ᠣᠶᠢᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠤᠨ ᠨᠤᠲᠤᠭ ᠪᠡᠯᠴᠢᠭᠡᠷ ᠤᠨ ᠳᠠᠭᠠᠭᠠᠴᠠ ᠠᠴᠠ | ᠬᠡᠲᠦᠷᠡᠭᠦᠯᠦᠨ ᠮᠠᠯᠵᠢᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠦᠨᠡᠨ | ᠬᠦ ᠰᠢᠢᠳᠪᠦᠷᠢᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ | ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠲᠥᠰᠥᠯ︾ ︵ᠳᠣᠷᠣᠭᠰᠢ ︽ᠲᠤᠷᠰᠢᠯᠲᠠ ᠶᠢᠨ ᠲᠥᠰᠥᠯ | ︾ ᠭᠡᠵᠦ ᠲᠣᠪᠴᠢᠯᠠᠪᠠ︶ ᠢ ᠳᠠᠷᠤᠮᠠᠯᠯᠠᠨ ᠲᠠᠷᠬᠠᠭᠠᠬᠤ ᠶᠢᠨ ᠬᠠᠮᠲᠤ ᠨᠤᠲᠤᠭ ᠪᠡᠯᠴᠢᠭᠡᠷ ᠤᠨ ᠳᠠᠭᠠᠭᠠᠴᠠ ᠠᠴᠠ | ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠵᠡᠢ᠃ | ︽ᠲᠤᠷᠰᠢᠯᠲᠠ ᠶᠢᠨ ᠲᠥᠰᠥᠯ︾ ᠨᠢ ᠨᠡᠶᠢᠲᠡ 5 ᠲᠠᠯ᠎ᠠ 17 ᠵᠦᠢᠯ ᠤᠨ ᠪᠣᠳᠠᠲᠠᠢ ᠡᠭᠦᠷᠭᠡ ᠳᠤ | ᠬᠤᠯᠪᠣᠭᠳᠠᠨ᠎ᠠ᠃ ︽ᠤᠷᠢᠳ ᠢᠶᠠᠷ ᠲᠤᠷᠰᠢᠵᠤ᠂ ᠳᠠᠷᠠᠭ᠎ᠠ ᠨᠢ ᠬᠡᠷᠡᠭᠵᠢᠭᠦᠯᠬᠦ︾ ᠰᠡᠳᠬᠢᠮᠵᠢ ᠶᠣᠰᠣᠭᠠᠷ᠂ | ᠤᠷᠢᠳ ᠢᠶᠠᠷ 1 ᠵᠢᠯ ᠤᠨ ᠬᠤᠭᠤᠴᠠᠭᠠᠨ ᠳᠤ ᠠᠳᠠᠯᠢ ᠪᠤᠰᠤ ᠪᠡᠯᠴᠢᠭᠡᠷ ᠤᠨ ᠪᠠ ᠠᠵᠤ ᠠᠬᠤᠢ ᠶᠢᠨ ᠲᠥᠷᠥᠯ | ᠬᠡᠯᠪᠡᠷᠢ ᠶᠢᠨ ᠣᠷᠣᠨ ᠳᠤ ᠲᠤᠷᠰᠢᠬᠤ ᠪᠠᠷ ᠲᠥᠯᠥᠪᠯᠡᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ | ᠳᠣᠬᠢᠷᠠᠭᠤᠯᠬᠤ᠂ ᠨᠢᠭᠡ ᠭᠠᠵᠠᠷ ᠣᠷᠣᠨ ᠳᠤ ᠨᠢᠭᠡ ᠪᠣᠳᠣᠯᠭ᠎ᠠ ᠬᠡᠷᠡᠭᠵᠢᠭᠦᠯᠬᠦ ᠪᠠᠷ ᠨᠤᠲᠤᠭ ᠪᠡᠯᠴᠢᠭᠡᠷ ᠤᠨ | ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠵᠦ᠂ ᠲᠤᠷᠰᠢᠯᠭ᠎ᠠ ᠨᠤᠭᠤᠳ ᠢᠶᠠᠨ | ᠳ᠋ᠦᠩᠨᠡᠭᠰᠡᠨ ᠤ ᠳᠠᠷᠠᠭ᠎ᠠ ᠰᠠᠶ᠋ᠢ ᠪᠥᠬᠦ ᠲᠠᠯ᠎ᠠ ᠪᠠᠷ ᠳᠡᠯᠭᠡᠷᠡᠭᠦᠯᠦᠨ᠎ᠡ᠃ ᠨᠢᠭᠡ ᠳᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠨ᠂ ᠪᠠᠶᠢᠭᠠᠯᠢᠯᠢᠭ ᠨᠤᠲᠤᠭ ᠪᠡᠯᠴᠢᠭᠡᠷ ᠤᠨ ᠮᠠᠯ ᠪᠡᠯᠴᠢᠭᠡᠷ ᠢ ᠲᠡᠩᠴᠡᠭᠦᠷᠢᠰᠢᠬᠦᠯᠬᠦ ᠣᠷᠣᠨ ᠤ | ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢ | ᠬᠠᠮᠠᠭᠠᠯᠠᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠭᠤᠷᠪᠠᠨ | ᠲᠠᠯ᠎ᠠ ᠠᠴᠠ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠪᠣᠲᠠᠲᠠᠢ | ᠰᠢᠢᠳᠪᠦᠷᠢᠯᠡᠨ᠎ᠡ᠃ ᠬᠤᠶᠠᠷ ᠲᠤ᠂ ᠮᠠᠯᠵᠢᠬᠤ ᠣᠷᠣᠨ ᠤ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ | ᠬᠤᠪᠢᠷᠠᠭᠤᠯᠬᠤ ᠶᠢ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ | ᠰᠢᠢᠳᠪᠦᠷᠢᠯᠡᠬᠦ ᠭᠤᠣᠯ ᠠᠷᠭ᠎ᠠ ᠵᠠᠮ ᠪᠣᠯᠭᠠᠨ᠎ᠠ᠃ ᠬᠠᠰᠢᠶ᠎ᠠ ᠰᠠᠷᠠᠪᠴᠢ ᠰᠢᠨ᠎ᠡ ᠪᠠᠷ ᠪᠠᠶᠢᠭᠤᠯᠬᠤ᠂ ᠲᠠᠯ᠎ᠠ | ᠨᠤᠲᠤᠭ ᠤᠨ ᠮᠠᠯᠵᠢᠬᠤ ᠣᠷᠣᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠠᠬᠢᠭᠤᠯᠬᠤ ᠪᠠ | ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ | ᠬᠥᠭᠵᠢᠯᠲᠡ ᠶᠢᠨ 10 ᠵᠦᠢᠯ ᠤᠨ ᠵᠠᠭᠪᠤᠷ ᠢ ᠳᠡᠯᠭᠡᠷᠡᠭᠦᠯᠬᠦ ᠪᠠᠷ ᠳᠠᠮᠵᠢᠭᠤᠯᠤᠨ᠂ ᠪᠡᠯᠡᠳᠬᠡᠮᠵᠢᠲᠦ ᠮᠠᠯ ᠠᠵᠤ | ᠠᠬᠤᠢ ᠶᠢᠨ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠵᠦ᠂ ᠨᠤᠲᠤᠭ ᠪᠡᠯᠴᠢᠭᠡᠷ ᠳᠡᠭᠡᠷ᠎ᠡ ᠮᠡᠯᠵᠢᠬᠤ ᠮᠠᠯ ᠤᠨ | ᠲᠤᠭ᠎ᠠ ᠶᠢ ᠦᠨᠡᠨ ᠬᠦ ᠪᠠᠭᠠᠰᠬᠠᠨ᠎ᠠ᠃ ᠭᠤᠷᠪᠠ ᠳᠤ᠂ ︽ᠡᠪᠡᠰᠦᠨ ᠤ ᠢᠷᠡᠯᠲᠡ︾ ᠶᠢᠨ ᠠᠰᠠᠭᠤᠳᠠᠯ ᠢ | ᠰᠢᠢᠳᠪᠦᠷᠢᠯᠡᠬᠦ ᠶᠢ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ | ᠰᠢᠢᠳᠪᠦᠷᠢᠯᠡᠬᠦ ᠭᠤᠣᠯ ᠭᠠᠷᠴᠠ ᠪᠣᠯᠭᠠᠨ᠎ᠠ᠃ ᠲᠠᠷᠢᠮᠠᠯ ᠪᠡᠯᠴᠢᠭᠡᠷ ᠢ ᠬᠥᠭᠵᠢᠭᠦᠯᠬᠦ᠂ ᠡᠰᠢ ᠰᠦᠷᠡᠯ ᠢ ᠪᠣᠷᠳᠤᠭ᠎ᠠ | ᠪᠣᠯᠭᠠᠬᠤ ᠲᠦᠪᠰᠢᠨ ᠢ ᠳᠡᠭᠡᠭᠰᠢᠯᠡᠭᠦᠯᠬᠦ ᠪᠠ ᠡᠪᠡᠰᠦ ᠪᠣᠷᠳᠤᠭ᠎ᠠ ᠶᠢ ᠬᠠᠳᠠᠭᠠᠯᠠᠵᠤ ᠵᠥᠭᠡᠭᠡᠪᠦᠷᠢᠯᠡᠬᠦ ᠲᠣᠭᠲᠠᠯᠴᠠᠭ᠎ᠠ ᠶᠢ | ᠪᠦᠷᠢᠨᠰᠢᠭᠦᠯᠬᠦ ᠵᠡᠷᠭᠡ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠠᠨ ᠤ ᠣᠷᠣᠨ ᠤ ᠡᠪᠡᠰᠦ ᠪᠣᠷᠳᠣᠭᠠᠨ ᠤ | ᠬᠠᠩᠭᠠᠯᠭ᠎ᠠ ᠶᠢᠨ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠮᠠᠯ ᠠᠵᠤ | ᠠᠬᠤᠢ ᠶᠢᠨ ᠪᠠᠶᠢᠭᠠᠯᠢᠯᠢᠭ ᠨᠤᠲᠤᠭ ᠪᠡᠯᠴᠢᠭᠡᠷ ᠲᠤ ᠬᠡᠲᠦ ᠲᠦᠰᠢᠭᠯᠡᠳᠡᠭ ᠠᠰᠠᠭᠤᠳᠠᠯ ᠢ ᠰᠢᠢᠳᠪᠦᠷᠢᠯᠡᠨ᠎ᠡ᠃ | ᠳᠥᠷᠪᠡ ᠳᠤ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢ ᠨᠤᠲᠤᠭ ᠪᠡᠯᠴᠢᠭᠡᠷ ᠤᠨ ᠳᠠᠭᠠᠭᠠᠴᠠ ᠠᠴᠠ | ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠴᠢᠬᠤᠯᠠ ᠭᠠᠷᠳᠠᠴᠠ ᠪᠣᠯᠭᠠᠨ᠎ᠠ᠃ ᠰᠢᠯᠢᠳᠡᠭ ᠮᠠᠯ ᠢ | ᠰᠣᠩᠭᠤᠨ ᠪᠤᠶᠢᠵᠢᠭᠤᠯᠵᠤ ᠲᠥᠭᠡᠮᠡᠯᠵᠢᠯᠡᠭᠦᠯᠬᠦ᠂ ᠰᠢᠨᠵᠢᠯᠡᠬᠦ ᠤᠬᠠᠭᠠᠨᠴᠢ ᠪᠠᠷ ᠮᠠᠯᠵᠢᠬᠤ ᠮᠡᠷᠭᠡᠵᠢᠯ ᠤᠨ ᠪᠣᠯᠪᠠᠰᠤᠷᠠᠯ | ᠪᠠ ᠮᠠᠯ ᠤᠨ ᠠᠰᠢᠭ ᠰᠢᠮ᠎ᠡ ᠶᠢᠨ ᠨᠠᠷᠠᠲᠤ ᠲᠥᠷᠥᠯ ᠲᠡᠮᠳᠡᠭᠲᠦ ᠪᠠᠶᠢᠭᠤᠯᠬᠤ ᠵᠡᠷᠭᠡ ᠣᠯᠠᠨ ᠵᠦᠢᠯ ᠤᠨ ᠠᠵᠤ | ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ᠂ ᠲᠠᠷᠢᠮᠠᠯ ᠢ ᠲᠡᠵᠢᠭᠡᠪᠦᠷᠢ ᠳᠤ ᠬᠡᠷᠡᠭᠯᠡᠬᠦ | ᠨᠣᠷᠮ᠎ᠠ ᠪᠠ ᠮᠠᠯ ᠪᠦᠷᠢ ᠶᠢᠨ ᠮᠢᠬ᠎ᠠ ᠭᠠᠷᠬᠤ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠨᠢ ᠣᠯᠠᠨ | ᠲᠡᠵᠢᠭᠡᠵᠦ ᠪᠠᠶᠢᠭᠰᠠᠨ ᠠᠴᠠ ᠮᠦᠩᠭᠦ ᠢᠯᠡᠭᠦᠦ ᠣᠯᠬᠤ ᠲᠡᠶᠢᠰᠢ ᠬᠤᠪᠢᠷᠠᠭᠤᠯᠤᠨ᠎ᠠ᠃ ᠲᠠᠪᠤ ᠳᠤ᠂ ᠨᠤᠲᠤᠭ | ᠪᠡᠯᠴᠢᠭᠡᠷ ᠢ ᠬᠢᠨᠡᠨ ᠬᠠᠮᠢᠶᠠᠷᠬᠤ ᠲᠦᠪᠰᠢᠨ ᠢᠶᠠᠨ ᠳᠡᠭᠡᠭᠰᠢᠯᠡᠭᠦᠯᠬᠦ ᠶᠢ ᠨᠤᠲᠤᠭ ᠪᠡᠯᠴᠢᠭᠡᠷ ᠤᠨ ᠳᠠᠭᠠᠭᠠᠴᠠ ᠠᠴᠠ | ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠴᠢᠬᠤᠯᠠ ᠠᠷᠭ᠎ᠠ ᠪᠣᠯᠭᠠᠨ᠎ᠠ᠃ ᠨᠤᠲᠤᠭ ᠪᠡᠯᠴᠢᠭᠡᠷ ᠤᠨ | ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠶᠢ ᠦᠨᠡᠯᠡᠬᠦ ᠭᠦᠢᠴᠡᠳᠬᠡᠯ ᠲᠣᠭᠠᠨ ᠲᠣᠭᠲᠠᠯᠴᠠᠭ᠎ᠠ ᠶᠢ ᠪᠠᠶᠢᠭᠤᠯᠤᠨ | ᠪᠦᠷᠢᠨᠰᠢᠭᠦᠯᠬᠦ ᠪᠠᠷ ᠳᠠᠮᠵᠢᠭᠤᠯᠤᠨ᠂ ᠡᠬᠢ ᠪᠠᠶᠠᠯᠢᠭ ᠢ ᠠᠰᠢᠭᠯᠠᠬᠤ ᠬᠤᠷᠢᠭ᠎ᠠ ᠱᠤᠭᠤᠮ ᠢ ᠲᠣᠳᠣᠷᠬᠠᠶᠢᠯᠠᠵᠤ᠂ ᠡᠯ᠎ᠡ | ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠶᠢ ᠬᠢᠨᠡᠨ | ᠬᠠᠮᠢᠶᠠᠷᠬᠤ ᠪᠠᠨ ᠨᠡᠩ ᠴᠢᠩᠭᠠᠳᠬᠠᠨ᠎ᠠ᠃ | ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠦᠭᠰᠡᠨ ᠤ ᠳᠠᠷᠠᠭ᠎ᠠ᠂ ᠡᠯ᠎ᠡ ᠭᠠᠵᠠᠷ ᠨᠠᠷᠢᠨ ᠲᠠᠩᠰᠠᠲᠤ᠂ | ᠲᠦᠰᠦᠯᠲᠦ ᠬᠠᠮᠢᠶᠠᠷᠤᠯᠲᠠ ᠶᠢ ᠬᠡᠷᠡᠭᠵᠢᠭᠦᠯᠵᠦ᠂ ᠲᠥᠯᠥᠪᠯᠡᠭᠡ ᠶᠢᠨ ᠳᠠᠭᠠᠤ ᠠᠵᠢᠯᠯᠠᠬᠤ᠂ ᠬᠦᠰᠦᠨᠦᠭᠴᠢᠯᠡᠨ | ᠠᠬᠢᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ᠂ ᠲᠤᠷᠰᠢᠯᠲᠠ ᠶᠢᠨ ᠴᠡᠭ ᠤᠨ | ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠵᠤ ᠪᠠᠶᠢᠬᠤ ᠶᠢᠨ ᠬᠠᠮᠲᠤ ᠨᠢᠭᠡ ᠪᠦᠯᠦᠭ | ᠳᠡᠯᠭᠡᠷᠡᠭᠦᠯᠵᠦ᠂ ᠳᠠᠭᠤᠷᠢᠶᠠᠵᠤ ᠪᠣᠯᠬᠤᠶᠢᠴᠠ ᠥᠪᠥᠷ ᠮᠣᠩᠭᠤᠯ ᠤᠨ ᠲᠠᠯ᠎ᠠ ᠨᠤᠲᠤᠭ ᠤᠨ ᠮᠠᠯᠵᠢᠬᠤ ᠣᠷᠣᠨ ᠤ | ᠬᠥᠭᠵᠢᠯᠲᠡ ᠶᠢᠨ ᠪᠣᠳᠠᠲᠤ ᠪᠠᠶᠢᠳᠠᠯ ᠳᠤ ᠨᠡᠶᠢᠴᠡᠬᠦ ᠠᠮᠵᠢᠯᠲᠠᠲᠠᠢ ᠲᠤᠷᠰᠢᠯᠭ᠎ᠠ ᠪᠠ ᠵᠠᠭᠪᠤᠷ ᠢ ᠪᠣᠶ ᠪᠣᠯᠭᠠᠨ᠎ᠠ᠃ |