︽ᠮᠥᠰᠥ ᠴᠠᠰᠤᠨ ᠤ ᠴᠡᠩᠭᠡᠯ ᠤᠨ ᠬᠦᠷᠢᠶᠡᠯᠡᠩ︾ ᠳᠤ ᠰᠢᠨ᠎ᠡ ᠵᠢᠯ ᠤᠨ ᠪᠠᠶᠠᠷ ᠢ ᠪᠡᠯᠭᠡᠯᠡᠪᠡ
ᠨᠡᠶᠢᠲᠡᠯᠡᠭᠰᠡᠨ ᠴᠠᠭ᠄
2024/1/2
   ᠰᠢᠨ᠎ᠡ ᠵᠢᠯ ᠤᠨ ᠠᠮᠠᠷᠠᠯᠲᠠ ᠶᠢᠨ ᠬᠤᠭᠤᠴᠠᠭᠠᠨ ᠳᠤ᠂ ᠲᠦᠴᠢᠦᠸᠠᠨ ᠰᠢᠶᠠᠨ ᠤ ᠨᠠᠨ ᠬᠣ᠋ ᠨᠠᠭᠤᠷ ᠤᠨ ᠴᠡᠴᠡᠭ ᠤᠨ ᠲᠠᠯᠠᠢ ᠤᠯᠠᠭ᠎ᠠ ᠥᠷᠲᠡᠭᠡᠨ ᠳᠤ ᠪᠠᠶᠢᠭ᠎ᠠ ᠲᠦᠴᠢᠦᠸᠠᠨ ᠳᠤ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠳᠤ ᠬᠦᠷᠬᠦ ᠳᠤ᠂ ᠶᠠᠭ ᠯᠠ ᠮᠥᠰᠥ ᠴᠠᠰᠤᠨ ᠤ ᠶᠢᠷᠲᠢᠨᠴᠦ ᠳᠤ ᠣᠷᠣᠭᠰᠠᠨ ᠮᠡᠳᠤ᠂ ᠴᠥᠭᠡᠨ ᠪᠤᠰᠤ ᠵᠤᠭᠠᠴᠠᠭᠰᠠᠳ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠠᠪᠴᠢᠷᠠᠭᠰᠠᠨ ᠪᠠᠶᠠᠷ ᠪᠠᠶᠠᠰᠤᠯ ᠤᠨ ᠳᠤᠮᠳᠠ ᠰᠣᠭᠲᠣᠭᠤᠷᠠᠵᠤ ᠪᠠᠶᠢᠯ᠎ᠠ᠃ ᠲᠡᠳᠡᠨ ᠤ ᠳᠣᠲᠣᠷ᠎ᠠ ᠬᠠᠨᠢᠯᠠᠨ ᠢᠷᠡᠭᠰᠡᠨ ᠵᠠᠯᠠᠭᠤᠴᠤᠳ ᠪᠠᠶᠢᠬᠤ ᠪᠠᠷ ᠪᠠᠷᠠᠬᠤ ᠦᠭᠡᠢ ᠪᠠᠰᠠ ᠪᠠᠶᠠᠷ ᠬᠥᠷ ᠲᠠᠢ ᠨᠠᠭᠠᠳᠤᠵᠦ ᠪᠠᠶᠢᠭ᠎ᠠ ᠬᠡᠦᠬᠡᠳ ᠪᠠ ᠭᠡᠷ ᠤᠨ ᠠᠬᠠᠮᠠᠳ ᠴᠤ ᠪᠣᠶ᠃ ᠴᠠᠰᠤᠲᠤ ᠭᠠᠵᠠᠷ ᠤᠨ ᠮᠣᠲ᠋ᠣᠷ᠂ ᠴᠠᠰᠤᠲᠤ ᠭᠠᠵᠠᠷ ᠤᠨ ᠴᠠᠬᠢᠯᠭᠠᠨ ᠬᠥᠳᠡᠯᠭᠡᠭᠦᠷᠲᠦ ᠬᠡᠭᠡᠷᠡᠯᠡᠭᠴᠢ ᠲᠠᠩᠺ᠂ ᠬᠡᠦᠬᠡᠳ ᠤᠨ ᠴᠠᠰᠤ ᠲᠦᠯᠬᠢᠬᠦ ᠮᠠᠰᠢᠨ᠂ ᠳᠤᠭᠤᠢ ᠤᠨᠤᠬᠤ ᠵᠡᠷᠭᠡ ᠠᠯᠢ ᠣᠯᠠᠨ ᠵᠤᠭ᠎ᠠ ᠴᠡᠩᠭᠡᠯ ᠤᠨ ᠵᠦᠢᠯᠡᠰ ᠨᠢ ᠣᠯᠠᠨ ᠤ ᠡᠨᠡ ᠬᠦ ᠠᠮᠠᠷᠠᠯᠲᠠ ᠶᠢᠨ ᠬᠤᠭᠤᠴᠠᠭᠠᠨ ᠶᠢ ᠬᠦᠷ ᠬᠦᠭᠵᠢᠶᠡᠨ ᠲᠠᠢ ᠦᠩᠭᠡᠷᠡᠭᠦᠯᠦᠭᠰᠡᠨ ᠪᠠᠶᠢᠨ᠎ᠠ᠃ ᠴᠠᠪ ᠴᠠᠭᠠᠨ ᠴᠠᠰᠤᠨ ᠳᠤ ᠮᠥᠰᠥ ᠴᠠᠰᠤᠨ ᠤ ᠪᠠᠶᠠᠷ ᠴᠡᠩᠭᠡᠯ ᠢ ᠰᠣᠨᠢᠷᠬᠠᠨ ᠨᠠᠭᠠᠳᠴᠤ᠂ ᠰᠡᠯᠡᠭᠦᠴᠡᠨ ᠠᠮᠠᠷᠠᠬᠤ ᠶᠢᠨ ᠳᠠᠭᠠᠤ ᠳᠤ ᠠᠮᠠᠷᠠᠯᠲᠠ ᠶᠢᠨ ᠬᠤᠭᠤᠴᠠᠭᠠᠨ ᠳᠠᠭᠠᠨ ᠴᠤ ᠬᠢᠵᠠᠭᠠᠯᠠᠰᠢ ᠦᠭᠡᠢ ᠪᠠᠶᠠᠷ ᠪᠠᠭ᠋ᠠᠳᠤᠯ ᠢ ᠠᠪᠴᠢᠷᠠᠵᠤ ᠦᠭᠭᠦᠨ᠎ᠡ᠃
   ︽ᠰᠢᠨ᠎ᠡ ᠵᠢᠯ ᠤᠨ ᠠᠮᠠᠷᠠᠯᠲᠠ ᠲᠠᠯᠪᠢᠪᠠ᠂ ᠠᠪᠤ ᠡᠵᠢ ᠨᠠᠳᠠ ᠶᠢ ᠳᠠᠭᠠᠭᠤᠯᠵᠤ ᠠᠳᠡ ᠨᠠᠭᠠᠳᠬᠤ ᠪᠠᠷ ᠢᠷᠡᠪᠡ᠂ ᠠᠳᠡ ᠵᠤᠭ᠎ᠠ ᠴᠡᠩᠭᠡᠯ ᠤᠨ ᠲᠥᠬᠦᠭᠡᠷᠦᠮᠵᠢ ᠮᠠᠰᠢ ᠤᠯᠠᠨ᠂ ᠪᠢ ᠮᠠᠰᠢ ᠪᠠᠶᠠᠷ ᠲᠠᠢ ᠨᠠᠭᠠᠳᠤᠯ᠎ᠠ᠂ ᠳᠠᠷᠠᠭ᠎ᠠ ᠪᠠᠷ ᠠᠪᠤ ᠡᠵᠢ ᠨᠠᠳᠠ ᠶᠢ ᠳᠠᠭᠠᠭᠤᠯᠵᠤ ᠨᠠᠭᠠᠳᠬᠤ ᠪᠠᠷ ᠢᠷᠡᠬᠦ ᠶᠢ ᠬᠦᠰᠡᠵᠦ ᠪᠠᠶᠢᠨ᠎ᠠ︾ ᠭᠡᠵᠦ ᠵᠤᠭᠠᠴᠠᠭᠴᠢ ᠵᠤᠤ ᠽᠢ ᠮᠧᠩ ᠬᠡᠯᠡᠪᠡ᠃
   ᠵᠤᠭᠠᠴᠠᠭᠴᠢ ᠭᠤᠤ ᠷᠤ᠋ ᠢᠦᠢ ᠤᠤᠯ ᠨᠢ ᠰᠢᠨ᠎ᠡ ᠵᠢᠯ ᠤᠨ ᠠᠮᠠᠷᠠᠯᠲᠠ ᠶᠢᠨ ᠬᠤᠭᠤᠴᠠᠭᠠᠨ ᠳᠤ ᠭᠡᠷ ᠤᠨ ᠬᠥᠮᠥᠰ ᠢᠶᠠᠨ ᠳᠠᠭᠠᠭᠤᠯᠤᠨ ᠬᠠᠷᠪᠢᠨ ᠳᠤ ᠴᠠᠰᠤ ᠪᠠᠷ ᠨᠠᠭᠠᠳᠬᠤ ᠪᠠᠷ ᠣᠴᠢᠬᠤ ᠶᠢ ᠬᠦᠰᠡᠵᠦ ᠪᠠᠶᠢᠪᠠ᠂ ᠰᠦᠯᠵᠢᠶᠡᠨ ᠳᠡᠭᠡᠷ᠎ᠡ ᠠᠴᠠ ᠲᠦᠴᠢᠦᠸᠠᠨ ᠰᠢᠶᠠᠨ ᠳᠤ ᠪᠠᠰᠠ ᠥᠪᠡᠷ ᠤᠨ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠲᠠᠢ ᠪᠤᠯᠤᠭᠰᠠᠨ ᠢ ᠣᠯᠵᠤ ᠬᠠᠷᠠᠭᠠᠳ᠂ ᠲᠤᠷᠰᠢᠵᠤ ᠦᠵᠡᠬᠦ ᠰᠡᠳᠬᠢᠯ ᠪᠠᠷ ᠬᠡᠦᠬᠡᠳ ᠢᠶᠠᠨ ᠳᠠᠭᠠᠭᠤᠯᠤᠨ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠳᠤ ᠢᠷᠡᠵᠡᠢ᠃
   ︽ᠪᠢᠳᠡ ᠴᠤᠤᠷᠢᠶ᠎ᠠ ᠲᠠᠪᠴᠠᠩ ᠳᠤ ᠡᠨᠡ ᠬᠦ ᠴᠡᠩᠭᠡᠯ ᠤᠨ ᠬᠦᠷᠢᠶᠡᠯᠡᠩ ᠢ ᠣᠯᠵᠤ ᠬᠠᠷᠠᠭᠰᠠᠨ ᠶᠤᠮ᠂ ᠠᠳᠡ ᠢᠷᠡᠵᠦ ᠨᠠᠭᠠᠳᠤᠭᠰᠠᠨ ᠨᠢ ᠦᠨᠡᠬᠡᠷ ᠬᠤᠭᠤᠰᠤᠨ ᠶᠠᠪᠤᠳᠠᠯ ᠪᠢᠰᠢ᠂ ᠭᠠᠳᠠᠨ᠎ᠠ ᠣᠷᠣᠨ ᠤ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠠᠴᠠ ᠵᠢᠭᠠᠬᠠᠨ ᠴᠤ ᠵᠦᠷᠢᠶ᠎ᠡ ᠦᠭᠡᠢ ᠶᠤᠮ᠂ ᠬᠡᠦᠬᠡᠳ ᠤᠳ ᠮᠠᠰᠢ ᠪᠠᠶᠠᠷ ᠬᠥᠷ ᠲᠠᠢ᠂ ᠮᠠᠰᠢ ᠰᠠᠶᠢᠬᠠᠨ ᠨᠠᠭᠠᠳᠤᠭᠰᠠᠨ ᠶᠤᠮ︾ ᠭᠡᠵᠦ ᠵᠤᠭᠠᠴᠠᠭᠴᠢ ᠭᠤᠤ ᠷᠤ᠋ ᠢᠦᠢ ᠬᠡᠯᠡᠪᠡ᠃
   ᠲᠦᠴᠢᠦᠸᠠᠨ ᠤ ᠰᠠᠭᠤᠭᠳᠠᠯ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠤᠨ ᠬᠢᠨ ᠤᠯᠠᠨ ᠵᠦᠢᠯ ᠤᠨ ᠰᠤᠭᠳᠤᠭᠤᠷᠠᠮᠠᠯ ᠮᠠᠶ᠋ᠢᠭ ᠤᠨ᠂ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ ᠵᠤᠭᠠᠴᠠᠯ ᠤᠨ ᠦᠢᠯᠡᠰ ᠤᠨ ᠪᠠᠶᠢᠳᠠᠯ ᠢ ᠴᠢᠷᠮᠠᠶᠢᠨ ᠡᠭᠦᠳᠴᠦ᠂ ᠤᠯᠠᠮ ᠠᠴᠠ ᠤᠯᠠᠮ ᠤᠯᠠᠨ ᠠᠷᠠᠳ ᠢᠷᠭᠡᠳ ᠠᠮᠠᠷᠠᠯᠲᠠ ᠶᠢᠨ ᠬᠤᠭᠤᠴᠠᠭᠠᠨ ᠳᠤ ᠡᠷᠬᠢᠨ ᠲᠣᠭᠤᠷᠢᠨ ᠢᠶᠠᠷ ᠵᠤᠭᠠᠴᠠᠵᠤ᠂ ᠬᠠᠬᠢᠷ ᠬᠦᠢᠲᠡᠨ ᠡᠪᠦᠯ ᠤᠨ ᠤᠯᠠᠷᠢᠯ ᠳᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠠᠴᠠ ᠪᠣᠯᠤᠭᠰᠠᠨ ᠪᠠᠶᠠᠷ ᠪᠠᠭ᠋ᠠᠳᠤᠯ ᠢ ᠪᠡᠶᠡᠴᠢᠯᠡᠨ ᠣᠶᠢᠯᠠᠭᠠᠵᠤ᠂ ᠴᠠᠰᠤᠨ ᠲᠠᠯᠠᠪᠠᠢ ᠳᠠᠬᠢ ᠪᠠᠶᠠᠷ ᠪᠠᠭ᠋ᠠᠳᠤᠯ ᠪᠠ ᠣᠷᠭᠢᠯᠤᠮ᠎ᠠ ᠰᠡᠳᠬᠢᠯᠭᠡ ᠶᠢ ᠣᠶᠢᠯᠠᠭᠠᠵᠤ ᠪᠠᠶᠢᠨ᠎ᠠ᠃    ︽ᠮᠠᠨ ᠤ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠤᠨ ᠬᠢᠨ ᠠᠵᠢᠯ ᠡᠬᠢᠯᠡᠭᠰᠡᠨ ᠠᠴᠠ ᠨᠠᠰᠢ᠂ ᠨᠢᠭᠡᠨᠲᠡ 500 ᠭᠠᠷᠤᠢ ᠬᠥᠮᠥᠨ ᠤᠳᠠᠭ᠎ᠠ ᠵᠤᠭᠠᠴᠠᠭᠰᠠᠳ ᠢ ᠭᠥᠯᠢᠶᠡᠨ ᠠᠪᠴᠤ ᠵᠣᠴᠢᠯᠠᠵᠠᠢ᠂ ᠰᠢᠨ᠎ᠡ ᠵᠢᠯ ᠤᠨ ᠠᠮᠠᠷᠠᠯᠲᠠ ᠶᠢᠨ ᠬᠤᠭᠤᠴᠠᠭᠠᠨ ᠳᠤ ᠵᠤᠭᠠᠴᠠᠨ ᠨᠠᠭᠠᠳᠬᠤ ᠵᠤᠭᠠᠴᠠᠭᠰᠠᠳ ᠣᠨᠴᠠᠭᠠᠶ ᠣᠯᠠᠨ᠂ ᠡᠳᠦᠷ ᠪᠦᠷᠢ ᠪᠠᠷᠤᠭ 200 ᠭᠠᠷᠤᠢ ᠬᠥᠮᠥᠨ ᠪᠠᠶᠢᠨ᠎ᠠ᠂ ᠲᠠᠷᠠᠭᠠᠴᠢ ᠶᠢᠨ ᠠᠯᠬᠤᠮ ᠳᠤ ᠪᠢᠳᠡ ᠮᠥᠰᠥ ᠴᠠᠰᠤᠨ ᠤ ᠵᠤᠭ᠎ᠠ ᠴᠡᠩᠭᠡᠯ ᠤᠨ ᠲᠥᠬᠦᠭᠡᠷᠦᠮᠵᠢ ᠶᠢ ᠨᠠᠩ ᠣᠯᠠᠨ ᠨᠡᠮᠡᠬᠦ ᠪᠠᠷ ᠪᠡᠯᠡᠳᠬᠡᠵᠦ ᠪᠠᠶᠢᠬᠤ ᠪᠥᠭᠡᠳ ᠰᠥᠨᠢ ᠶᠢᠨ ᠡᠵᠡᠩᠨᠡᠯᠲᠡ ᠪᠠᠨ ᠴᠢᠯᠦᠭᠡᠲᠡᠢ ᠪᠣᠯᠭᠠᠵᠤ᠂ ᠴᠠᠭᠠᠨ ᠰᠠᠷ᠎ᠠ ᠶᠢᠨ ᠪᠠᠶᠠᠷ ᠲᠤ ᠪᠡᠯᠡᠳᠬᠡᠯ ᠬᠢᠬᠦ ᠪᠠᠷ ᠪᠡᠯᠡᠳᠬᠡᠵᠦ ᠪᠠᠶᠢᠨ᠎ᠠ︾ ᠭᠡᠵᠦ ᠲᠦᠴᠢᠦᠸᠠᠨ ᠤ ᠰᠠᠭᠤᠭᠳᠠᠯ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠤᠨ ᠳᠠᠭᠠᠭᠠᠮᠠᠯ ᠵᠠᠩ ᠵᠢᠶᠠᠨ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号