠦ᠂ ᠥᠷᠭᠡᠨ ᠤᠯᠠᠨ ᠠᠷᠠᠳ ᠲᠦᠮᠡᠨ ᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠬᠤ ᠶᠢᠨ ᠬᠠᠮᠲᠤ ᠰᠣᠶᠣᠯ ᠤᠨ ᠵᠥᠭᠡᠯᠡᠨ ᠪᠣᠳᠠᠲᠤ ᠬᠦᠴᠦᠨ ᠪᠣᠯᠣᠨ ᠨᠥᠯᠥᠭᠡᠯᠡᠬᠦ ᠬᠦᠴᠦᠨ ᠢ ᠨᠡᠩ ᠰᠠᠶᠢᠨ ᠳᠡᠭᠡᠭᠰᠢᠯᠡᠭᠦᠯᠵᠡᠢ︾ ᠭᠡᠵᠦ ᠲᠦᠴᠢᠦᠸᠠᠨ ᠰᠢᠶᠠᠨ ᠤ ᠲᠡᠦᠬᠡ ᠰᠣᠶᠣᠯ ᠤᠨ ᠮᠦᠽᠧᠢ ᠶᠢᠨ ᠳᠠᠷᠤᠭ᠎ᠠ ᠳ᠋ᠦᠩ ᠴᠢᠩ ᠢᠦᠢ ᠬᠡᠯᠡᠪᠡ᠃    2023 ᠣᠨ ᠳᠤ᠂ ᠲᠦᠴᠢᠦᠸᠠᠨ ᠰᠢᠶᠠᠨ ᠤ ᠮᠢᠩ ᠰᠢᠩ ᠬᠥᠳᠡᠭᠡ ᠲᠣᠰᠬᠤᠨ ᠤ ᠶᠡᠷᠦᠩᠬᠡᠢ ᠴᠣᠭᠴᠠ᠂ ᠪᠦᠦ ᠱᠢ ᠬᠥᠳᠡᠭᠡ ᠲᠣᠰᠬᠤᠨ ᠤ ᠶᠡᠷᠦᠩᠬᠡᠢ ᠴᠣᠭᠴᠠ ᠶᠢ ᠪᠠᠶᠢᠭᠤᠯᠵᠤ ᠠᠰᠢᠭᠯᠠᠯᠲᠠ ᠳᠤ ᠣᠷᠣᠭᠤᠯᠵᠤ᠂ ᠡᠪᠦᠭᠡᠨ ᠤ ᠠᠭᠤᠯᠠ ᠶᠢᠨ ᠤᠢ ᠰᠢᠭᠤᠢ ᠶᠢᠨ ᠠᠷᠠᠴᠢᠯᠠᠬᠤ ᠬᠥᠳᠡᠭᠡ ᠲᠣᠰᠬᠤᠨ ᠤ ᠶᠡᠷᠦᠩᠬᠡᠢ ᠴᠣᠭᠴᠠ ᠨᠢ ᠡᠪᠦᠭᠡᠨ ᠤ ᠪᠠᠶᠢᠭᠠᠯᠢ ᠶᠢᠨ ᠦᠵᠡᠮᠵᠢ ᠶᠢᠨ ᠲᠣᠭᠤᠷᠢᠨ ᠳᠤ᠂ ᠵᠤᠭᠠᠴᠠᠭᠰᠠᠳ ᠤᠨ ᠦᠢᠯᠡᠴᠢᠯᠡᠭᠡᠨ ᠤ ᠲᠥᠪ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠳᠤᠯᠭᠠᠨ ᠤ ᠰᠠᠭᠤᠷᠢ᠂ ᠤᠢ ᠰᠢᠭᠤᠢ ᠶᠢᠨ SPA ᠵᠡᠷᠭᠡ ᠶᠢ ᠪᠠᠶᠢᠭᠤᠯᠵᠤ᠂ ᠣᠳᠣᠬᠠᠨ ᠳᠤ ᠶᠠᠭ ᠪᠠᠴᠢᠮ ᠶᠠᠭᠠᠷᠠᠯᠲᠠᠢ ᠪᠦᠲᠦᠭᠡᠨ ᠪᠠᠶᠢᠭᠤᠯᠵᠤ ᠪᠠᠶᠢᠨ᠎ᠠ᠃ ᠣᠲᠣ ᠪᠣᠯᠲᠠᠯ᠎ᠠ᠂ ᠲᠦᠴᠢᠦᠸᠠᠨ ᠰᠢᠶᠠᠨ ᠨᠡᠶᠢᠲᠡ 120.8 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 42.9% ᠪᠠᠷ ᠨᠡᠮᠡᠭᠳᠡᠨ᠂ 87588.6 ᠲᠦᠮᠡᠨ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 39.2% ᠢᠶᠠᠷ ᠨᠡᠮᠡᠭᠳᠡᠪᠡ᠃ ᠡᠭᠦᠨ ᠳᠤ ᠰᠥᠨᠢᠵᠢᠨ ᠵᠢᠭᠤᠯᠴᠢᠯᠠᠭᠰᠠᠳ ᠢ 40.3 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ 53456.8 ᠲᠦᠮᠡᠨ ᠲᠥᠭᠦᠷᠢᠭ ᠤᠨ ᠣᠷᠣᠯᠭ᠎ᠠ ᠶᠢ ᠪᠡᠶᠡᠯᠡᠭᠦᠯᠪᠡ︔ ᠨᠢᠭᠡ ᠡᠳᠦᠷ ᠤᠨ ᠵᠢᠭᠤᠯᠴᠢᠯᠠᠯ ᠤᠨ ᠵᠤᠭᠠᠴᠠᠭᠰᠠᠳ ᠢ 80.5 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ 34131.8 ᠲᠦᠮᠡᠨ ᠲᠥᠭᠦᠷᠢᠭ ᠤᠨ ᠣᠷᠣᠯᠭ᠎ᠠ ᠶᠢ ᠪᠡᠶᠡᠯᠡᠭᠦᠯᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号