ᠦᠨᠳᠦᠰᠦᠲᠡᠨ ᠨᠦᠭᠦᠳ ᠪᠦᠯᠬᠦᠮᠳᠡᠵᠦ ᠡᠶᠡᠯᠰᠡᠭ ᠲᠤᠳᠤᠨᠤᠰᠤᠭ ᠰᠣᠶᠣᠯ ᠢ ᠬᠥᠳᠡᠭᠡ ᠲᠣᠰᠬᠤᠨ ᠳᠤ ᠬᠦᠷᠭᠡᠵᠦ ᠬᠥᠮᠥᠰ ᠤᠨ ᠰᠡᠳᠭᠢᠯ ᠢ ᠲᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/1/31
   ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠪᠠᠷ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠶᠡᠬᠡᠪᠡᠷ ᠪᠠᠳᠠᠷᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠳᠤᠨ ᠴᠤᠭᠴᠠᠯᠠᠬᠤ ᠤᠬᠠᠭᠤᠯᠭ᠎ᠠ ᠬᠥᠮᠦᠵᠢᠯ ᠤᠨ ᠠᠵᠢᠯ ᠢ ᠪᠣᠳᠠᠲᠠᠢ ᠪᠥᠭᠡᠳ ᠪᠦᠲᠦᠮᠵᠢᠲᠡᠶ ᠰᠠᠶᠢᠨ ᠬᠢᠵᠦ᠂ ᠡᠯ᠎ᠡ ᠦᠨᠳᠦᠰᠦᠲᠡᠨ ᠤ ᠪᠦᠯᠬᠦᠮᠳᠡᠯ ᠬᠠᠷᠢᠯᠴᠠᠨ ᠬᠠᠪᠰᠤᠷᠤᠯᠴᠠᠬᠤ᠂ ᠡᠶ᠎ᠡ ᠵᠣᠬᠢᠴᠠᠩᠭᠤᠢ ᠨᠥᠬᠦᠷᠰᠡᠭ ᠬᠠᠶᠢᠷ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠤᠯᠭᠠᠬᠤ ᠶᠢᠨ ᠲᠦᠯᠦᠭᠡ᠂ ᠣᠶᠢᠷ᠎ᠠ ᠳᠤ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠦᠴᠢᠦᠸᠠᠨ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠲᠦᠴᠢᠦᠸᠠᠨ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠬᠢᠵᠢᠭᠦᠯᠬᠦ ᠤᠬᠠᠮᠰᠠᠷ ᠢ ᠠᠬᠢᠭᠤᠯᠬᠤ ᠬᠤᠷᠠᠯ ᠠᠴᠠ ᠬᠠᠮᠲᠤᠷᠠᠨ ᠡᠷᠬᠢᠯᠡᠵᠦ᠂ ᠱᠦᠢ ᠴᠢᠤᠸᠠᠨ ᠪᠠᠯᠭᠠᠰᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠭᠴᠠᠯᠠᠬᠤ ᠠᠬᠢᠭᠤᠯᠬᠤ ᠬᠤᠷᠠᠯ ᠲᠦᠴᠢᠦᠸᠠᠨ ᠰᠢᠶᠠᠨ ᠤ ᠤᠷᠠᠯᠢᠭ ᠤᠨ ᠵᠡᠭᠦᠳᠦ ᠠᠵᠢᠯ ᠤᠨ ᠴᠢᠯᠦᠭᠡᠨ ᠤ ᠤᠯᠠᠭᠠᠨᠮᠥ᠋ᠴᠢᠷ ᠤᠨ ᠳᠠᠭᠠᠭᠠᠴᠢᠯᠠᠨ ᠡᠷᠬᠢᠯᠡᠭᠰᠡᠨ ︽ᠰᠣᠶᠣᠯ ᠢ ᠰᠢᠶᠠᠩ ᠳᠤ ᠬᠦᠷᠭᠡᠵᠦ ᠲᠣᠬᠤᠨᠢᠭᠤᠯᠬᠤ ᠢ ᠲᠤᠰᠬᠤᠨ ᠳᠤ ᠬᠦᠷᠭᠡᠵᠦ ᠪᠤᠶᠠᠨ ᠬᠡᠰᠢᠭ ᠢ ᠭᠡᠷ ᠲᠤ ᠨᠢ ᠬᠦᠷᠭᠡᠬᠦ︾ ᠭᠤᠣᠯ ᠰᠡᠳᠦᠪᠲᠦ ᠠᠵᠢᠯᠯᠠᠭ᠎ᠠ ᠶᠢ ᠱᠦᠢ ᠴᠢᠤᠸᠠᠨ ᠲᠣᠰᠬᠤᠨ ᠳᠤ ᠦᠪᠡᠳᠡᠭᠰᠢ ᠶᠡᠬᠡᠪᠡᠷ ᠶᠠᠪᠤᠭᠳᠠᠭᠤᠯᠵᠠᠢ᠃
   ᠠᠵᠢᠯᠯᠠᠭ᠎ᠠ ᠶᠢᠨ ᠳᠤᠮᠳᠠ᠂ ᠲᠣᠭᠯᠠᠭᠴᠢᠳ ᠭᠤᠶᠤ ᠰᠠᠶᠢᠬᠠᠨ ᠲᠣᠭᠯᠠᠯᠲᠠ ᠶᠢᠨ ᠬᠤᠪᠴᠠᠰᠤ ᠡᠮᠦᠰᠴᠦ᠂ ᠭᠤᠶᠤ ᠰᠠᠶᠢᠬᠠᠨ ᠪᠥᠵᠢᠭ ᠤᠨ ᠳᠦᠷᠢ᠂ ᠠᠶᠠᠯᠭᠤ ᠳᠠᠭᠤᠤ ᠪᠠᠷ ᠦᠨᠳᠦᠰᠦᠲᠡᠨ ᠨᠦᠭᠦᠳ ᠤᠨ ᠤᠯᠠᠨ ᠲᠦᠮᠡᠨ ᠤ ᠴᠠᠭᠠᠨ ᠰᠠᠷ᠎ᠠ ᠪᠠᠨ ᠤᠭᠲᠤᠬᠤ ᠰᠠᠶᠢᠨ ᠰᠠᠶᠢᠬᠠᠨ ᠬᠦᠰᠡᠯ ᠵᠥᠩᠨᠡᠯ ᠢ ᠢᠯᠡᠳᠬᠡᠵᠡᠢ᠃
   ᠡᠬᠢᠯᠡᠯᠲᠡ ᠶᠢᠨ ᠪᠥᠵᠢᠭ ︽ᠸᠠᠨ ᠵᠢᠶᠠᠩ︾ ᠢᠶᠠᠷ ᠪᠦᠬᠦ ᠲᠣᠭᠯᠠᠯᠲᠠ ᠶᠢᠨ ᠬᠥᠰᠢᠭᠡ ᠶᠢ ᠰᠡᠬᠦᠵᠦ᠂ ᠳᠠᠷᠠᠭ᠎ᠠ  ᠳᠤᠨᠢ᠂ ᠳᠠᠭᠤᠤ ︽ᠬᠤᠷᠢᠨ ᠲᠦᠷᠪᠡᠨ ᠴᠠᠭ ᠤᠯᠠᠷᠢᠯ︾᠂ ᠬᠤᠶᠠᠷ ᠬᠦᠮᠦᠨ ᠤ ᠵᠦᠴᠦᠭᠡ ︽ᠡᠷ᠎ᠡ ᠡᠮ᠎ᠡ ᠬᠤᠶᠠᠭᠤᠯᠠ ᠠᠶᠢᠯᠴᠢᠯᠠᠭᠰᠠᠨ ᠨᠢ︾᠂ ︽ᠰᠢᠶᠣᠣ ᠸᠠᠩ ᠰᠢᠪᠠᠭᠤ ᠶᠢ ᠴᠣᠬᠢᠭᠰᠠᠨ ᠨᠢ︾᠂ ︽ᠭᠠᠭ᠋ᠠᠢ ᠪᠠᠭᠰᠢ ᠶᠢᠨ ᠭᠠᠵᠠᠷ ᠰᠢᠷᠭᠦᠭᠡᠭᠰᠡᠨ︾᠂ ᠴᠠᠷᠭᠢᠯ ᠬᠤᠯᠪᠣᠭ᠎ᠠ ︽ᠰᠢᠨ᠎ᠡ ᠬᠠᠪᠰᠤᠷᠤᠯᠴᠠᠭ᠎ᠠ ᠰᠢᠨ᠎ᠡ ᠪᠠᠲᠤᠯᠠᠭ᠎ᠠ︾᠂ ᠠᠭᠤᠳᠠᠮ ᠲᠠᠯᠠᠪᠠᠢ ᠶᠢᠨ ᠪᠥᠵᠢᠭ ︽ᠬᠤᠸᠠᠩ ᠲᠤ ᠫᠥᠸᠧ︾᠂ ᠱᠢ ᠵᠦᠴᠦᠭᠡ ︽ᠠᠪᠤ ᠪᠠᠨ ᠬᠥᠭᠡᠭᠡᠵᠦ ᠠᠪᠤ ᠪᠠᠨ ᠪᠤᠯᠢᠶᠠᠯᠳᠤᠭᠰᠠᠨ ᠨᠢ︾᠂ ᠮᠣᠷᠢᠨ ᠬᠤᠭᠤᠷ ᠤᠨ ᠭᠤᠴᠣᠯᠠᠯ ᠬᠥᠭᠵᠢᠮ ︽ᠲᠦᠮᠡᠨ ᠠᠭᠲᠠ ᠶᠢᠨ ᠲᠦᠪᠡᠷᠭᠡᠨ︾᠂ ︽ᠲᠡᠷᠢᠭᠦᠯᠡᠭᠴᠢ ᠴᠡᠴᠡᠭ ᠤᠨ ᠮᠠᠭᠲᠠᠭᠤ︾ ︽ᠡᠭᠦᠷᠭᠡ ᠬᠠᠷᠢᠭᠤᠴᠠᠯᠭ᠎ᠠ︾ ᠵᠡᠷᠭᠡ ᠶᠢ ᠳᠠᠭᠤᠯᠠᠨ ᠪᠥᠵᠢᠭᠯᠡᠵᠦ᠂ ᠲᠣᠰᠬᠤᠨ ᠤ ᠠᠷᠠᠳ ᠲᠤ ᠨᠢᠭᠡ ᠤᠳᠠᠭᠠᠨ ᠤ ᠦᠵᠡᠵᠦ ᠰᠣᠨᠣᠰᠬᠤ ᠦᠪᠡᠳᠡᠭᠰᠢ ᠨᠠᠶᠢᠷ ᠢ ᠡᠳ᠋ᠯᠡᠭᠦᠯᠵᠡᠢ᠃
   ᠲᠤᠰ ᠤᠳᠠᠭᠠᠨ ᠤ ᠠᠵᠢᠯᠯᠠᠭ᠎ᠠ ᠨᠢ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠦᠵᠡᠵᠦ ᠰᠣᠨᠣᠰᠬᠤ ᠳᠤᠷᠠᠲᠠᠢ ᠬᠡᠯᠪᠡᠷᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠣᠯᠠᠨ ᠲᠦᠮᠡᠨ ᠤ ᠰᠡᠳᠬᠢᠯ ᠳᠤ ᠳᠠᠮᠵᠢᠭᠤᠯᠵᠤ᠂ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠣᠰᠬᠤᠨ᠂ ᠡᠷᠦᠬᠡ᠂ ᠬᠥᠮᠥᠨ ᠳᠤ ᠬᠦᠷᠲᠡᠯ᠎ᠡ ᠤᠬᠠᠭᠤᠯᠵᠤ᠂ ᠬᠥᠮᠥᠰ ᠤᠨ ᠰᠡᠳᠬᠢᠯ ᠢ ᠤᠯᠠᠮ ᠨᠢᠭᠡ ᠠᠯᠬᠤᠮ ᠳᠤᠯᠠᠭᠠᠴᠠᠭᠤᠯᠵᠤ᠂ ᠠᠷᠠᠳ ᠤᠨ ᠰᠡᠳᠬᠢᠯ ᠢ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠭᠴᠠᠯᠠᠬᠤ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠥᠭᠡᠳ ᠤᠯᠠᠨ ᠲᠦᠮᠡᠨ ᠤ ᠨᠠᠮ ᠢᠶᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠰᠢᠨ᠎ᠡ ᠴᠠᠭ ᠦᠶ᠎ᠡ ᠶᠢᠨ ᠱᠦᠢ ᠴᠢᠤᠸᠠᠨ ᠪᠠᠯᠭᠠᠰᠤᠨ ᠤ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠪᠦᠯᠬᠦᠮᠳᠡᠨ ᠲᠡᠮᠡᠴᠡᠬᠦ᠂ ᠪᠣᠯᠪᠠᠰᠤᠨ ᠡᠶ᠎ᠡ ᠵᠣᠬᠢᠴᠠᠩᠭᠤᠢ᠂ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号