2023 ᠣᠨ ᠤ ᠲᠦᠴᠢᠦᠸᠠᠨ ᠰᠢᠶᠠᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2024/1/24
   ᠬᠤᠰᠢᠭᠤ ᠰᠢᠶᠠᠨ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2023 ᠣᠨ ᠤ ᠲᠦᠴᠢᠦᠸᠠᠨ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 100.43 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 4.1% ᠪᠠᠷ ᠨᠡᠮᠡᠭᠳᠡᠪᠡ᠃ ᠨᠡᠮᠡᠭᠳᠡᠯ ᠤᠨ ᠬᠤᠷᠳᠤᠴᠠ  ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠵᠢᠷᠭᠤᠳᠤᠭᠠᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 5.6︶᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 38.26 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.5% ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 30.85 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.8% ᠪᠠᠷ ᠪᠠᠭᠤᠷᠠᠪᠠ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 31.32 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.9% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ ᠨᠢ 38.10᠄ 30.72᠄ 31.18 ᠪᠣᠯᠣᠨ᠎ᠠ᠃   2023 ᠣᠨ ᠳᠤ ᠲᠦᠴᠢᠦᠸᠠᠨ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 27.2% ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠵᠢᠷᠭᠤᠳᠤᠭᠠᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 0.2%︶᠃    2023 ᠣᠨ ᠳᠤ ᠲᠦᠴᠢᠦᠸᠠᠨ ᠰᠢᠶᠠᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠡᠶᠡᠯᠡᠭᠦᠯᠦᠭᠰᠡᠨ ᠲᠤᠭ᠎ᠠ ᠠᠳᠠᠯᠢ ᠬᠤᠭᠤᠴᠠᠭᠠᠨ ᠤ ᠬᠢ ᠠᠴᠠ 3.0% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠲᠠᠪᠤᠳᠤᠭᠠᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 17.9%︶᠃    2023 ᠣᠨ ᠳᠤ ᠲᠦᠴᠢᠦᠸᠠᠨ ᠰᠢᠶᠠᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 138841.4 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8%  ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠭᠤᠷᠪᠠᠳᠤᠭᠠᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 3.9%︶᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号