ᠲᠠᠢ ᠫᠢᠩ ᠭᠤᠣᠯ ᠪᠠᠭ᠎ᠠ ᠰᠤᠷᠭᠠᠭᠤᠯᠢ᠄ ᠲᠦᠴᠢᠦᠸᠠᠨ ᠤ ᠭᠠᠷ ᠡᠭᠦᠳᠦᠯᠲᠡ ᠶᠢᠨ ᠭᠠᠵᠠᠷ ︽ᠺᠠᠷᠲ ᠪᠦᠷᠢᠳᠭᠡᠭᠦᠯᠵᠦ︾ ᠪᠣᠳᠠᠰ ᠤᠨ ᠪᠤᠰᠤ ᠰᠣᠶᠣᠯ ᠤᠨ ᠥᠪ ᠤᠨ ᠰᠤᠳᠤᠯᠭᠠᠨ ᠤ ᠬᠠᠪᠤ ᠴᠡᠩᠭᠡᠯ ᠢ ᠭᠦᠢᠴᠡᠳ ᠡᠳ᠋ᠯᠡᠨ᠎ᠡ
ᠨᠡᠶᠢᠲᠡᠯᠡᠭᠰᠡᠨ ᠴᠠᠭ᠄
2024/1/3
   ︽ᠵᠤᠭᠠᠴᠠᠯ +︾ ᠶᠢᠨ ᠴᠠᠭ ᠦᠶ᠎ᠡ ᠬᠦᠷᠴᠦ ᠢᠷᠡᠬᠦ ᠶᠢ ᠳᠠᠭᠠᠯᠳᠤᠨ᠂ ᠰᠤᠳᠤᠯᠤᠨ ᠰᠤᠷᠤᠯᠴᠠᠬᠤ ᠵᠤᠭᠠᠴᠠᠯ  ᠨᠢ ᠨᠢᠭᠡᠨᠲᠡ ᠰᠣᠶᠣᠯ ᠵᠤᠭᠠᠴᠠᠯ ᠤᠨ ᠠᠵᠤ ᠦᠢᠯᠡᠰ ᠤᠨ ᠠᠭᠤᠰᠤᠯᠴᠠᠯ ᠢ ᠠᠬᠢᠭᠤᠯᠬᠤ᠂ ᠵᠤᠭᠠᠴᠠᠯ ᠤᠨ ᠠᠵᠤ ᠦᠢᠯᠡᠰ ᠤᠨ ᠰᠢᠰᠲ᠋ᠧᠮ ᠢ ᠪᠦᠷᠢᠨᠰᠢᠭᠦᠯᠬᠦ ᠴᠢᠬᠤᠯᠠ ᠠᠴᠢᠶᠠᠯᠠᠪᠤᠷᠢ ᠪᠣᠯᠤᠭᠰᠠᠨ ᠪᠠᠶᠢᠨ᠎ᠠ᠃ ᠦᠢᠷ᠎ᠠ ᠳᠤ᠂ ᠲᠦᠴᠢᠦᠸᠠᠨ ᠰᠢᠶᠠᠨ ᠤ ᠲᠠᠢ ᠫᠢᠩ ᠭᠤᠣᠯ ᠪᠠᠭ᠎ᠠ ᠰᠤᠷᠭᠠᠭᠤᠯᠢ ᠶᠢᠨ ᠰᠤᠷᠤᠭᠴᠢᠳ ︽ᠯᠢ ᠴᠢᠤᠸᠠᠨ ᠤ ᠦᠯᠢᠭᠡᠷ ᠲᠦᠴᠢᠦᠸᠠᠨ ᠤ ᠭᠠᠷ ᠡᠭᠦᠳᠦᠯᠲᠡ︾ ᠲᠦᠴᠢᠦᠸᠠᠨ ᠰᠢᠶᠠᠨ ᠤ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ ᠣᠷᠳᠣᠨ ᠳᠤ ᠬᠦᠷᠴᠦ ᠲᠦᠴᠢᠦᠸᠠᠨ ᠤ ᠪᠣᠳᠠᠰ ᠤᠨ ᠪᠤᠰᠤ ᠰᠣᠶᠣᠯ ᠤᠨ ᠷᠢᠳᠢ ᠰᠢᠳᠢ ᠶᠢ ᠣᠶᠢᠯᠠᠭᠠᠵᠤ᠂ ᠲᠦᠴᠢᠦᠸᠠᠨ ᠤ ᠰᠢᠯᠢᠳᠡᠭ ᠠᠷᠠᠳ ᠤᠨ ᠵᠠᠩ ᠦᠢᠯᠡ ᠶᠢᠨ ᠰᠣᠶᠣᠯ ᠢ  ᠤᠯᠠᠮᠵᠢᠯᠠᠨ᠎ᠠ᠃
   ᠠᠵᠢᠯᠯᠠᠭ᠎ᠠ ᠶᠢᠨ ᠳᠤᠮᠳᠠ᠂  ᠲᠠᠢ ᠫᠢᠩ ᠭᠤᠣᠯ ᠪᠠᠭ᠎ᠠ ᠰᠤᠷᠭᠠᠭᠤᠯᠢ ᠶᠢᠨ ᠰᠤᠷᠤᠭᠴᠢᠳ ᠦᠵᠡᠭᠦᠯᠦᠯᠭᠡ ᠶᠢᠨ ᠣᠷᠳᠣᠨ ᠢ ᠲᠣᠭᠤᠷᠢᠨ ᠦᠵᠡᠵᠦ᠂ ᠬᠤᠪᠢᠰᠬᠠᠯ ᠤᠨ ᠦᠯᠢᠭᠡᠷ ᠢ ᠰᠣᠨᠣᠰᠴᠤ᠂ ︽ᠭᠤᠷᠪᠠᠨ ᠦᠰᠦᠭᠲᠦ ᠨᠣᠮ︾ ᠢ ᠤᠩᠰᠢᠵᠤ᠂ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠢ ᠰᠤᠷᠤᠯᠴᠠᠵᠤ᠂ ᠬᠡᠦᠬᠡᠳ ᠤᠳ ᠲᠤ ᠵᠤᠭᠠᠴᠠᠨ ᠨᠠᠭᠠᠳᠬᠤ ᠳᠤᠮᠳᠠ ᠲᠡᠦᠬᠡ ᠶᠢ ᠣᠶᠢᠯᠠᠭᠠᠭᠤᠯᠵᠤ᠂ ᠶᠠᠪᠤᠵᠤ ᠪᠠᠶᠢᠭ᠎ᠠ ᠳᠤᠮᠳᠠ ᠰᠣᠶᠣᠯ ᠢ ᠮᠡᠳᠡᠷᠡᠭᠦᠯᠵᠦ᠂ ᠤᠯᠠᠮᠵᠢᠯᠠᠯᠲᠤ ᠰᠣᠶᠣᠯ ᠤᠨ ᠲᠤᠬᠠᠢ ᠣᠶᠢᠯᠠᠭᠠᠯᠲᠠ ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠤᠯᠤᠰ ᠢᠶᠠᠨ ᠬᠠᠶᠢᠷᠠᠯᠠᠬᠤ ᠦᠵᠡᠯ ᠪᠣᠯᠣᠨ ᠬᠤᠪᠢᠰᠬᠠᠯ ᠤᠨ ᠰᠣᠶᠣᠯ ᠤᠨ ᠤᠬᠢᠶᠠᠯ ᠬᠦᠷᠲᠡᠭᠡᠵᠦ᠂ ᠬᠡᠦᠬᠡᠳ ᠤᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠪᠣᠯᠣᠨ ᠦᠨᠳᠦᠰᠦᠲᠡᠨ ᠤ ᠣᠮᠣᠭᠰᠢᠯᠲᠤ ᠰᠡᠳᠬᠢᠯᠭᠡ ᠶᠢ ᠪᠦᠲᠦᠮᠵᠢᠲᠡᠢ ᠬᠥᠮᠥᠵᠢᠭᠦᠯᠵᠡᠢ᠃    ︽ᠡᠨᠡ ᠪᠣᠯ ᠮᠢᠨᠤ ᠠᠩᠬ᠎ᠠ ᠤᠳᠠᠭ᠎ᠠ ᠡᠶᠢᠮᠦᠷᠬᠦ ᠰᠤᠳᠤᠯᠭᠠᠨ ᠤ ᠠᠵᠢᠯᠯᠠᠭ᠎ᠠ ᠳᠤ ᠣᠷᠣᠯᠴᠠᠵᠤ ᠪᠠᠶᠢᠭ᠎ᠠ ᠶᠠᠪᠤᠳᠠᠯ ᠪᠣᠯᠣᠨ᠎ᠠ᠂ ᠪᠢ ᠲᠤᠶᠢᠯ ᠢᠶᠠᠷ ᠰᠡᠳᠬᠢᠯ ᠬᠥᠳᠡᠯᠵᠦ᠂ ᠲᠤᠶᠢᠯ ᠢᠶᠠᠷ ᠪᠠᠶᠠᠷᠯᠠᠵᠤ ᠪᠠᠶᠢᠨ᠎ᠠ᠂ ᠠᠳᠡᠬᠢ ᠶᠢᠨ ᠪᠠᠭᠰᠢ ᠪᠢᠳᠡᠨ ᠳᠤ ᠴᠠᠭᠠᠰᠤᠨ ᠬᠠᠶᠢᠴᠢᠯᠠᠮᠠᠯ ᠢ ᠶᠠᠭᠠᠬᠢᠵᠤ ᠬᠢᠬᠦ ᠶᠢ ᠵᠢᠭᠠᠵᠤ ᠥᠭᠴᠡᠢ᠂ ᠪᠢ ᠳᠠᠷᠠᠭ᠎ᠠ ᠪᠠᠷ ᠴᠢᠯᠦᠭᠡ ᠲᠠᠢ ᠪᠣᠯ ᠯᠠᠪᠲᠠᠢ ᠠᠳᠡ ᠢᠷᠡᠵᠦ ᠨᠠᠭᠠᠳᠤᠨ᠎ᠠ︾ ᠭᠡᠵᠦ   ᠲᠠᠢ ᠫᠢᠩ ᠭᠤᠣᠯ ᠪᠠᠭ᠎ᠠ ᠰᠤᠷᠭᠠᠭᠤᠯᠢ ᠶᠢᠨ ᠰᠤᠷᠤᠭᠴᠢ ᠯᠢᠦ ᠶᠦᠨ ᠹᠧᠩ ᠬᠡᠯᠡᠪᠡ᠃
   ᠲᠤᠷᠰᠢᠨ ᠡᠵᠡᠩᠨᠡᠭᠰᠡᠨ ᠠᠴᠠ ᠨᠠᠰᠢ᠂ ︽ᠯᠢ ᠴᠢᠤᠸᠠᠨ ᠤ ᠦᠯᠢᠭᠡᠷ ᠲᠦᠴᠢᠦᠸᠠᠨ ᠤ ᠭᠠᠷ ᠡᠭᠦᠳᠦᠯᠲᠡ︾ ᠲᠦᠴᠢᠦᠸᠠᠨ ᠰᠢᠶᠠᠨ ᠤ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ ᠣᠷᠳᠣᠨ ᠲᠡᠦᠬᠡ ᠰᠣᠶᠣᠯ ᠤᠨ ᠠᠭᠤᠯᠬᠤᠨ ᠢ ᠭᠦᠨ ᠠᠭᠤᠳᠠᠯᠵᠤ᠂ ︽ᠰᠤᠷᠭᠠᠨ ᠬᠥᠮᠦᠵᠢᠯ ᠢ ᠦᠢᠯᠡ ᠠᠵᠢᠯᠯᠠᠭ᠎ᠠ ᠶᠢᠨ ᠳᠤᠮᠳᠠ ᠠᠬᠤᠭᠤᠯᠵᠤ᠂ ᠰᠤᠷᠤᠯᠴᠠᠯᠭ᠎ᠠ ᠶᠢ ᠵᠤᠭᠠᠴᠠᠯ ᠤᠨ ᠳᠤᠮᠳᠠ ᠠᠬᠤᠭᠤᠯᠵᠤ︾ ᠪᠠᠶᠢᠬᠤ ᠬᠠᠷᠠᠯᠲᠠ ᠶᠢ ᠴᠢᠩᠭ᠎ᠠ ᠠᠩᠬᠠᠷᠴᠤ᠂ ᠲᠦᠴᠢᠦᠸᠠᠨ ᠰᠢᠶᠠᠨ ᠤ ᠰᠣᠶᠣᠯ ᠤᠨ ᠣᠨᠴᠠᠯᠢᠭ ᠪᠠ ᠪᠠᠶᠢᠭᠠᠯᠢ ᠶᠢᠨ ᠦᠵᠡᠮᠵᠢ ᠲᠠᠢ ᠤᠶᠠᠯᠳᠤᠭᠤᠯᠤᠨ᠂ ᠭᠠᠵᠠᠷ ᠣᠷᠣᠨ ᠤ ᠰᠣᠶᠣᠯ ᠤᠨ ᠣᠨᠴᠠᠯᠢᠭ ᠢ ᠳᠣᠪᠤᠶᠢᠯᠭᠠᠵᠤ᠂ ᠡᠷᠳᠡᠮ ᠰᠢᠨᠵᠢᠯᠡᠭᠡᠨ ᠤ ᠳᠠᠪᠠᠭᠤᠯᠢᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠭᠤᠣᠯ ᠰᠡᠳᠦᠪ ᠢᠶᠠᠷ ᠢᠯᠡ ᠲᠣᠳᠣ᠂ ᠠᠭᠤᠯᠤᠭᠳᠠᠬᠤᠨ ᠢᠶᠠᠷ ᠪᠠᠶᠠᠯᠢᠭ ᠨᠢᠭᠡ ᠪᠦᠯᠦᠭ ᠥᠨᠳᠥᠷ ᠶᠠᠰᠤ ᠴᠢᠨᠠᠷ  ᠲᠠᠢ ᠰᠤᠳᠤᠯᠤᠨ ᠰᠤᠷᠤᠯᠴᠠᠬᠤ ᠲᠥᠷᠥᠯ ᠵᠦᠢᠯ ᠢ ᠲᠥᠪᠯᠡᠷᠡᠭᠦᠯᠦᠨ ᠭᠠᠷᠭᠠᠵᠤ᠂ ᠤᠭ ᠦᠨᠳᠦᠰᠦ ᠶᠢ ᠨᠢ ᠡᠷᠢᠬᠦ · ᠠᠷᠠᠳ ᠤᠨ ᠵᠠᠩ ᠦᠢᠯᠡ᠂ ᠲᠦᠴᠢᠦᠸᠠᠨ ᠤ ᠵᠠᠭᠤᠨ ᠵᠢᠯ ᠤᠨ ᠵᠠᠩ ᠦᠢᠯᠡ᠂ ᠬᠤᠳᠠ ᠶᠢᠨ ᠠᠮᠢᠳᠤᠷᠠᠯ ᠢᠶᠠᠷ ᠭᠤᠣᠯ ᠰᠡᠳᠦᠪ ᠪᠣᠯᠭᠠᠵᠤ᠂ ᠭᠠᠵᠠᠷ ᠪᠣᠯᠭᠠᠨ ᠳᠤ ᠬᠠᠷᠠᠭᠳᠠᠬᠤ ᠪᠦᠷᠢᠨ ᠵᠠᠩᠭᠢ ᠶᠢᠨ ᠳᠦᠷᠰᠦ ᠰᠢᠩᠭᠡᠭᠡᠯᠲᠡ᠂ ᠵᠢᠪᠦᠭᠰᠡᠨ ᠮᠠᠶ᠋ᠢᠭ ᠤᠨ ᠪᠡᠶᠡᠴᠢᠯᠡᠨ ᠣᠶᠢᠯᠠᠭᠠᠬᠤ ᠣᠷᠣᠨ ᠵᠠᠢ᠂ VR ᠳᠦᠷᠰᠦ ᠰᠢᠩᠭᠡᠭᠡᠯᠲᠡ᠂ AIGC ᠵᠡᠷᠭᠡ ᠲᠣᠭᠠᠴᠢᠯᠠᠭᠰᠠᠨ ᠮᠡᠷᠭᠡᠵᠢᠯ ᠢ ᠬᠡᠷᠡᠭᠯᠡᠵᠦ᠂ ᠰᠤᠷᠤᠭᠴᠢᠳ ᠲᠤ ᠬᠠᠷᠠᠭᠠᠨ ᠰᠡᠷᠡᠯ᠂ ᠰᠣᠨᠣᠷ᠂ ᠠᠮᠲᠠ ᠶᠢᠨ ᠰᠡᠷᠡᠯ᠂ ᠦᠨᠦᠷ ᠤᠨ ᠰᠡᠷᠡᠯ᠂ ᠬᠦᠷᠦᠯᠴᠡᠬᠦ ᠰᠡᠷᠡᠯ ᠵᠡᠷᠭᠡ ᠤᠯᠠᠨ ᠲᠠᠯ᠎ᠠ ᠪᠠᠷ ᠲᠦᠴᠢᠦᠸᠠᠨ ᠤ ᠠᠷᠠᠳ ᠤᠨ ᠵᠠᠩ ᠦᠢᠯᠡ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠵᠡᠷᠭᠡ ᠶᠢ ᠮᠡᠳᠡᠷᠡᠭᠦᠯᠵᠦ᠂ ᠲᠡᠦᠬᠡ ᠶᠢ ᠣᠯᠵᠤ ᠰᠣᠨᠣᠰᠬᠤ᠂ ᠡᠷᠭᠢᠴᠡᠭᠦᠯᠦᠯ ᠢ ᠣᠯᠵᠤ ᠣᠶᠢᠯᠠᠭᠠᠬᠤ᠂ ᠬᠠᠶᠢᠷ᠎ᠠ ᠰᠡᠳᠬᠢᠯᠭᠡ ᠶᠢ ᠦᠯᠡᠳᠡᠭᠡᠵᠦ ᠴᠢᠳᠠᠬᠤ ᠪᠣᠯᠭᠠᠪᠠ᠃
   ᠲᠦᠴᠢᠦᠸᠠᠨ ᠰᠢᠶᠠᠨ ᠤ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ ᠤ ᠲᠠᠶᠢᠯᠪᠤᠷᠢᠯᠠᠭᠴᠢ ᠫᠠᠩ ᠪᠥᠸᠧ᠄ ︽ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠭᠠᠵᠠᠷ ᠤᠨ ᠰᠤᠳᠤᠯᠤᠨ ᠰᠤᠷᠤᠯᠴᠠᠬᠤ ᠠᠵᠢᠯᠯᠠᠭ᠎ᠠ ᠨᠢ ᠰᠤᠷᠭᠠᠭᠤᠯᠢ ᠶᠢᠨ ᠰᠤᠷᠭᠠᠨ ᠬᠥᠮᠦᠵᠢᠯ ᠲᠠᠢ ᠠᠳᠠᠯᠢ ᠦᠭᠡᠢ᠂ ᠳᠡᠯᠭᠡᠨ ᠦᠵᠡᠭᠦᠯᠬᠦ ᠠᠭᠤᠯᠭ᠎ᠠ ᠨᠢ ᠪᠠᠶᠠᠯᠢᠭ ᠰᠠᠶᠢᠬᠠᠨ᠂ ᠳᠡᠯᠭᠡᠨ ᠦᠵᠡᠭᠦᠯᠬᠦ ᠬᠡᠯᠪᠡᠷᠢ ᠨᠢ ᠴᠦ ᠨᠠᠩ ᠣᠯᠠᠨ ᠶᠠᠩᠵᠤ ᠶᠢᠨ ᠪᠠᠶᠢᠳᠠᠭ᠂ ᠡᠶᠢᠮᠦᠷᠬᠦ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠰᠢᠨ᠎ᠡ ᠪᠠᠶᠢᠳᠠᠯ ᠢᠶᠠᠷ ᠳᠠᠮᠵᠢᠭᠤᠯᠤᠨ ᠵᠠᠯᠠᠭᠤᠴᠤᠳ ᠪᠠᠭᠠᠴᠤᠳ ᠲᠤ ᠠᠵᠢᠭᠯᠠᠯᠲᠠ᠂ ᠪᠣᠳᠣᠯᠬᠢᠯᠠᠯ ᠵᠢᠴᠢ ᠥᠩᠭᠡᠷᠡᠭᠡᠯᠲᠡ ᠪᠠᠷ ᠳᠠᠮᠵᠢᠭᠤᠯᠤᠨ ᠮᠠᠨ ᠤ ᠰᠢᠶᠠᠨ ᠤ ᠪᠤᠳᠠᠰ ᠤᠨ ᠪᠤᠰᠤ ᠰᠤᠶᠤᠯ ᠤᠨ ᠥᠪ ᠤᠨ ᠪᠦᠲᠦᠭᠡᠭᠳᠡᠬᠦᠨ ᠤ ᠠᠷᠤ ᠳᠠᠬᠢ ᠲᠡᠦᠬᠡ ᠰᠣᠶᠣᠯ ᠢ ᠣᠶᠢᠯᠠᠭᠠᠭᠤᠯᠵᠤ᠂ ᠲᠡᠳᠡᠨ ᠤ ᠭᠤᠸ᠎ᠠ ᠲᠠᠭᠠᠰᠢᠶᠠᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠰᠤᠷᠤᠯᠴᠠᠬᠤ ᠰᠡᠳᠬᠢᠬᠦᠢ ᠵᠢᠴᠢ ᠭᠠᠷ ᠬᠥᠳᠡᠯᠬᠦ ᠴᠢᠳᠠᠪᠤᠷᠢ ᠶᠢ ᠨᠢ ᠥᠷᠭᠡᠳᠬᠡᠵᠦ ᠪᠣᠯᠣᠨ᠎ᠠ᠃ 9 ᠰᠠᠷ᠎ᠠ ᠶᠢᠨ 26 ᠤ ᠡᠳᠦᠷ ᠲᠤᠷᠰᠢᠨ ᠡᠵᠡᠩᠨᠡᠭᠰᠡᠨ ᠠᠴᠠ ᠨᠠᠰᠢ᠂ ᠡᠶᠢᠮᠦᠷᠬᠦ ᠰᠤᠳᠤᠯᠤᠨ ᠰᠤᠷᠤᠯᠴᠠᠬᠤ ᠠᠵᠢᠯᠯᠠᠭ᠎ᠠ ᠶᠢ 60 ᠭᠠᠷᠤᠢ ᠤᠳᠠᠭ᠎ᠠ ᠥᠷᠨᠢᠭᠦᠯᠵᠦ᠂ 1.9 ᠲᠦᠮᠡ ᠭᠠᠷᠤᠢ ᠵᠤᠭᠠᠴᠠᠭᠰᠠᠳ ᠢ  ᠲᠤᠰᠤᠭᠰᠠᠨ ᠪᠠᠶᠢᠨ᠎ᠠ︾ ᠭᠡᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号