ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭ᠎ᠠ ᠶᠢᠨ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠲᠤᠬᠠᠢ ᠸᠢᠳᠢᠤ᠋ ᠬᠤᠷᠠᠯ ᠬᠤᠷᠠᠯᠳᠤᠪᠠ ᠵᠧᠩ ᠬᠤᠩ ᠹᠠᠨ ᠬᠤᠷᠠᠯ ᠳᠤ ᠣᠷᠣᠯᠴᠠᠵᠦ ᠶᠠᠷᠢᠶ᠎ᠠ ᠲᠠᠯᠪᠢᠪᠠ ᠶᠠᠩ ᠶᠢᠨ ᠬᠤᠷᠠᠯ ᠢ ᠡᠷᠭᠢᠯᠡᠭᠰᠡᠨ ᠪᠥᠭᠡᠳ ᠳᠠᠶᠢᠴᠢᠯᠠᠯᠲᠠ ᠪᠠᠶᠢᠷᠢᠯᠠᠭᠤᠯᠤᠯᠲᠠ ᠬᠢᠵᠡᠢ
ᠨᠡᠶᠢᠲᠡᠯᠡᠭᠰᠡᠨ ᠴᠠᠭ᠄
2024/1/16
   1 ᠰᠠᠷ᠎ᠠ ᠶᠢᠨ 12 ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭ᠎ᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠲᠤᠬᠠᠢ ᠸᠢᠳᠢᠤ᠋ ᠬᠤᠷᠠᠯ ᠬᠤᠷᠠᠯᠳᠤᠪᠠ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭ᠎ᠠ ᠶᠢᠨ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠧᠩ ᠬᠤᠩ ᠹᠠᠨ ᠬᠤᠷᠠᠯ ᠳᠤ ᠣᠷᠣᠯᠴᠠᠬᠰᠡᠨ ᠪᠥᠭᠡᠳ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠣᠶᠣᠯ ᠤᠨ ᠥᠪ ᠢ ᠬᠠᠮᠠᠭᠠᠯᠠᠬᠤ ᠪᠣᠯ ᠪᠠᠰᠠ ᠴᠤ ᠵᠠᠰᠠᠭ ᠤᠨ ᠠᠵᠢᠯ ᠤᠨ ᠪᠦᠲᠦᠮᠵᠢ ᠪᠤᠯᠬᠤ ᠰᠢᠨᠵᠢᠯᠡᠬᠦ ᠤᠬᠠᠭᠠᠨᠴᠢ ᠣᠶᠢᠯᠠᠭᠠᠭᠳᠠᠬᠤᠨ ᠢ ᠪᠠᠲᠤ ᠴᠣᠭᠴᠠᠯᠠᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠨ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠤᠯᠠᠮᠵᠢᠯᠠᠬᠤ ᠶᠢ ᠲᠡᠷᠢᠭᠦᠨ ᠳᠤ ᠲᠠᠯᠪᠢᠬᠤ᠂ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠪᠠᠭᠤᠷᠢ᠂ ᠡᠷᠲᠡᠨ ᠤ ᠪᠠᠷᠢᠯᠭ᠎ᠠ᠂ ᠨᠠᠷᠠᠲᠤ ᠬᠤᠲᠠ ᠨᠠᠷᠠᠲᠤ ᠪᠠᠯᠭᠠᠰᠤ᠂ ᠲᠡᠦᠬᠡ ᠶᠢᠨ ᠵᠡᠭᠡᠯᠢ ᠲᠣᠭᠤᠷᠢᠭ᠂ ᠤᠯᠠᠮᠵᠢᠯᠠᠯᠲᠤ ᠬᠥᠳᠡᠭᠡ ᠲᠣᠰᠬᠤᠨ᠂ ᠰᠣᠶᠣᠯ ᠤᠨ ᠦᠵᠡᠮᠵᠢ ᠂ ᠪᠣᠳᠠᠰ ᠤᠨ ᠪᠤᠰᠤ ᠰᠣᠶᠣᠯ ᠤᠨ ᠥᠪ ᠵᠡᠷᠭᠡ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢ ᠠᠬᠢᠭᠤᠯᠵᠤ᠂ ᠶᠡᠭᠡ ᠬᠠᠮᠠᠭᠠᠯᠠᠯᠲᠠ ᠶᠢᠨ ᠪᠠᠶᠢᠷᠢᠰᠢᠯ ᠢ ᠪᠠᠶᠢᠭᠤᠯᠤᠨ᠂ ᠲᠡᠦᠬᠡ ᠰᠣᠶᠣᠯ ᠪᠠ ᠣᠲᠣ ᠦᠶ᠎ᠡ ᠶᠢᠨ ᠠᠮᠢᠳᠤᠷᠠᠯ ᠢ ᠨᠢᠭᠡ ᠴᠣᠭᠴᠠᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭ᠎ᠠ ᠶᠢᠨ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠠᠩ ᠶᠢᠨ ᠬᠤᠷᠠᠯ ᠢ ᠡᠷᠭᠢᠯᠡᠭᠰᠡᠨ ᠪᠥᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭ᠎ᠠ ᠶᠢᠨ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠳᠠᠶᠢᠴᠢᠯᠠᠯᠲᠠ ᠪᠠᠶᠢᠷᠢᠯᠠᠭᠤᠯᠤᠯᠲᠠ ᠬᠢᠵᠡᠢ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号