56 ᠨᠠᠰᠤᠲᠠᠢ ᠨᠢᠭᠡᠨ ᠵᠡᠮᠳᠡᠭ ᠲᠣᠰᠬᠤᠨ ᠤ ᠡᠮᠴᠢ᠂ 35 ᠵᠢᠯ ᠤᠨ ᠨᠢᠭᠡ ᠬᠤᠪᠢ ᠦᠭᠡ ᠳᠠᠭᠤᠨ ᠦᠭᠡᠢ ᠪᠠᠷ | ᠪᠠᠲᠤ ᠰᠠᠬᠢᠪᠠ᠃ 35 ᠵᠢᠯ ᠤᠨ ᠲᠤᠷᠰᠢ᠂ ᠲᠡᠷᠡ ᠬᠥᠳᠡᠭᠡ ᠶᠢᠨ ᠵᠥᠷᠢᠭ ᠵᠠᠮ ᠢᠶᠠᠷ ᠮᠥᠴᠢ ᠶᠢᠨ ᠬᠠᠷᠰᠢ | ᠰᠠᠭᠠᠳ ᠢ ᠢᠯᠠᠨ ᠳᠠᠪᠠᠵᠤ᠂ ᠡᠳᠦᠷ ᠡᠳᠦᠷ ᠪᠠᠲᠤ ᠰᠠᠬᠢᠵᠤ᠂ ᠦᠢᠯᠡ ᠠᠵᠢᠯᠯᠠᠭ᠎ᠠ ᠪᠠᠷ ᠢᠶᠠᠨ ︽ᠡᠮᠴᠢ ᠶᠢᠨ | ᠥᠷᠥᠰᠢᠶᠡᠯᠲᠦ ᠰᠡᠳᠬᠢᠯ︾ ᠢ ᠲᠠᠶᠢᠯᠪᠤᠷᠢᠯᠠᠪᠠ᠂ ᠲᠡᠷᠡ ᠤᠳᠤ ᠲᠦᠴᠢᠦᠸᠠᠨ ᠰᠢᠶᠠᠨ ᠤ ᠨᠠᠢᠮᠠᠳᠤᠭᠠᠷ | ᠬᠤᠭᠤᠴᠠᠭᠠᠨ ᠤ ᠵᠡᠮᠳᠡᠭᠴᠦᠳ ᠤᠨ ᠮᠥᠴᠢ ᠶᠢᠨ ᠨᠡᠶᠢᠭᠡᠮᠯᠢᠭ ᠤᠨ ᠲᠡᠷᠢᠭᠦᠯᠡᠭᠴᠢ᠂ ᠰᠢᠤᠸᠠᠢ ᠲᠢᠶᠠᠨ ᠰᠢᠶᠠᠩ ᠤᠨ | ᠡᠷᠡᠭᠦᠯ ᠬᠠᠮᠠᠭᠠᠯᠠᠯ ᠤᠨ ᠬᠤᠷᠢᠶᠠᠨ ᠤ ᠳᠠᠷᠤᠭ᠎ᠠ᠂ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠤᠭᠰᠠᠨ ᠳᠡᠳ᠋ | ᠡᠷᠬᠢᠯᠡᠭᠴᠢ ᠡᠮᠴᠢ ᠳ᠋ᠦᠩ ᠱᠤ᠋ ᠴᠧᠩ ᠤᠨ ᠲᠤᠰᠢᠶᠠᠯ ᠢ ᠬᠠᠷᠢᠭᠤᠴᠠᠵᠤ ᠪᠤᠢ᠃ ᠳ᠋ᠦᠩ ᠱᠤ᠋ ᠴᠧᠩ ᠤᠨ ᠠᠯᠪᠠᠨ | ᠭᠡᠷ ᠲᠤ ᠣᠷᠣᠬᠤ ᠳᠤ᠂ ᠬᠡᠷᠡᠮ ᠳᠡᠭᠡᠷ᠎ᠡ ᠬᠡᠮᠡᠷᠯᠢᠭ ᠲᠤᠭ ᠡᠯᠭᠦᠵᠦ᠂ ᠡᠪᠡᠳᠴᠢᠲᠡᠨ ᠵᠢᠴᠢ ᠭᠡᠷ ᠪᠦᠯᠢ ᠶᠢᠨ ᠬᠢᠨ | ᠳ᠋ᠦᠩ ᠱᠤ᠋ ᠴᠧᠩ ᠤᠨ ᠡᠪᠡᠳᠴᠢᠨ ᠢ ᠵᠠᠰᠠᠵᠤ ᠡᠳᠡᠭᠡᠷᠡᠭᠦᠯᠦᠨ ᠠᠪᠤᠭᠰᠠᠨ ᠳᠤ ᠲᠠᠯᠠᠷᠬᠠᠭᠰᠠᠨ ᠰᠡᠳᠬᠢᠯᠭᠡ ᠶᠢ | ᠠᠴᠢᠶᠠᠯᠠᠪᠠ᠃ ᠬᠡᠮᠡᠷᠯᠢᠭ ᠲᠤᠭ ᠳᠡᠭᠡᠷ᠎ᠡ ︽ᠡᠪᠡᠳᠴᠢᠲᠡᠨ ᠢ ᠲᠥᠷᠥᠯ ᠰᠠᠳᠤᠨ ᠲᠠᠢ ᠪᠠᠨ ᠠᠳᠠᠯᠢ ᠪᠠᠷ ᠦᠵᠡᠵᠦ᠂ | ᠡᠮᠴᠢ ᠶᠢᠨ ᠮᠣᠷᠠᠯ ᠰᠤᠷᠲᠠᠯ ᠢ ᠪᠠᠳᠠᠷᠠᠭᠤᠯᠤᠨ᠎ᠠ︾ ᠭᠡᠵᠤ ᠪᠢᠴᠢᠭᠰᠡᠨ ᠲᠠᠢ ᠠᠳᠠᠯᠢ ᠪᠠᠷ᠂ ᠳ᠋ᠦᠩ ᠱᠤ᠋ ᠴᠧᠩ ᠡᠷᠬᠢᠮ | ᠳᠡᠭᠡᠳᠦ ᠬᠠᠶᠢᠷ᠎ᠠ ᠰᠡᠳᠬᠢᠯᠭᠡ ᠪᠠ ᠡᠷᠡᠰ ᠪᠠᠲᠤ ᠢᠲᠡᠭᠡᠯ ᠵᠣᠷᠢᠭ ᠢᠶᠠᠷ ᠪᠡᠶ᠎ᠡ ᠪᠠᠷ ᠢᠶᠠᠨ ᠴᠢᠷᠮᠠᠶᠢᠨ ᠠᠵᠢᠯᠯᠠᠵᠤ᠂ | ᠶᠡᠭᠡ ᠠᠭᠤᠯᠠ ᠶᠢᠨ ᠭᠦᠨ ᠳᠠᠬᠢ ᠠᠷᠠᠳ ᠢᠷᠭᠡᠳ ᠤᠨ ᠡᠷᠡᠭᠦᠯ ᠮᠡᠨᠳᠤ ᠶᠢᠨ ᠲᠥᠯᠥᠭᠡ ᠪᠦᠬᠦ ᠰᠡᠳᠬᠢᠯ ᠪᠦᠬᠦ | ᠵᠣᠷᠢᠭ ᠢᠶᠠᠷ ᠢᠶᠠᠨ ᠬᠤᠪᠢ ᠨᠡᠮᠡᠷᠢ ᠪᠠᠨ ᠦᠵᠡᠭᠦᠯᠵᠦ ᠪᠠᠶᠢᠯ᠎ᠠ᠃ | | ᠪᠠᠭ᠎ᠠ ᠨᠠᠰᠤᠨ ᠳᠠᠭᠠᠨ ᠡᠪᠡᠳᠴᠢᠨ ᠠᠴᠠ ᠪᠣᠯᠵᠤ ᠵᠡᠮᠳᠡᠭ ᠪᠣᠯᠵᠤ᠂ ︽ᠪᠢ ᠬᠥᠳᠡᠭᠡ ᠲᠣᠰᠬᠤᠨ ᠳᠤ ᠲᠥᠷᠥᠵᠦ | ᠂ ᠬᠥᠳᠡᠭᠡ ᠲᠣᠰᠬᠤᠨ ᠳᠤ ᠲᠥᠷᠥᠵᠦ᠂ ᠵᠢᠩᠬᠢᠨᠢ ᠲᠠᠷᠢᠶᠠᠴᠢᠨ ᠤ ᠭᠡᠷ ᠲᠤ ᠲᠥᠷᠥᠵᠦ᠂ 13 ᠨᠠᠰᠤᠲᠠᠢ ᠳᠠᠭᠠᠨ | ᠬᠥᠰᠢᠬᠦ ᠴᠢᠨᠠᠷᠲᠠᠢ ᠪᠠᠭᠠᠨ᠎ᠠ ᠨᠢᠷᠤᠭᠤᠨ ᠤ ᠦᠷᠪᠢᠰᠦᠯ ᠳᠤ ᠨᠡᠷᠪᠡᠭᠳᠡᠵᠦ᠂ ᠭᠡᠷ ᠤᠨ ᠠᠮᠢᠳᠤᠷᠠᠯ ᠶᠠᠳᠠᠭᠤ | ᠬᠦᠴᠢᠷᠳᠡᠯᠲᠡᠢ ᠠᠴᠠ ᠪᠣᠯᠵᠤ ᠡᠮ ᠢᠶᠠᠷ ᠡᠪᠡᠳᠬᠦ ᠶᠢ ᠵᠣᠭᠰᠤᠭᠠᠬᠤ ᠠᠴᠠ ᠥᠭᠡᠷ᠎ᠡ ᠠᠷᠭ᠎ᠠ ᠦᠭᠡᠢ ᠪᠣᠯᠵᠠᠢ᠂ | ᠲᠤᠬᠠᠢ ᠶᠢᠨ ᠦᠶ᠎ᠡ ᠳᠤ ᠨᠥᠬᠦᠴᠡᠯ ᠬᠢᠵᠠᠭᠠᠷ ᠲᠠᠢ ᠪᠠᠶᠢᠭᠰᠠᠨ ᠪᠣᠯᠬᠤᠷ ᠡᠮᠴᠢᠯᠡᠭᠡᠨ ᠤ ᠬᠠᠮᠤᠭ ᠤᠨ ᠰᠠᠶᠢᠨ | ᠲᠣᠬᠢᠶᠠᠯ ᠢ ᠠᠯᠳᠠᠵᠤ᠂ ᠮᠢᠨᠤ ᠨᠠᠰᠤᠨ ᠲᠤᠷᠰᠢᠲᠠ ᠶᠢᠨ ᠡᠪᠡᠳᠴᠢᠨ ᠳᠤ ᠨᠡᠷᠪᠡᠭᠳᠡᠵᠡᠢ︾ ᠭᠡᠵᠤ ᠳ᠋ᠦᠩ ᠱᠤ᠋ | ᠴᠧᠩ ᠲᠠᠨᠢᠯᠴᠠᠭᠤᠯᠪᠠ᠃ ᠡᠪᠡᠳᠴᠢᠨ ᠡᠮᠭᠡᠭ ᠤᠨ ᠲᠠᠷᠴᠢᠯᠠᠭᠠᠯ ᠢ ᠬᠠᠰᠢᠷᠠᠲᠠᠯ᠎ᠠ ᠠᠮᠰᠠᠭᠰᠠᠨ ᠠᠴᠠ ᠳ᠋ᠦᠩ ᠱᠤ᠋ | ᠵᠢᠶᠠᠨ ᠵᠢᠶᠠᠨ ᠨᠢᠭᠡᠨ ᠡᠮᠴᠢ ᠪᠣᠯᠬᠤ ᠪᠠᠷ ᠵᠣᠷᠢᠭ ᠰᠢᠭᠤᠳᠴᠠᠢ᠃ ᠠᠩᠬ᠎ᠠ ᠳᠤᠮᠳᠠᠳᠤ ᠪᠠᠨ ᠲᠡᠭᠦᠰᠦᠭᠰᠡᠨ ᠤ | ᠳᠠᠷᠠᠭᠠᠬᠠᠨ ᠲᠡᠷᠡ ᠲᠣᠰᠬᠤᠨ ᠤ ᠪᠠᠨ ᠬᠥᠯ ᠨᠢᠴᠦᠭᠦᠨ ᠡᠮᠴᠢ ᠪᠠᠷ ᠪᠠᠭᠰᠢ ᠪᠠᠷᠢᠵᠤ᠂ ᠡᠮᠴᠢ ᠶᠢᠨ ᠠᠵᠢᠯ ᠢᠶᠠᠨ | ᠡᠬᠢᠯᠡᠭᠦᠯᠪᠡ᠃ ᠡᠩ ᠤᠨ ᠡᠪᠡᠳᠴᠢᠨ ᠢ ᠣᠨᠣᠰᠢᠯᠠᠬᠤ ᠮᠡᠷᠭᠡᠵᠢᠯ ᠢ ᠠᠯᠢ ᠲᠦᠷᠭᠡᠨ ᠢᠶᠠᠷ ᠡᠵᠡᠮᠰᠢᠬᠦ ᠶᠢᠨ ᠲᠥᠯᠥᠭᠡ᠂ | ᠲᠡᠷᠡ ᠪᠠᠭᠰᠢ ᠠᠴᠠ ᠪᠠᠨ ᠮᠠᠰᠢ ᠤᠯᠠᠨ ᠠᠨᠠᠭᠠᠬᠤ ᠤᠬᠠᠭᠠᠨ ᠤ ᠨᠣᠮ ᠪᠢᠴᠢᠭ ᠵᠢᠭᠡᠯᠡᠵᠦ᠂ ᠡᠳᠦᠷ ᠲᠡᠭᠡᠨ ᠪᠠᠭᠰᠢ ᠪᠠᠨ | ᠲᠠᠭᠠᠵᠦ ᠠᠶᠢᠯ ᠲᠣᠰᠬᠤᠨ ᠳᠤ ᠣᠷᠣᠵᠤ ᠳᠦᠷᠪᠡᠨ ᠵᠦᠭ ᠲᠤ ᠡᠪᠡᠳᠴᠢᠨ ᠢᠶᠠᠨ ᠦᠵᠡᠭᠦᠯᠵᠦ | ᠦᠢᠯᠡᠳᠦᠯᠭᠡᠵᠢᠭᠦᠯᠦᠨ᠂ ᠣᠷᠣᠢ ᠳᠠᠭᠠᠨ ᠳ᠋ᠧᠩ ᠳᠠᠮᠨᠠᠵᠤ ᠰᠥᠨᠢ ᠤᠩᠰᠢᠳᠠᠭ᠃ ᠵᠣᠷᠢᠭ ᠲᠠᠢ ᠬᠥᠮᠥᠨ ᠢ | ᠭᠤᠮᠣᠳᠠᠭᠠᠬᠤ ᠦᠭᠡᠢ᠃ ᠬᠤᠶᠠᠷ ᠵᠢᠯ ᠤᠨ ᠲᠠᠷᠠᠭ᠎ᠠ᠂ ᠳ᠋ᠦᠩ ᠱᠤ᠋ ᠴᠧᠩ ᠬᠢᠲᠠᠳ ᠡᠮᠨᠡᠯᠭᠡ ᠶᠢᠨ ᠬᠢᠷᠢ ᠬᠡᠮ ᠤᠨ | ᠦᠨᠡᠮᠯᠡᠯ ᠢ ᠤᠷᠤᠭᠰᠢᠲᠠᠢ ᠪᠠᠷ ᠣᠯᠣᠭᠰᠠᠨ ᠪᠠᠶᠢᠨ᠎ᠠ᠃ 21 ᠨᠠᠰᠤᠲᠠᠢ ᠳᠠᠭᠠᠨ ᠳ᠋ᠦᠩ ᠱᠤ᠋ ᠴᠧᠩ ᠲᠤᠬᠠᠢ ᠶᠢᠨ | ᠭᠠᠵᠠᠷ ᠲᠠᠭᠠᠨ ᠪᠠᠭ᠎ᠠ ᠰᠠᠭ᠎ᠠ ᠨᠡᠷ᠎ᠡ ᠴᠤᠤ ᠲᠠᠢ ᠪᠣᠯᠵᠤ᠂ ᠰᠢᠤᠸᠠᠢ ᠲᠢᠶᠠᠨ ᠰᠢᠶᠠᠩ ᠤᠨ ᠾᠧ ᠳ᠋ᠦᠩ ᠼᠦᠨ | ᠲᠣᠰᠬᠤᠨ ᠤ ᠡᠭᠦᠳᠡᠨ ᠡᠮᠨᠡᠯᠭᠡ ᠶᠢᠨ ᠬᠡᠯᠲᠡᠰ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ᠂ ᠡᠳᠦᠷ ᠪᠦᠷᠢ | ᠲᠡᠭᠦᠨ ᠢ ᠡᠷᠢᠵᠦ ᠡᠮᠴᠢᠯᠡᠭᠦᠯᠬᠦ ᠪᠠᠷ ᠢᠷᠡᠭᠰᠡᠨ ᠡᠪᠡᠳᠴᠢᠲᠡᠨ ᠢ ᠡᠮᠨᠡᠯᠭᠡ ᠶᠢᠨ ᠭᠠᠵᠠᠷ ᠳᠦᠭᠦᠷᠭᠡᠵᠦ ᠪᠠᠶᠢᠪᠠ᠃ | 26 ᠨᠠᠰᠤᠲᠠᠢ ᠲᠡᠷᠡ ᠵᠢᠯ᠂ ᠰᠢᠤᠸᠠᠢ ᠲᠢᠶᠠᠨ ᠰᠢᠶᠠᠩ ᠤᠨ ᠡᠷᠡᠭᠦᠯ ᠬᠠᠮᠠᠭᠠᠯᠠᠯ ᠤᠨ ᠬᠤᠷᠢᠶ᠎ᠠ ᠳᠤ | ᠦᠢᠯᠡᠳᠦᠯᠭᠡ ᠶᠢᠨ ᠲᠤᠷᠰᠢᠯᠭ᠎ᠠ ᠲᠠᠢ ᠡᠮᠨᠡᠯᠭᠡ ᠶᠢᠨ ᠠᠵᠢᠯᠲᠠᠨ ᠪᠠᠴᠢᠮ ᠱᠠᠭᠠᠷᠳᠠᠭᠳᠠᠵᠤ᠂ ᠳ᠋ᠦᠩ ᠱᠤ᠋ ᠴᠧᠩ ᠲᠦᠷ | ᠴᠠᠭ ᠤᠨ ᠠᠵᠢᠯᠴᠢᠨ ᠤ ᠬᠤᠪᠢ ᠪᠠᠷ ᠡᠷᠡᠭᠦᠯ ᠬᠠᠮᠠᠭᠠᠯᠠᠯ ᠤᠨ ᠬᠤᠷᠢᠶ᠎ᠠ ᠳᠤ ᠡᠯᠰᠡᠭᠳᠡᠨ ᠠᠵᠢᠯᠯᠠᠵᠠᠢ᠃ ᠠᠵᠢᠯ ᠤᠨ | ᠪᠦᠲᠦᠮᠵᠢ ᠲᠣᠪᠣᠶᠢᠮ᠎ᠠ ᠪᠣᠯᠬᠤᠷ᠂ ᠲᠡᠷᠡ ᠵᠢᠩᠬᠢᠨᠢ ᠠᠵᠢᠯᠲᠠᠨ ᠪᠣᠯᠵᠤ᠂ ᠪᠠᠶᠢᠭᠤᠯᠭ᠎ᠠ ᠳᠠᠭᠠᠨ ᠶᠡᠭᠡ ᠬᠦᠰᠡᠯ | ᠨᠠᠶᠢᠳᠠᠯᠭ᠎ᠠ ᠲᠠᠯᠪᠢᠵᠤ᠂ ᠶᠡᠭᠡ ᠳᠡᠭᠡᠳᠦ ᠰᠤᠷᠭᠠᠭᠤᠯᠢ ᠳᠤ ᠲᠣᠮᠢᠯᠠᠭᠳᠠᠨ ᠰᠤᠷᠤᠯᠴᠠᠵᠤ᠂ ᠬᠢᠲᠠᠳ ᠡᠮᠨᠡᠯᠭᠡ ᠶᠢᠨ | ᠤᠬᠠᠭᠠᠨ ᠵᠢᠴᠢ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠤᠭᠰᠠᠨ ᠲᠤᠰᠬᠠᠢ ᠮᠡᠷᠭᠡᠵᠢᠯ ᠢ ᠰᠢᠰᠲ᠋ᠧᠮ ᠲᠠᠢ | ᠰᠤᠷᠤᠯᠴᠠᠵᠤ᠂ ᠰᠤᠷᠤᠯᠭ᠎ᠠ ᠪᠠᠨ ᠲᠡᠭᠦᠰᠬᠡᠭᠰᠡᠨ ᠤ ᠳᠠᠷᠠᠭ᠎ᠠ ᠡᠷᠡᠰ ᠰᠢᠭᠤᠷᠬᠠᠢ ᠪᠠᠷ ᠨᠤᠲᠤᠭ ᠲᠠᠭᠠᠨ ᠬᠠᠷᠢᠵᠤ ᠠᠷᠠᠳ | ᠢᠷᠭᠡᠳ ᠲᠤ ᠦᠢᠯᠡᠴᠢᠯᠡᠪᠡ᠃ ᠠᠵᠢᠯ ᠮᠡᠷᠭᠡᠵᠢᠯ ᠤᠨ ᠰᠠᠬᠢᠯᠭ᠎ᠠ ᠪᠠᠨ ᠪᠠᠲᠤᠳᠬᠠᠵᠤ᠂ ︽ᠡᠮᠴᠢ︾ᠰᠡᠳᠬᠢᠯ | ᠵᠢᠷᠦᠬᠡ ᠪᠠᠷ ᠢᠶᠠᠨ ᠠᠷᠠᠳ ᠤᠨ ᠲᠥᠯᠥᠭᠡ ᠠᠷᠠᠳ ᠤᠯᠠᠨ ᠤ ᠡᠷᠡᠭᠦᠯ ᠮᠡᠨᠳᠤ ᠶᠢ ᠬᠠᠮᠠᠭᠠᠯᠠᠨ᠎ᠠ︾᠂ ᠪᠢ ᠥᠪᠡᠷ ᠢᠶᠠᠨ | ᠴᠦ ᠵᠡᠮᠳᠡᠭ ᠬᠥᠮᠥᠨ ᠶᠤᠮ᠂ ᠵᠡᠮᠳᠡᠭᠴᠦᠳ ᠤᠨ ᠠᠮᠢᠳᠤᠷᠠᠯ ᠳᠤᠮᠳᠠᠬᠢ ᠠᠯᠢ ᠤᠯᠠᠨ ᠳᠥᠭᠦᠮ ᠦᠭᠡᠢ ᠪᠠᠶᠢᠳᠠᠯ ᠢ | ᠪᠡᠶ᠎ᠡ ᠪᠠᠷ ᠢᠶᠠᠨ ᠣᠶᠢᠯᠠᠭᠠᠵᠤ᠂ ᠡᠮᠴᠢᠯᠡᠬᠦ ᠪᠠ ᠡᠳᠦᠷ ᠳᠤᠳᠤᠮ ᠤᠨ ᠠᠵᠢᠯ ᠳᠤᠮᠳᠠ ᠪᠠᠨ ᠥᠪᠡᠷ ᠤᠨ ᠬᠠᠮᠤᠭ ᠤᠨ | ᠶᠡᠭᠡ ᠴᠢᠷᠮᠠᠶᠢᠯᠭ᠎ᠠ ᠪᠠᠷ ᠢᠶᠠᠨ ᠡᠳᠡᠭᠡᠷ ᠬᠥᠮᠥᠰ ᠢ ᠬᠠᠪᠰᠤᠷᠤᠨ᠎ᠠ︾ᠭᠡᠵᠦ ᠬᠡᠯᠡᠪᠡ᠃ ᠳ᠋ᠦᠩ ᠱᠤ᠋ ᠴᠧᠩ ᠦᠨᠡᠨ | ᠰᠡᠳᠬᠢᠯ ᠠᠴᠠ ᠪᠠᠨ ᠬᠡᠯᠡᠪᠡ᠃ ᠵᠡᠮᠳᠡᠭᠴᠦᠳ ᠤᠨ ᠲᠥᠯᠥᠭᠡ ᠶᠠᠭᠤᠮ᠎ᠠ ᠪᠣᠯᠭᠠᠨ ᠳᠤ ᠪᠣᠳᠣᠯᠬᠢᠯᠠᠨ᠎ᠠ᠃ ᠳ᠋ᠦᠩ ᠱᠤ᠋ | ᠴᠧᠩ ᠪᠡᠶ᠎ᠡ ᠮᠠᠬᠠᠪᠤᠳ ᠤᠨ ᠵᠡᠮᠳᠡᠭ ᠨᠢ ᠡᠪᠡᠳᠴᠢᠲᠡᠨ ᠤ ᠠᠮᠢᠳᠤᠷᠠᠯ ᠳᠤ ᠮᠠᠰᠢ ᠤᠯᠠᠨ ᠳᠥᠭᠦᠮ ᠦᠭᠡᠢ ᠪᠠᠶᠢᠳᠠᠯ ᠢ | ᠠᠪᠴᠢᠷᠠᠭᠰᠠᠨ ᠢᠶᠠᠷ ᠪᠠᠷᠠᠬᠤ ᠦᠭᠡᠢ᠂ ᠪᠡᠶ᠎ᠡ ᠮᠠᠬᠠᠪᠤᠳ ᠤᠨ ᠵᠡᠮᠳᠡᠭ ᠨᠢ ᠡᠪᠡᠳᠴᠢᠲᠡᠨ ᠤ ᠤᠶᠤᠨ ᠰᠠᠨᠠᠭᠠᠨ ᠤ | ᠰᠢᠷᠬ᠎ᠠ ᠶᠢ ᠨᠡᠩ ᠣᠶᠢᠯᠠᠭᠠᠪᠠ᠃ ᠲᠡᠷᠡ ᠤᠯᠠᠨ ᠤᠳᠠᠭ᠎ᠠ ᠡᠮᠨᠡᠯᠭᠡ ᠶᠢᠨ ᠠᠵᠢᠯᠲᠠᠳ ᠢ ᠵᠣᠬᠢᠶᠠᠨ ᠪᠠᠶᠢᠭᠤᠯᠤᠨ | ᠲᠣᠰᠬᠤᠨ ᠤ ᠬᠡᠯᠲᠡᠰ ᠤᠨ ︽ᠡᠷᠡᠭᠦᠯ ᠮᠡᠨᠳᠦ ᠶᠢᠨ ᠬᠢᠴᠢᠶᠡᠯ ᠤᠨ ᠲᠠᠩᠬᠢᠮ︾ᠵᠡᠷᠭᠡ ᠭᠠᠵᠠᠷ ᠲᠤ ᠰᠦᠢᠳᠬᠡᠯ | ᠬᠤᠷᠢᠶᠠᠬᠤ ᠦᠭᠡᠢ ᠪᠠᠷ ᠠᠯᠪᠠᠨ ᠵᠢᠷᠤᠮ ᠤᠨ ᠡᠮᠴᠢᠯᠡᠭᠡ ᠬᠢᠬᠦ ᠪᠠ ᠡᠷᠡᠭᠦᠯᠵᠢᠯ ᠤᠨ ᠮᠡᠳᠡᠯᠭᠡ ᠶᠢ ᠲᠦᠭᠡᠮᠡᠯᠵᠢᠭᠦᠯᠵᠦ᠂ | ᠥᠷᠭᠡᠨ ᠤᠯᠠᠨ ᠲᠦᠮᠡᠨ ᠳᠤ ᠡᠷᠡᠭᠦᠯᠵᠢᠯ ᠤᠨ ᠪᠣᠯᠪᠠᠰᠤᠷᠠᠯ ᠤᠨ ᠭᠠᠷ ᠳᠡᠪᠲᠡᠷ ᠢ ᠲᠠᠷᠬᠠᠭᠠᠵᠤ᠂ ᠤᠯᠠᠨ ᠲᠦᠮᠡᠨ ᠤ | ᠵᠡᠮᠳᠡᠭ ᠪᠣᠯᠬᠤ ᠶᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠡᠢ᠃ ᠡᠮᠨᠡᠯᠭᠡ ᠶᠢᠨ ᠬᠤᠷᠢᠶ᠎ᠠ ᠳᠤ ᠡᠪᠡᠳᠴᠢᠨ | ᠦᠵᠡᠭᠦᠯᠬᠦ ᠪᠠᠷ ᠢᠷᠡᠭᠰᠡᠨ ᠵᠡᠮᠳᠡᠭᠴᠦᠳ ᠲᠤ ᠪᠣᠬᠢᠷᠲᠤᠯ ᠦᠭᠡᠢ ᠡᠪᠡᠳᠴᠢᠨ ᠦᠵᠡᠭᠦᠯᠬᠦ ᠵᠠᠮ ᠭᠠᠷᠭᠠᠵᠤ᠂ | ᠬᠦᠷᠳᠦᠲᠦ ᠰᠠᠨᠳᠠᠯᠢ ᠶᠢᠨ ᠨᠡᠪᠲᠡᠷᠡᠬᠦ ᠳᠤ ᠲᠥᠬᠦᠮ ᠦᠵᠡᠭᠦᠯᠬᠦ ᠨᠠᠯᠠᠤ ᠭᠠᠵᠠᠷ ᠭᠠᠷᠭᠠᠵᠤ᠂ ᠬᠠᠶᠢᠷ᠎ᠠ ᠬᠠᠯᠠᠮᠵᠢ ᠶᠢᠨ | ᠴᠣᠩᠬᠤ ᠭᠠᠷᠭᠠᠵᠤ᠂ ᠡᠮᠴᠢᠯᠡᠭᠡᠨ ᠤ ᠬᠥᠲᠥᠴᠢ ᠲᠣᠬᠢᠷᠠᠭᠤᠯᠤᠨ ᠵᠡᠮᠳᠡᠭ ᠡᠪᠡᠳᠴᠢᠲᠡᠨ ᠢ ᠬᠠᠪᠰᠤᠷᠤᠨ ᠡᠪᠡᠳᠴᠢᠨ | ᠦᠵᠡᠭᠦᠯᠬᠦ ᠬᠡᠷᠡᠭᠲᠡᠢ᠃ ᠣᠯᠠᠨ ᠲᠠᠯ᠎ᠠ ᠠᠴᠠ ᠪᠡᠯᠡ ᠮᠥᠩᠭᠦ ᠴᠤᠭᠯᠠᠭᠤᠯᠵᠤ᠂ ᠵᠡᠮᠳᠡᠭᠴᠦᠳ᠂ ᠶᠠᠪᠠᠭᠠᠨ | ᠶᠠᠪᠤᠬᠤ ᠳᠤ ᠬᠦᠴᠢᠷᠲᠡᠢ ᠬᠥᠮᠥᠰ ᠤᠨ ᠬᠡᠷᠡᠭᠯᠡᠬᠦ ᠲᠤᠰᠬᠠᠢ ᠴᠠᠬᠢᠯᠭᠠᠨ ᠱᠠᠲᠤ ᠶᠢ ᠤᠭᠰᠠᠷᠠᠬᠤ ᠬᠡᠷᠡᠭᠲᠡᠢ᠃ ᠲᠡᠷᠡ | ᠪᠠᠰᠠ ᠥᠪᠡᠷ ᠤᠨ ᠰᠢᠶᠠᠨ ᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠪᠣᠯᠤᠭᠰᠠᠨ ᠤ ᠬᠤᠪᠢ ᠳᠠᠬᠢ ᠳᠠᠪᠠᠭᠤᠯᠢᠭ ᠢᠶᠠᠨ ᠪᠠᠳᠠᠷᠠᠭᠤᠯᠵᠤ᠂ ᠶᠠᠳᠠᠭᠤ ᠬᠦᠴᠢᠷᠳᠡᠯᠲᠡᠢ ᠵᠡᠮᠳᠡᠭ ᠤᠯᠠᠨ ᠲᠦᠮᠡᠨ ᠤ | ᠡᠪᠡᠳᠴᠢᠨ ᠦᠵᠡᠭᠦᠯᠬᠦ ᠠᠰᠠᠭᠤᠳᠠᠯ ᠢ ᠰᠠᠶᠢᠵᠢᠷᠠᠭᠤᠯᠬᠤ ᠲᠤᠬᠠᠢ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ | ᠠᠷᠭ᠎ᠠ ᠤᠬᠠᠭᠠᠨ ᠭᠠᠷᠭᠠᠵᠤ᠂ ᠨᠡᠶᠢᠳᠡ 10 ᠭᠠᠷᠤᠢ ᠤᠳᠠᠭ᠎ᠠ ᠰᠠᠨᠠᠭᠤᠯᠭ᠎ᠠ ᠳᠤᠷᠠᠳᠴᠠᠢ᠃ ᠡᠮᠨᠡᠭᠦᠯᠬᠦ ᠪᠠᠷ ᠢᠷᠡᠭᠰᠡᠨ | ᠠᠮᠢᠳᠤᠷᠠᠯ ᠨᠢ ᠬᠦᠴᠢᠷᠳᠡᠯᠲᠡᠢ ᠵᠡᠮᠳᠡᠭ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢᠨ ᠵᠥᠪᠰᠢᠶᠡᠷᠡᠯ ᠲᠠᠢ ᠪᠠᠶᠢᠳᠠᠯ | ᠳᠣᠣᠷ᠎ᠠ ᠡᠮ ᠡᠮᠨᠡᠯᠭᠡ ᠶᠢᠨ ᠵᠠᠷᠤᠳᠠᠯ ᠪᠠ ᠪᠠᠶᠢᠴᠠᠭᠠᠯᠲᠠ ᠶᠢᠨ ᠵᠠᠷᠤᠳᠠᠯ ᠢ ᠴᠢᠳᠠᠯ ᠤᠨ ᠬᠢᠷᠢ ᠪᠠᠷ ᠢᠶᠠᠨ ᠬᠠᠰᠤᠵᠤ | ᠬᠡᠯᠲᠦᠷᠢᠭᠦᠯᠦᠨ᠂ ᠵᠡᠮᠳᠡᠭ ᠡᠪᠡᠳᠴᠢᠲᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠦᠨ᠎ᠡ᠃ | ᠲᠣᠰᠬᠤᠨ ᠤ ᠡᠮᠴᠢ ᠶᠢ ᠳᠠᠭᠠᠭᠤᠯᠤᠨ ᠡᠷᠡᠭᠦᠯᠵᠢᠯ ᠢ ᠬᠥᠳᠡᠭᠡ ᠲᠣᠰᠬᠤᠨ ᠳᠤ ᠣᠷᠣᠭᠤᠯᠬᠤ ᠲᠥᠷᠥᠯ ᠵᠦᠢᠯ ᠢ | ᠥᠷᠨᠢᠭᠦᠯᠵᠦ᠂ ᠵᠡᠮᠳᠡᠭᠴᠦᠳ ᠤᠨ ᠭᠡᠷ ᠲᠡᠭᠡᠨ ᠡᠷᠡᠭᠦᠯᠵᠢᠯ ᠤᠨ ᠪᠣᠯᠪᠠᠰᠤᠷᠠᠯ ᠬᠢᠬᠦ ᠶᠢ ᠵᠢᠯᠣᠭᠤᠳᠤᠨ᠎ᠠ᠃ ᠵᠠᠷᠢᠮ | ᠵᠡᠮᠳᠡᠭ ᠡᠪᠡᠳᠴᠢᠲᠡᠨ ᠳᠤ ᠴᠢᠭᠯᠡᠭᠦᠯᠦᠨ᠂ ᠡᠮᠨᠡᠯᠭᠡ ᠳᠤ ᠰᠠᠭᠤᠵᠤ ᠡᠮᠨᠡᠭᠦᠯᠬᠦ ᠠᠴᠠ ᠭᠠᠳᠠᠨ᠎ᠠ᠂ ᠳ᠋ᠦᠩ ᠱᠤ᠋ ᠴᠧᠩ | ᠪᠠᠰᠠ ᠴᠠᠭ ᠭᠠᠷᠭᠠᠨ ᠭᠡᠷ ᠲᠤᠨᠢ ᠬᠦᠷᠴᠦ ᠠᠰᠠᠭᠤᠨ ᠣᠨᠣᠰᠢᠯᠠᠵᠤ᠂ ᠲᠡᠳᠡᠨ ᠤ ᠡᠳᠦᠷ ᠲᠤᠲᠤᠮ ᠤᠨ ᠠᠮᠢᠳᠤᠷᠠᠯ | ᠪᠠ ᠡᠷᠡᠭᠦᠯ ᠮᠡᠨᠳᠦ ᠶᠢᠨ ᠪᠠᠶᠢᠳᠠᠯ ᠢ ᠬᠠᠯᠠᠮᠵᠢᠯᠠᠵᠤ ᠪᠠᠶᠢᠨ᠎ᠠ᠃ | | ᠲᠠᠷᠢᠬᠢᠨ ᠤ ᠲᠦᠭᠵᠢᠷᠡᠯ ᠣᠯᠣᠭᠰᠠᠨ ᠨᠢᠭᠡᠨ ᠡᠪᠡᠳᠴᠢᠲᠡᠨ ᠯᠢ ᠵᠦᠩ ᠬᠤᠸᠠ ᠡᠮᠨᠡᠯᠭᠡ ᠳᠤ ᠰᠠᠭᠤᠵᠤ ᠪᠠᠶᠢᠬᠤ | ᠬᠤᠭᠤᠴᠠᠭᠠᠨ ᠳᠠᠭᠠᠨ ᠭᠡᠷ ᠪᠦᠯᠢ ᠶᠢᠨ ᠬᠦᠴᠢᠷᠳᠡᠯ ᠠᠴᠠ ᠪᠣᠯᠵᠤ ᠡᠮ ᠡᠮᠨᠡᠯᠭᠡ ᠶᠢᠨ ᠰᠦᠢᠳᠬᠡᠯ ᠢᠶᠠᠨ ᠲᠤᠰᠢᠶᠠᠵᠤ | ᠳᠡᠶᠢᠯᠬᠦ ᠦᠭᠡᠢ ᠪᠠᠶᠢᠪᠠ᠂ ᠳ᠋ᠦᠩ ᠱᠤ᠋ ᠴᠧᠩ ᠪᠦᠬᠦ ᠡᠮᠨᠡᠯᠭᠡ ᠶᠢᠨ ᠬᠤᠷᠢᠶᠠᠨ ᠤ ᠠᠵᠢᠯᠲᠠᠳ ᠢ ᠵᠣᠬᠢᠶᠠᠨ | ᠪᠠᠶᠢᠭᠤᠯᠤᠨ ᠲᠡᠭᠦᠨ ᠳᠤ ᠵᠣᠭᠤᠰ ᠬᠠᠨᠳᠢᠪᠯᠡᠵᠤ᠂ ᠡᠮᠨᠡᠯᠭᠡ ᠠᠴᠠ ᠭᠠᠷᠤᠭᠰᠠᠨ ᠤ ᠳᠠᠷᠠᠭ᠎ᠠ ᠤᠯᠠᠨ ᠤᠳᠠᠭ᠎ᠠ ᠭᠡᠷ | ᠲᠤᠨᠢ ᠬᠦᠷᠴᠦ ᠡᠪᠡᠳᠴᠢᠲᠡᠨ ᠳᠤ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠴᠢᠰᠤᠨ ᠳᠠᠷᠤᠯᠲᠠ ᠶᠢ | ᠪᠠᠭᠤᠷᠠᠭᠤᠯᠬᠤ ᠡᠮ ᠢ ᠵᠣᠬᠢᠰᠲᠠᠢ ᠬᠡᠷᠡᠭᠯᠡᠬᠦ ᠶᠢ ᠰᠠᠨᠠᠭᠤᠯᠬᠤ ᠶᠢᠨ ᠬᠠᠮᠲᠤ ᠥᠪᠡᠷ ᠤᠨ ᠭᠠᠷ ᠤᠲᠠᠰᠤᠨ ᠤ | ᠨᠣᠮᠧᠷ ᠢᠶᠠᠨ ᠡᠪᠡᠳᠴᠢᠲᠡᠨ ᠳᠤ ᠦᠯᠡᠳᠡᠭᠡᠨ ᠥᠭᠴᠦ᠂ ᠬᠡᠷᠡᠭᠴᠡᠭᠡ ᠲᠠᠢ ᠯᠡ ᠪᠣᠯ ᠤᠲᠠᠰᠤ ᠢᠷᠡᠴᠢᠬᠡᠨ᠎ᠡ᠃ | ᠬᠠᠮᠤᠭ ᠤᠨ ᠪᠠᠭ᠎ᠠ ᠲᠠᠯ᠎ᠠ ᠠᠴᠠ ᠬᠥᠮᠥᠨ ᠤ ᠰᠡᠳᠬᠢᠯ ᠢ ᠣᠯᠵᠤ ᠬᠠᠷᠠᠨ᠎ᠠ᠂ ᠬᠠᠮᠤᠭ ᠤᠨ ᠨᠠᠷᠢᠨ ᠨᠢᠮᠪᠠᠢ ᠠᠴᠠ | ᠳᠤᠯᠠᠭᠠᠬᠠᠨ ᠪᠠᠶᠢᠳᠠᠭ᠃ ᠠᠵᠢᠯ ᠤᠨ ᠴᠢᠯᠦᠭᠡ ᠪᠠᠷ ᠢᠶᠠᠨ᠂ ᠳ᠋ᠦᠩ ᠱᠤ᠋ ᠴᠧᠩ ᠡᠯ᠎ᠡ ᠵᠦᠢᠯ ᠤᠨ ᠠᠯᠪᠠᠨ ᠵᠢᠷᠤᠮ ᠤᠨ | ᠡᠮᠴᠢᠯᠡᠭᠡᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ | ᠡᠷᠡᠭᠦᠯ ᠮᠡᠨᠳᠦ ᠶᠢ ᠠᠩᠬᠠᠷᠴᠤ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠪᠡ᠃ ᠴᠢᠰᠤᠨ ᠳᠠᠷᠤᠯᠲᠠ ᠥᠨᠳᠥᠷ᠂ | ᠰᠠ ᠡᠪᠡᠳᠴᠢᠨ᠂ ᠲᠠᠯ᠎ᠠ ᠪᠡᠶ᠎ᠡ ᠲᠠᠮᠪᠠᠷᠠᠭᠰᠠᠨ ᠵᠡᠷᠭᠡ ᠭᠠᠳᠠᠭᠰᠢ ᠭᠠᠷᠴᠤ ᠡᠮᠨᠡᠭᠦᠯᠬᠦ ᠳᠤ ᠬᠦᠴᠢᠷᠳᠡᠵᠦ ᠪᠠᠶᠢᠭ᠎ᠠ | ᠡᠪᠡᠳᠴᠢᠲᠡᠨ ᠢ ᠡᠷᠲᠡᠯᠡᠵᠦ ᠣᠷᠣᠶᠢᠯᠠᠨ ᠴᠠᠭ ᠭᠠᠷᠭᠠᠨ ᠭᠡᠷ ᠲᠤᠨᠢ ᠬᠦᠷᠴᠦ ᠠᠰᠠᠭᠤᠨ ᠣᠨᠣᠰᠢᠯᠠᠵᠤ᠂ ᠲᠡᠳᠡᠨ ᠤ | ᠡᠳᠦᠷ ᠲᠤᠲᠤᠮ ᠤᠨ ᠠᠮᠢᠳᠤᠷᠠᠯ ᠵᠢᠴᠢ ᠡᠷᠡᠭᠦᠯ ᠴᠢᠭᠢᠷᠠᠭ ᠤᠨ ᠪᠠᠶᠢᠳᠠᠯ ᠢ ᠠᠩᠬᠠᠷᠴᠤ᠂ ᠡᠪᠡᠳᠴᠢᠲᠡᠨ ᠳᠤ ᠭᠡᠷ ᠤᠨ | ᠡᠭᠦᠳᠡᠨ ᠳᠤᠨᠢ ᠴᠢᠨᠠᠷ ᠰᠠᠶᠢᠲᠠᠢ᠂ ᠳᠥᠭᠦᠮ ᠳᠥᠲᠡ ᠡᠷᠡᠭᠦᠯᠵᠢᠯ ᠪᠠ ᠡᠮ ᠡᠮᠨᠡᠯᠭᠡ ᠶᠢᠨ ᠦᠢᠯᠡᠴᠢᠯᠡᠭᠡ ᠶᠢ | ᠡᠳ᠋ᠯᠡᠭᠦᠯᠪᠡ᠃ ᠳ᠋ᠦᠩ ᠱᠤ᠋ ᠴᠧᠩ ᠲᠡᠭᠦᠨ ᠤ ᠴᠢᠳᠠᠮᠠᠭᠠᠢ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠤᠨ | ᠲᠠᠷᠢᠬᠢᠨ ᠤ ᠰᠠ ᠡᠪᠡᠳᠴᠢᠨ᠂ ᠨᠢᠭᠤᠷ ᠤᠨ ᠮᠡᠳᠡᠷᠡᠯ ᠤᠨ ᠦᠷᠪᠢᠰᠦᠯ᠂ ᠨᠢᠳᠦ ᠡᠷᠢᠶᠡᠯᠵᠡᠨ ᠲᠣᠯᠣᠭᠠᠢ ᠡᠷᠭᠢᠬᠦ | ᠵᠡᠷᠭᠡ ᠮᠡᠳᠡᠷᠡᠯ ᠤᠨ ᠳᠣᠲᠣᠷ ᠰᠠᠯᠠᠭᠠᠨ ᠤ ᠡᠪᠡᠳᠴᠢᠨ ᠢ ᠵᠠᠰᠠᠵᠤ᠂ ᠢᠯᠠᠩᠭᠤᠶ᠎ᠠ ᠲᠠᠷᠢᠬᠢᠨ ᠤ ᠴᠢᠰᠤᠨ | ᠰᠢᠭᠢᠳᠦᠭᠡᠰᠦ ᠶᠢᠨ ᠡᠪᠡᠳᠴᠢᠨ ᠳᠤ ᠡᠯᠪᠡᠭ ᠪᠠᠶᠠᠯᠢᠭ ᠡᠮᠴᠢᠯᠡᠭᠡᠨ ᠤ ᠲᠤᠷᠰᠢᠯᠭ᠎ᠠ ᠲᠠᠢ ᠪᠠᠶᠢᠵᠤ᠂ ᠭᠠᠳᠠᠷ ᠣᠷᠣᠨ ᠤ | ᠶᠡᠭᠡ ᠡᠮᠨᠡᠯᠭᠡ ᠶᠢᠨ ᠬᠤᠷᠢᠶ᠎ᠠ ᠦᠷᠭᠦᠯᠵᠢ ᠲᠡᠭᠦᠨ ᠳᠤ ᠠᠷᠤᠷ᠎ᠠ ᠶᠢᠨ ᠨᠠᠮᠠᠭ᠎ᠠ ᠪᠠᠨ ᠰᠤᠩᠭᠠᠵᠤ᠂ ᠲᠡᠭᠦᠨ ᠳᠤ ᠡᠯᠪᠡᠭ | ᠳᠡᠯᠪᠡᠭ ᠴᠠᠯᠢᠩ ᠬᠥᠯᠥᠰᠦ ᠣᠯᠭᠤᠬᠤ ᠪᠠᠷ ᠠᠮᠠᠯᠠᠳᠠᠭ᠃ | | ︽ᠮᠢᠨᠤ ᠲᠤᠷᠰᠢᠯᠭ᠎ᠠ ᠪᠣᠯ ᠨᠤᠲᠤᠭ ᠤᠨ ᠠᠬ᠎ᠠ ᠳᠡᠭᠦᠦ ᠨᠠᠷ ᠤᠨ ᠪᠡᠶ᠎ᠡ ᠳᠡᠭᠡᠷ᠎ᠡ ᠵᠡᠭᠦᠦ ᠪᠠᠷ ᠬᠠᠳᠬᠤᠵᠤ | ᠭᠠᠷᠭᠠᠭᠰᠠᠨ ᠶᠤᠮ᠂ ᠪᠢ ᠵᠢᠭᠠᠬᠠᠨ ᠴᠤ ᠠᠮᠵᠢᠯᠲᠠ ᠣᠯᠣᠮᠠᠭᠴᠠ ᠤᠭ ᠢᠶᠠᠨ ᠮᠠᠷᠲᠠᠵᠤ ᠪᠣᠯᠬᠤ ᠦᠭᠡᠢ᠂ ᠨᠤᠲᠤᠭ ᠤᠨ | ᠠᠬ᠎ᠠ ᠳᠡᠭᠦᠦ ᠨᠠᠷ ᠤᠨ ᠢᠲᠡᠭᠡᠯ ᠪᠠ ᠳᠡᠮᠵᠢᠯᠭᠡ ᠪᠠᠶᠢᠬᠤ ᠦᠭᠡᠢ ᠪᠣᠯ ᠮᠢᠨᠤ ᠡᠨᠡ ᠡᠳᠦᠷ ᠪᠠᠶᠢᠵᠤ ᠴᠢᠳᠠᠬᠤ ᠦᠭᠡᠢ᠂ | ᠪᠢ ᠠᠳᠡ ᠦᠯᠡᠳᠡᠨ᠎ᠡ︾ ᠭᠡᠵᠤ ᠳ᠋ᠦᠩ ᠱᠤ᠋ ᠴᠧᠩ ᠡᠷᠡᠰ ᠰᠢᠭᠤᠷᠬᠠᠢ ᠪᠠᠷ ᠡᠯ᠎ᠡ ᠶᠡᠭᠡ ᠡᠮᠨᠡᠯᠭᠡ ᠶᠢᠨ ᠬᠤᠷᠢᠶᠠᠨ ᠤ | ᠤᠷᠢᠯᠭ᠎ᠠ ᠶᠢ ᠲᠡᠪᠴᠢᠵᠦ᠂ ᠮᠥᠨ ᠯᠡ ᠡᠳᠦᠷ ᠡᠳᠦᠷ ᠠᠭᠤᠯᠠᠨ ᠤ ᠭᠦᠨ ᠳᠤ ᠶᠠᠪᠤᠵᠤ᠂ ᠨᠤᠲᠤᠭ ᠤᠨ ᠠᠬ᠎ᠠ ᠳᠡᠭᠦᠦ | ᠨᠠᠷ ᠤᠨ ᠢᠶᠠᠨ ᠡᠷᠡᠭᠦᠯ ᠮᠡᠨᠳᠤ ᠶᠢ ᠰᠠᠬᠢᠨ ᠬᠠᠮᠠᠭᠠᠯᠠᠵᠤ᠂ ᠬᠠᠮᠤᠭ ᠤᠨ ᠰᠠᠶᠢᠨ ᠰᠠᠶᠢᠬᠠᠨ ᠵᠠᠯᠠᠭᠤ ᠨᠠᠰᠤ ᠪᠠᠨ | ᠬᠠᠮᠤᠭ ᠤᠨ ᠦᠨᠳᠦᠰᠦᠨ ᠱᠠᠲᠤᠨ ᠤ ᠠᠷᠠᠳ ᠢᠷᠭᠡᠳ ᠲᠤ ᠵᠣᠷᠢᠭᠤᠯᠵᠠᠢ᠃ ᠡᠮᠴᠢ ᠶᠢᠨ ᠠᠵᠢᠯ ᠬᠢᠭᠰᠡᠨ 35 | ᠵᠢᠯ ᠤᠨ ᠲᠤᠷᠰᠢ᠂ ᠡᠮᠴᠢ ᠯᠦ ᠹᠠᠩ ᠬᠤᠸᠠ ᠶᠢᠨ ︽ᠬᠥᠮᠥᠨ ᠤ ᠠᠮᠢᠳᠤᠷᠠᠯ ᠤᠨ ᠬᠠᠮᠤᠭ ᠤᠨ ᠶᠡᠭᠡ ᠵᠣᠪᠠᠭᠤᠷᠢ ᠨᠢ | ᠡᠪᠡᠳᠴᠢᠨ ᠡᠮᠭᠡᠭ ᠲᠠᠢ ᠦᠶ᠎ᠡ ᠳᠤ ᠡᠮᠴᠢ ᠡᠷᠢᠬᠦ ᠶᠢᠨ ᠠᠷᠭ᠎ᠠ ᠦᠭᠡᠢ᠂ ᠡᠮᠴᠢ ᠪᠣᠯᠤᠭᠰᠠᠨ ᠤ ᠬᠤᠪᠢ ᠳᠤ | ᠡᠪᠡᠳᠴᠢᠲᠡᠨ ᠢ ᠰᠡᠳᠬᠢᠯ ᠳᠡᠭᠡᠨ ᠪᠤᠳᠤᠵᠤ᠂ ᠠᠷᠭ᠎ᠠ ᠪᠦᠬᠦᠨ ᠢ ᠰᠦᠪᠡᠭᠴᠢᠯᠡᠨ ᠠᠷᠠᠳ ᠲᠦᠮᠡᠨ ᠤ ᠵᠣᠪᠠᠭᠤᠷᠢ | ᠵᠦᠳᠡᠭᠦᠷᠢ ᠶᠢ ᠠᠷᠢᠯᠭᠠᠵᠤ᠂ ᠥᠪᠡᠷ ᠤᠨ ᠠᠮᠢ ᠨᠠᠰᠤ ᠪᠠᠷ ᠢᠶᠠᠨ ᠠᠷᠠᠳ ᠲᠦᠮᠡᠨ ᠤ ᠠᠮᠢ ᠨᠠᠰᠤ ᠶᠢ ᠬᠠᠮᠠᠭᠠᠯᠠᠨ᠎ᠠ᠂ | ᠡᠨᠡ ᠪᠣᠯ ᠳᠠᠷᠤᠢ ᠡᠮᠴᠢ ᠪᠣᠯᠤᠭᠰᠠᠨ ᠤ ᠬᠤᠪᠢ ᠳᠠᠬᠢ ᠦᠨ᠎ᠡ ᠥᠷᠲᠡᠭ ᠮᠥᠨ︾ ᠭᠡᠵᠡᠢ᠃ ᠳ᠋ᠦᠩ ᠱᠤ᠋ ᠴᠧᠩ ᠴᠦ | ᠢᠩᠭᠢᠵᠦ ᠬᠡᠯᠡᠭᠰᠡᠨ ᠶᠤᠮ᠃ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠲᠤᠬᠠᠶᠢᠯᠠᠭᠰᠠᠨ ᠠᠵᠢᠯ ᠤᠨ ᠭᠤᠣᠯ | ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠳ᠋ᠦᠩ ᠱᠤ᠋ ᠴᠧᠩ ᠡᠮᠨᠡᠯᠭᠡ ᠶᠢᠨ ᠠᠵᠢᠯᠲᠠᠨ ᠢᠶᠠᠨ ᠳᠠᠭᠠᠭᠤᠯᠤᠨ | ᠰᠤᠶᠢᠬᠠᠨ ᠲᠥᠭᠡᠨᠡᠯᠭᠡ ᠶᠢᠨ ᠮᠡᠷᠭᠡᠵᠢᠯ ᠢᠶᠠᠷ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ | ᠡᠪᠡᠳᠴᠢᠨ ᠢ ᠵᠠᠰᠠᠬᠤ ᠰᠤᠳᠤᠯᠭᠠᠨ ᠢ ᠥᠷᠨᠢᠭᠦᠯᠵᠦ᠂ ᠰᠤᠶᠢᠬᠠᠨ ᠲᠥᠭᠡᠨᠡᠯᠭᠡ ᠪᠠ ᠬᠢᠲᠠᠳ ᠡᠮ ᠢ ᠬᠡᠷᠡᠭᠯᠡᠨ | ᠬᠦᠵᠦᠭᠦᠦ ᠮᠥᠷᠥ ᠬᠥᠯ ᠨᠢᠷᠤᠭᠤ ᠡᠪᠡᠳᠬᠦ ᠵᠡᠷᠭᠡ ᠬᠡᠷᠦᠬᠦ ᠡᠪᠡᠳᠴᠢᠨ ᠢ ᠵᠠᠰᠠᠬᠤ ᠲᠠᠢ ᠤᠶᠠᠯᠳᠤᠭᠤᠯᠤᠨ᠂ | ᠲᠤᠬᠠᠢ ᠶᠢᠨ ᠭᠠᠵᠠᠷ ᠤᠨ ᠮᠡᠷᠭᠡᠵᠢᠯ ᠤᠨ ᠬᠤᠭᠤᠰᠤᠨ ᠢ ᠨᠥᠬᠦᠪᠦᠷᠢᠯᠡᠪᠡ᠃ ᠪᠠᠶᠢᠩᠭᠤ ᠲᠣᠬᠢᠶᠠᠯᠳᠤᠳᠠᠭ ᠡᠪᠡᠳᠴᠢᠨ | ᠬᠢᠲᠠᠳ ᠡᠮᠨᠡᠯᠭᠡ ᠶᠢᠨ ᠡᠪᠡᠳᠬᠦ ᠶᠢ ᠡᠷᠡᠭᠦᠯᠵᠢᠭᠦᠯᠬᠦ ᠰᠠᠯᠠᠭ᠎ᠠ ᠶᠢ ᠪᠠᠶᠢᠭᠤᠯᠵᠤ᠂ 2 ᠵᠢᠯ ᠤᠨ ᠲᠥᠷᠥᠯ ᠵᠦᠢᠯ ᠢ | ᠥᠷᠨᠢᠭᠦᠯᠬᠦ ᠪᠠᠷ ᠳᠡᠮᠵᠢᠨ᠂ ᠡᠮᠨᠡᠯᠭᠡ ᠶᠢᠨ ᠬᠤᠷᠢᠶ᠎ᠠ ᠪᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ | ᠲᠤᠬᠠᠶᠢᠯᠠᠭᠰᠠᠨ ᠠᠵᠢᠯ ᠤᠨ ᠬᠡᠮᠵᠢᠶ᠎ᠡ ᠶᠢ 80% ᠪᠠᠷ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠡᠪᠡᠳᠴᠢᠲᠡᠨ ᠤ | ᠭᠠᠳᠠᠭᠰᠢ ᠰᠢᠯᠵᠢᠬᠦ ᠨᠣᠷᠮ᠎ᠠ ᠶᠢ 50% ᠪᠠᠷ ᠪᠠᠭᠤᠷᠠᠭᠤᠯᠪᠠ᠃ ᠰᠢᠤᠸᠠᠢ ᠲᠢᠶᠠᠨ ᠰᠢᠶᠠᠩ ᠤᠨ ᠡᠷᠡᠭᠦᠯ | ᠬᠠᠮᠠᠭᠠᠯᠠᠯ ᠤᠨ ᠬᠤᠷᠢᠶ᠎ᠠ ᠨᠢ ᠰᠢᠶᠠᠩ ᠪᠠᠯᠭᠠᠰᠤᠨ ᠤ ᠳᠡᠰ ᠤᠨ ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠭᠰᠠᠨ ᠤ | ᠬᠤᠪᠢ ᠳᠤ᠂ ᠳ᠋ᠦᠩ ᠱᠤ᠋ ᠴᠧᠩ ᠤᠨ ᠭᠤᠶᠢᠳᠠ ᠰᠠᠶᠢᠬᠠᠨ ᠤᠷᠠᠯᠢᠭ ᠠᠴᠠ ᠪᠣᠯᠵᠤ᠂ ᠡᠨᠡᠬᠦ ᠠᠭᠤᠯᠠ ᠶᠢᠨ ᠭᠦᠨ ᠳᠠᠬᠢ | ᠡᠷᠡᠭᠦᠯ ᠬᠠᠮᠠᠭᠠᠯᠠᠯ ᠤᠨ ᠬᠤᠷᠢᠶ᠎ᠠ ᠳᠤ ᠡᠪᠡᠳᠴᠢᠨ ᠦᠵᠡᠭᠦᠯᠬᠦ ᠪᠠᠷ ᠢᠷᠡᠬᠦ ᠬᠥᠮᠥᠨ ᠶᠠᠪᠤᠬᠤ ᠳᠤᠳᠤᠮ ᠣᠯᠠᠰᠢᠷᠠᠵᠤ᠂ | ᠪᠡᠭᠡᠵᠢᠩ᠂ ᠯᠢᠶᠣᠤᠨᠢᠩ᠂ ᠬᠠᠷᠠᠮᠥ᠋ᠷᠡᠨ ᠵᠡᠷᠭᠡ ᠶᠡᠭᠡ ᠬᠤᠳᠠ ᠠᠴᠠ ᠢᠷᠡᠭᠰᠡᠨ ᠡᠪᠡᠳᠴᠢᠲᠡᠨ ᠦᠷᠭᠦᠯᠵᠢ ᠨᠡᠷ᠎ᠡ | ᠵᠢᠭᠠᠵᠤ ᠡᠪᠡᠳᠴᠢᠨ ᠦᠵᠡᠭᠦᠯᠬᠦ ᠪᠠᠷ ᠢᠷᠡᠳᠡᠭ᠃ ᠣᠳᠣᠬᠠᠨ ᠳᠤ᠂ ᠰᠢᠤᠸᠠᠢ ᠲᠢᠶᠠᠨ ᠰᠢᠶᠠᠩ ᠤᠨ ᠡᠷᠡᠭᠦᠯ | ᠬᠠᠮᠠᠭᠠᠯᠠᠯ ᠤᠨ ᠬᠤᠷᠢᠶ᠎ᠠ ᠳ᠋ᠦᠩ ᠱᠤ᠋ ᠴᠧᠩ ᠤᠨ ᠳᠠᠭᠠᠭᠤᠯᠭ᠎ᠠ ᠪᠠᠷ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ | ᠴᠢᠳᠠᠪᠤᠷᠢ ᠲᠣᠪᠣᠶᠢᠮ᠎ᠠ ᠪᠠᠶᠢᠵᠤ᠂ ᠡᠮᠴᠢᠯᠡᠭᠡᠨ ᠤ ᠮᠡᠷᠭᠡᠵᠢᠯ ᠢᠯᠡᠳᠲᠡ ᠪᠣᠯᠵᠠᠢ᠃ 35 ᠵᠢᠯ ᠤᠨ ᠡᠮᠴᠢᠯᠡᠭᠡᠨ ᠤ ᠵᠠᠮ | ᠨᠢ ᠬᠥᠮᠥᠰ ᠢ ᠭᠠᠶᠢᠬᠠᠰᠢ ᠠᠯᠳᠠᠭᠤᠯᠤᠮ᠎ᠠ ᠦᠷ᠎ᠡ ᠪᠦᠲᠦᠭᠡᠯ ᠢ ᠣᠯᠣᠭᠰᠠᠨ ᠪᠠᠶᠢᠨ᠎ᠠ᠃ ᠡᠷᠡᠭᠦᠯ ᠬᠠᠮᠠᠭᠠᠯᠠᠯ ᠤᠨ | ᠬᠤᠷᠢᠶ᠎ᠠ ᠤᠯᠠᠨ ᠵᠢᠯ ᠳᠠᠷᠠᠭᠠᠯᠠᠨ ᠡᠭᠦᠳᠡᠨ ᠡᠮᠨᠡᠯᠭᠡ ᠶᠢᠨ ᠡᠪᠡᠳᠴᠢᠲᠡᠨ ᠤ ᠲᠤᠭ᠎ᠠ 1 ᠲᠦᠮᠡ ᠠᠴᠠ ᠳᠡᠭᠡᠭᠰᠢ | ᠬᠦᠷᠴᠦ᠂ ᠨᠡᠶᠢᠳᠡ 5000 ᠭᠠᠷᠤᠢ ᠲᠠᠷᠢᠬᠢᠨ ᠴᠢᠰᠤᠨ ᠰᠤᠳᠠᠯ ᠤᠨ ᠡᠪᠡᠳᠴᠢᠨ ᠲᠠᠢ ᠡᠪᠡᠳᠴᠢᠲᠡᠨ ᠢ ᠬᠦᠯᠢᠶᠡᠨ | ᠠᠪᠴᠤ ᠡᠮᠨᠡᠨ ᠵᠠᠰᠠᠵᠤ᠂ ᠡᠷᠡᠭᠦᠯ ᠬᠠᠮᠠᠭᠠᠯᠠᠯ ᠤᠨ ᠬᠤᠷᠢᠶ᠎ᠠ ᠴᠤ 2017 ᠣᠨ ᠤ ︽ᠤᠯᠤᠰ ᠤᠨ ᠤᠯᠠᠨ | ᠲᠦᠮᠡᠨ ᠳᠤ ᠬᠠᠨᠤᠮᠵᠢᠲᠠᠢ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ︾ ᠪᠠᠷ ᠦᠨᠡᠯᠡᠭᠳᠡᠵᠦ᠂ | 2020 ᠣᠨ ᠳᠤ ᠬᠢᠲᠠᠳ ᠡᠮᠨᠡᠯᠭᠡ ᠶᠢᠨ ᠮᠡᠷᠭᠡᠵᠢᠯ ᠪᠣᠯᠣᠨ ᠲᠤᠬᠠᠶᠢᠯᠠᠭᠰᠠᠨ ᠠᠵᠢᠯ ᠤᠨ ᠴᠢᠳᠠᠪᠤᠷᠢ ᠲᠣᠪᠣᠶᠢᠮ᠎ᠠ | ᠤᠴᠢᠷ ᠠᠴᠠ ᠦᠨᠳᠦᠰᠦᠨ ᠱᠠᠲᠤᠨ ᠤ ᠪᠠᠶᠢᠴᠠᠭᠠᠯᠲᠠ ᠶᠢ ᠤᠭᠲᠤᠬᠤ ᠲᠥᠯᠥᠭᠡᠯᠡᠭᠴᠢ ᠪᠣᠯᠵᠤ᠂ ᠪᠦᠯᠬᠦᠮ ᠢᠶᠠᠨ | ᠳᠠᠭᠠᠭᠤᠯᠤᠨ ᠤᠯᠤᠰ ᠤᠨ ᠪᠠᠶᠢᠴᠠᠭᠠᠯᠲᠠ ᠳᠤ ᠣᠷᠣᠯᠴᠠᠵᠤ᠂ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ | ᠡᠮ ᠡᠮᠨᠡᠯᠭᠡ ᠶᠢᠨ ᠠᠵᠢᠯ ᠤᠨ ᠲᠡᠷᠢᠭᠦᠨ ᠤ ᠨᠢᠭᠡᠴᠡ ᠶᠢᠨ ᠴᠣᠯᠠ ᠬᠦᠷᠲᠡᠵᠡᠢ᠃ ᠳ᠋ᠦᠩ ᠱᠤ᠋ ᠴᠧᠩ ᠬᠤᠪᠢ ᠬᠥᠮᠥᠨ | ᠪᠠᠰᠠ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠤᠨ ᠰᠢᠰᠲ᠋ᠧᠮ ᠤᠨ ᠲᠡᠷᠢᠭᠦᠨ ᠤ ᠬᠤᠪᠢ ᠬᠥᠮᠥᠨ᠂ ᠰᠢᠯᠢᠳᠡᠭ ᠡᠪ | ᠬᠠᠮᠲᠤ ᠨᠠᠮ ᠤᠨ ᠭᠡᠰᠢᠭᠦᠨ᠂ ᠰᠢᠯᠢᠳᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ | ᠠᠶᠢᠮᠠᠭ ᠤᠨ ᠱᠠᠲᠤᠨ ᠤ ᠡᠷᠡᠭᠦᠯ ᠬᠠᠮᠠᠭᠠᠯᠠᠯ ᠤᠨ ᠮᠡᠷᠭᠡᠵᠢᠯ ᠤᠨ ᠴᠢᠳᠠᠪᠤᠷᠢᠲᠠᠨ᠂ ᠣᠷᠣᠨ ᠤ ᠱᠠᠲᠤᠨ ᠤ ᠡᠮᠴᠢ ᠶᠢᠨ | ᠮᠣᠷᠠᠯ ᠤᠨ ᠲᠡᠷᠢᠭᠦᠨ ᠤ ᠬᠤᠪᠢ ᠬᠥᠮᠥᠨ᠂ ᠥᠪᠥᠷ ᠮᠣᠩᠭᠤᠯ ᠤᠨ ᠰᠠᠶᠢᠨ ᠡᠮᠴᠢ᠂ ᠤᠯᠤᠰ ᠤᠨ ᠲᠠᠰ ᠤᠨ ᠪᠥᠬᠦ | ᠤᠯᠤᠰ ᠤᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠰᠢᠯᠢᠳᠡᠭ ᠳᠠᠷᠤᠭ᠎ᠠ ᠵᠡᠷᠭᠡ ᠣᠯᠠᠨ | ᠵᠦᠢᠯ ᠤᠨ ᠢᠷᠠᠭᠤ ᠠᠯᠳᠠᠷ ᠤᠨ ᠬᠥᠬᠢᠭᠦᠯᠦᠯ ᠢ ᠭᠥᠷᠳᠡᠭᠰᠡᠨ ᠪᠠᠶᠢᠨ᠎ᠠ᠃ | | ᠵᠡᠮᠳᠡᠭ ᠬᠥᠮᠥᠨ ᠪᠣᠯᠤᠭᠰᠠᠨ ᠤ ᠬᠤᠪᠢ ᠳᠤ᠂ ᠳ᠋ᠦᠩ ᠱᠤ᠋ ᠴᠧᠩ ᠨᠢᠭᠡᠨ ᠬᠥᠯ ᠨᠢᠴᠦᠭᠦᠨ ᠡᠮᠴᠢ ᠠᠴᠠ | ᠡᠷᠡᠭᠦᠯ ᠬᠠᠮᠠᠭᠠᠯᠠᠯ ᠤᠨ ᠬᠤᠷᠢᠶᠠᠨ ᠤ ᠳᠠᠷᠤᠭ᠎ᠠ ᠬᠦᠷᠲᠡᠯ᠎ᠡ᠂ ᠲᠡᠷᠡ ᠪᠠᠶᠠᠰᠤᠩᠭᠤᠢ ᠵᠣᠷᠢᠭ ᠪᠠ ᠲᠡᠰᠪᠦᠷᠢ | ᠬᠠᠲᠠᠭᠤᠵᠢᠯᠲᠠᠢ ᠪᠠᠷ ᠵᠡᠮᠳᠡᠭᠴᠦᠳ ᠲᠤ ᠬᠠᠷᠢᠶᠠᠯᠠᠭᠳᠠᠬᠤ ᠡᠷᠡᠯᠬᠡᠭᠯᠡᠨ ᠤᠷᠤᠭᠰᠢᠯᠠᠬᠤ ᠳᠠᠭᠤᠤ ᠶᠢ ᠪᠢᠴᠢᠭᠯᠡᠵᠦ᠂ | ᠠᠵᠢᠯ ᠦᠢᠯᠡᠰ ᠢᠶᠠᠨ ᠳᠡᠭᠡᠳᠦᠯᠡᠬᠦ ᠪᠠ ᠡᠮᠴᠢ ᠶᠢᠨ ᠡᠨᠡᠷᠢᠩᠭᠦᠢ ᠰᠡᠳᠬᠢᠯ ᠢ ᠪᠠᠷᠢᠮᠲᠠᠯᠠᠨ ᠦᠢᠯᠡᠳᠦᠯᠭᠡᠵᠢᠭᠦᠯᠬᠦ | ᠠᠮᠠᠯᠠᠯᠲᠠ ᠪᠠᠷ᠂ ᠬᠠᠯᠠᠭᠤᠨ ᠰᠡᠳᠬᠢᠯ ᠪᠠ ᠴᠠᠶᠢᠯᠭᠠᠨ ᠰᠡᠳᠬᠢᠯ ᠢᠶᠠᠷ ᠢᠶᠠᠨ ᠦᠨᠳᠦᠰᠦᠨ ᠱᠠᠲᠤᠨ ᠤ ᠠᠷᠠᠳ | ᠤᠯᠠᠨ ᠤ ᠡᠷᠡᠭᠦᠯ ᠮᠡᠨᠳᠤ ᠶᠢ ᠰᠠᠬᠢᠨ ᠬᠠᠮᠠᠭᠠᠯᠠᠵᠤ ᠪᠠᠶᠢᠯ᠎ᠠ᠃ | | | | | | |