ᠪᠦᠦ ᠱᠢ ᠪᠠᠯᠭᠠᠰᠤ ︽ᠳᠠᠪᠠᠭᠠᠨ ᠳᠠᠬᠢ ᠬᠢᠩᠭᠠᠨ ︿ᠰᠣᠶᠣᠯ﹀ ᠢᠶᠠᠷ ᠤᠮᠠᠷᠠᠲᠤ ᠬᠢᠯᠢ ᠶᠢ ᠳᠤᠯᠠᠭᠠᠴᠠᠭᠤᠯᠬᠤ︾ ᠵᠢᠴᠢ ︽ᠬᠥᠳᠡᠭᠡ ᠲᠣᠰᠬᠤᠨ ᠤ ᠬᠦᠰᠡᠯ ᠵᠡᠭᠦᠳᠦ ᠪᠠᠨ ᠲᠡᠷᠭᠡᠯᠰᠢᠭᠦᠯᠬᠦ · ᠮᠠᠨ ᠤ ᠲᠠᠪᠴᠠᠩ︾ ᠲᠠᠷᠢᠶᠠᠴᠢᠨ ᠤ ᠤᠳᠬ᠎ᠠ ᠤᠷᠠᠯᠢᠭ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/1/29
   ᠣᠶᠢᠷ᠎ᠠ ᠳᠤ᠂ ᠪᠦᠦ ᠱᠢ ᠪᠠᠯᠭᠠᠰᠤ ︽ᠳᠠᠪᠠᠭᠠᠨ ᠳᠠᠬᠢ ᠬᠢᠩᠭᠠᠨ ︿ᠰᠣᠶᠣᠯ﹀ ᠢᠶᠠᠷ ᠤᠮᠠᠷᠠᠲᠤ ᠬᠢᠯᠢ ᠶᠢ ᠳᠤᠯᠠᠭᠠᠴᠠᠭᠤᠯᠬᠤ︾ ᠵᠢᠴᠢ ︽ᠬᠦᠰᠡᠯ ᠵᠡᠭᠦᠳᠦ ᠪᠠᠨ ᠲᠡᠷᠭᠡᠯᠰᠢᠭᠦᠯᠬᠦ · ᠮᠠᠨ ᠤ ᠲᠠᠪᠴᠠᠩ︾ ᠲᠠᠷᠢᠶᠠᠴᠢᠨ ᠤ ᠤᠷᠠᠨ ᠰᠠᠶᠢᠬᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠦ ᠱᠢ ᠪᠠᠯᠭᠠᠰᠤᠨ ᠤ ᠳ᠋ᠦᠩ ᠭᠧᠦ ᠲᠣᠰᠬᠤᠨ ᠳᠤ ᠭᠤᠶᠢᠳᠠ ᠰᠠᠶᠢᠬᠠᠨ ᠲᠣᠭᠯᠠᠪᠠ᠃
   ᠠᠵᠢᠯᠯᠠᠭ᠎ᠠ ᠶᠢᠨ ᠠᠬᠤᠢ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠢᠶᠠᠷ ᠪᠢᠯᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠨᠢᠭᠡ ᠲᠠᠩᠬᠢᠮ ᠳᠤ ᠴᠤᠭᠯᠠᠷᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠨᠦᠭᠦᠳ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠳᠠᠯ ᠢᠯᠡᠷᠡᠨ᠎ᠡ᠃ ᠲᠠᠶᠢᠰᠠᠨ ᠳᠡᠭᠡᠷ᠎ᠡ᠂ ᠳ᠋ᠦᠩ ᠭᠧᠦ ᠲᠣᠰᠬᠤᠨ ᠤ ᠤᠯᠠᠭᠠᠨᠮᠥ᠋ᠴᠢᠷ ᠤᠨ ᠪᠠᠭ᠎ᠠ ᠠᠩᠭᠢ ᠶᠢᠨ ᠭᠡᠰᠢᠭᠦᠳ ᠳᠡᠰ ᠳᠠᠷᠠᠭ᠎ᠠ ᠪᠠᠷ ︽ᠸᠠᠩ ᠵᠢᠶᠠᠩ︾᠂ ︽ᠬᠤᠷᠢᠨ ᠳᠥᠷᠪᠡ︾᠂ ᠬᠤᠶᠠᠷ ᠬᠦᠮᠦᠨ ᠤ ᠵᠦᠴᠦᠭᠡ ︽ᠠᠶᠢᠯ ᠲᠣᠭᠤᠷᠢᠬᠤ︾᠂ ︽ᠲᠠᠯᠠᠪᠠᠢ ᠶᠢᠨ ᠪᠥᠵᠢᠭ︾᠂ ᠵᠢᠭᠠᠨ ᠰᠤᠷᠭᠠᠵᠦ ᠬᠠᠪᠰᠤᠷᠬᠤ ᠪᠦᠵᠢᠭ ︽ᠡᠭᠦᠷᠭᠡ ᠬᠠᠷᠢᠭᠤᠴᠠᠯᠭ᠎ᠠ︾ ᠵᠡᠷᠭᠡ ᠠᠯᠢ ᠤᠯᠠᠨ ᠲᠣᠭᠯᠠᠯᠲᠠ ᠶᠢ ᠲᠣᠭᠯᠠᠵᠤ᠂ ᠭᠤᠶᠢᠳᠠ ᠰᠠᠶᠢᠬᠠᠨ ᠲᠣᠭᠯᠠᠯᠲᠠ ᠪᠠ ᠭᠤᠶᠢᠳᠠ ᠰᠠᠶᠢᠬᠠᠨ ᠪᠥᠵᠢᠭ ᠤᠨ ᠳᠦᠷᠢ ᠪᠠᠷ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠤᠷᠬᠢᠯ ᠳᠤᠨᠢ ᠬᠦᠷᠭᠡᠵᠦ᠂ ᠲᠤᠬᠠᠢ ᠶᠢᠨ ᠲᠠᠯᠠᠪᠠᠢ ᠶᠢᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠃    ︽ᠥᠨᠥᠳᠥᠷ ᠤᠨ ᠤᠷᠠᠨ ᠰᠠᠶᠢᠬᠠᠨ ᠤ ᠠᠵᠢᠯᠯᠠᠭ᠎ᠠ ᠲᠡᠭᠦᠰ ᠠᠮᠵᠢᠯᠲᠠ ᠣᠯᠪᠠ᠂ ᠪᠢ ᠡᠨᠡ ᠤᠳᠠᠭᠠᠨ ᠤ ᠲᠣᠭᠯᠠᠯᠲᠠ ᠳᠤ ᠣᠷᠣᠯᠴᠠᠭᠰᠠᠨ ᠳᠠᠭᠠᠨ ᠮᠠᠰᠢ ᠠᠵᠠᠲᠠᠢ ᠰᠠᠨᠠᠭᠳᠠᠵᠤ ᠪᠠᠶᠢᠨ᠎ᠠ᠂ ᠠᠵᠢᠯᠯᠠᠭᠠᠨ ᠤ ᠳᠤᠮᠳᠠ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠦᠵᠡᠵᠦ ᠰᠣᠨᠢᠷᠬᠠᠬᠤ ᠳᠤᠷᠠᠲᠠᠢ ᠲᠣᠭᠯᠠᠯᠲᠠ ᠶᠢ ᠠᠪᠴᠢᠷᠠᠭᠰᠠᠨ ᠢᠶᠠᠷ ᠪᠠᠷᠠᠬᠤ ᠦᠭᠡᠢ᠂ ᠪᠠᠰᠠ ᠤᠳᠠᠭ᠎ᠠ ᠪᠦᠷᠢ ᠶᠢᠨ ᠲᠣᠭᠯᠠᠯᠲᠠ ᠶᠢᠨ ᠳᠤᠮᠳᠠ ᠲᠣᠭᠯᠠᠬᠤ ᠮᠡᠷᠭᠡᠵᠢᠯ  ᠢᠶᠠᠨ ᠳᠡᠭᠡᠭᠰᠢᠯᠡᠭᠦᠯᠵᠦ᠂ ᠥᠪᠡᠷ ᠤᠨ ᠪᠠᠨ ᠳᠠᠪᠠᠵᠤ ᠴᠢᠳᠠᠬᠤ ᠪᠣᠯᠤᠭᠰᠠᠨ ᠪᠠᠶᠢᠨ᠎ᠠ︾ ᠭᠡᠵᠦ ᠲᠣᠭᠯᠠᠯᠲᠠ ᠳᠤ ᠣᠷᠣᠯᠴᠠᠬᠤ ᠪᠠᠷ ᠢᠷᠡᠭᠰᠡᠨ ᠪᠥᠵᠢᠭᠴᠢᠨ ᠯᠢᠦ ᠰᠢᠸ ᠯᠢ ᠢᠨᠢᠶᠡᠨ ᠬᠡᠯᠡᠪᠡ᠃
   ᠳᠠᠷᠠᠭᠠᠴᠢ ᠶᠢᠨ ᠠᠯᠬᠤᠮ ᠳᠤ᠂ ᠪᠦᠦ ᠱᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠥᠳᠡᠭᠡ ᠲᠣᠰᠬᠤᠨ ᠤ ᠰᠣᠶᠣᠯ ᠤᠨ ᠦᠢᠯᠡᠰ ᠢ ᠦᠷᠭᠦᠯᠵᠢᠯᠡᠨ ᠠᠬᠢᠭᠤᠯᠵᠤ᠂ ᠨᠡᠩ ᠰᠠᠶᠢᠨ ᠤᠳᠬ᠎ᠠ ᠤᠷᠠᠯᠢᠭ ᠤᠨ ᠪᠦᠲᠦᠭᠡᠯ ᠢ ᠡᠭᠦᠳᠴᠦ᠂ ᠦᠨᠳᠦᠰᠦᠨ ᠱᠠᠲᠤᠨ ᠤ ᠤᠯᠠᠨ ᠲᠦᠮᠡᠨ ᠳᠤ ᠢᠯᠡᠷᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠪᠣᠳᠠᠲᠠᠢ ᠪᠠᠷ ᠭᠦᠨᠵᠡᠭᠡᠶᠢᠷᠡᠬᠦ ᠶᠢ ᠲᠠᠰᠤᠷᠠᠯᠲᠠ ᠦᠭᠡᠢ ᠠᠬᠢᠭᠤᠯᠬᠤ ᠪᠣᠯᠣᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号