‍ᠠᠰᠠᠭ ᠤᠨ ᠣᠷᠳᠣᠨ ᠤ ᠶᠡᠭᠡ ᠬᠡᠷᠡᠭ ᠶᠠᠪᠤᠳᠠᠯ ᠤᠨ ᠲᠡᠮᠳᠡᠭᠯᠡᠯ ( 11 ᠰᠠᠷ᠎ᠠ ᠶᠢᠨ 1 ᠤ ᠡᠳᠦᠷ ᠠᠴᠠ 12 ᠰᠠᠷ᠎ᠠ ᠶᠢᠨ 31 ᠤ ᠡᠳᠦᠷ )
ᠨᠡᠶᠢᠲᠡᠯᠡᠭᠰᠡᠨ ᠴᠠᠭ᠄
2024/1/5
  11 ᠳ᠋ᠦ᠋ᠭᠡᠷ ᠰᠠᠷ᠎ᠠ ᠶᠢᠨ 13 ᠤ ᠡᠳᠦᠷ᠂ ᠪᠥᠬᠦ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠶᠠᠨ  ᠤ ᠬᠡᠪᠴᠢᠶᠡᠨ ᠤ ᠭᠦᠶᠯᠭᠡᠭᠡᠨ ᠤ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠬᠤᠶ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠳᠤ ᠣᠷᠣᠯᠴᠠᠭᠰᠠᠳ ᠲᠦᠴᠢᠦᠸᠠᠨ ᠰᠢᠶᠠᠨ ᠳᠤ ᠬᠦᠷᠴᠦ ᠲᠣᠭᠤᠷᠢᠨ ᠦᠵᠡᠪᠡ  ᠃ ᠥᠪᠡᠷᠲᠡᠭᠡᠨ ᠵᠠᠰᠠᠬᠤ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ  ᠤᠨ ᠪᠦᠷᠢᠯᠳᠦᠬᠦᠨ᠂ ᠬᠡᠷᠡᠭ ᠡᠷᠬᠢᠯᠡᠭᠴᠢᠳ ᠤᠨ ᠬᠤᠷᠠᠯ ᠤᠨ ᠳᠡᠳ᠋ ᠡᠷᠬᠢᠯᠡᠭᠴᠢ ᠶᠢᠨ ᠵᠣᠣ ᠰᠢᠶᠠ᠂ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢᠦ ᡁᠢ ᠴᠢᠶᠠᠩ᠂ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠯᠢᠦ ᡁᠢ ᠹᠧᠩ ᠵᠢᠴᠢ ᠲᠣᠭᠤᠷᠢᠭ ᠠᠶᠢᠮᠠᠭ ᠰᠢᠶᠠᠨ  ᠤ ᠬᠠᠩᠭᠠᠨ ᠪᠣᠷᠣᠯᠠᠭᠤᠯᠬᠤ ᠰᠢᠰᠲ᠋ᠧᠮ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠣᠭᠤᠷᠢᠨ ᠦᠵᠡᠬᠦ ᠳᠤ ᠣᠷᠣᠯᠴᠠᠪᠠ  ᠃ ᠬᠤᠷᠠᠯ ᠳᠤ ᠣᠷᠣᠯᠴᠠᠭᠰᠠᠳ ᠤᠷᠢᠳ ᠬᠤᠵᠢᠳ ᠥᠪᠥᠷ ᠮᠣᠩᠭᠤᠯ ᠤᠨ ᠵᠥᠩ ᠵᠢᠶᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ ᠺᠣᠮᠫᠠᠨᠢ᠂ ᠲᠦᠴᠢᠦᠸᠠᠨ ᠰᠢᠶᠠᠨ ᠤ ᠴᠦᠨ ᠯᠸᠢ ᠲᠠᠷᠢᠶᠠᠯᠠᠩ ᠤᠨ ᠦᠶᠯᠡᠳᠪᠦᠷᠢᠯᠡᠯ ᠤᠨ ᠬᠡᠷᠡᠭᠰᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ ᠲᠦᠴᠢᠦᠸᠠᠨ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠶᠠᠨ ᠤ ᠬᠡᠪᠴᠢᠶᠡᠨ ᠤ ᠭᠦᠶᠯᠭᠡᠭᠡᠨ ᠤ ᠦᠶᠯᠡᠴᠢᠯᠡᠭᠡᠨ ᠤ ᠰᠢᠰᠲ᠋ᠧᠮᠵᠢ  ᠶᠢᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠪᠡ  ᠃   12 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠬᠤᠷᠢᠨ ᠨᠢᠭᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ  ᠃   ᠬᠤᠷᠠᠯ ᠠᠴᠠ 2023 ᠣᠨ ᠤ ᠬᠢᠩᠭᠠᠨ ᠠᠶᠢᠮᠠᠭ ᠤᠨ ᠵᠣᠯᠭᠠᠭᠤᠯᠤᠭᠰᠠᠨ ᠪᠠᠯᠠ ᠮᠥᠩᠭᠦ ᠶᠢᠨ ᠬᠡᠷᠡᠭᠵᠢᠭᠦᠯᠬᠦ ᠲᠥᠷᠥᠯ ᠵᠦᠶᠯ᠂ ᠡᠵᠡᠩᠨᠡᠯᠲᠡ ᠶᠢᠨ ᠲᠥᠷᠥᠯ ᠤᠨ ᠶᠠᠳᠠᠭᠤ ᠶᠢ ᠲᠡᠳᠬᠦᠬᠦ ᠪᠠ ᠬᠠᠪᠰᠤᠷᠤᠨ ᠲᠡᠳᠬᠦᠬᠦ ᠡᠳ᠋ ᠬᠥᠷᠥᠩᠭᠡ ᠶᠢᠨ ᠠᠰᠢᠭ ᠣᠯᠵᠠᠪᠤᠷᠢ ᠶᠢᠨ ᠨᠣᠷᠮ᠎ᠠ ᠳᠤ ᠲᠣᠬᠢᠷᠠᠭᠤᠯᠤᠯᠲᠠ ᠬᠢᠬᠦ᠂ 《 ᠲᠦᠴᠢᠦᠸᠠᠨ ᠰᠢᠶᠠᠨ ᠤ 〈 ᠠᠷᠪᠠᠨ ᠳᠥᠷᠪᠡᠳᠦᠭᠡᠷ ᠲᠠᠪᠤᠨ ᠵᠢᠯ 〉 ᠤᠨ ᠬᠤᠭᠤᠴᠠᠭᠠᠨ ᠳᠠᠬᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ  ᠤ ᠲᠤᠰᠬᠠᠶ ᠲᠥᠯᠥᠪᠵᠢᠭᠦᠯᠭᠡ 》 ᠳᠤ ᠬᠥᠳᠡᠯᠦᠩᠭᠦᠶ ᠬᠠᠮᠢᠶᠠᠷᠤᠯᠲᠠ ᠶᠢ ᠬᠤᠪᠢᠷᠠᠭᠤᠯᠬᠤ᠂ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠶᠯ ᠳᠤ ᠪᠠᠯᠠ ᠭᠠᠷᠭᠠᠵᠤ ᠬᠤᠪᠢ ᠣᠷᠣᠭᠤᠯᠬᠤ᠂ ᠬᠦᠶᠲᠡᠨ ᠰᠣᠷᠭᠤᠭ ᠢᠳᠡᠭᠡᠨ ᠤ ᠬᠥᠮᠥᠷᠭᠡ ᠵᠡᠷᠭᠡ ᠬᠠᠪᠰᠤᠷᠤᠨ ᠲᠡᠳᠬᠦᠬᠦ ᠡᠳ᠋ ᠬᠥᠷᠥᠩᠭᠡ ᠶᠢ ᠲᠦᠷᠢᠶᠡᠰᠦᠯᠡᠬᠦ᠂ ᠬᠡᠷᠡᠯ ᠴᠡᠨᠡᠭ ᠤᠨ ᠴᠠᠬᠢᠯᠭᠠᠨ ᠥᠷᠲᠡᠭᠡᠨ ᠤ ᠬᠠᠪᠰᠤᠷᠤᠨ ᠲᠡᠳᠬᠦᠬᠦ ᠡᠳ᠋ ᠬᠥᠷᠥᠩᠭᠡ ᠶᠢ ᠲᠦᠷᠢᠶᠡᠰᠦᠯᠡᠬᠦ᠂ ᠲᠤᠰᠠᠯᠠᠬᠤ ᠴᠠᠭᠳᠠᠭ᠎ᠠ ᠶᠢᠨ ᠴᠠᠯᠢᠩ ᠬᠥᠯᠥᠰᠥ ᠳᠤ ᠲᠣᠬᠢᠷᠠᠭᠤᠯᠤᠯᠲᠠ ᠬᠢᠬᠦ ᠵᠡᠷᠭᠡ ᠶᠠᠪᠤᠳᠠᠯ ᠢ ᠰᠤᠳᠤᠯᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠶᠤᠯᠭᠦᠶ ᠦᠶᠯᠡᠳᠪᠦᠷᠢᠯᠡᠯ ᠤᠨ ᠬᠠᠮᠢᠶ᠎ᠠ ᠪᠥᠬᠦᠶ ᠲᠥᠰᠦᠯ ᠪᠣᠯᠤᠨ 《 ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠰᠢᠯᠵᠢᠭᠦᠯᠦᠨ ᠲᠤᠰᠢᠶᠠᠭᠰᠠᠨ ᠬᠡᠷ ᠬᠥᠷᠥᠩᠭᠡ ᠶᠢ ᠰᠢᠶᠳᠪᠦᠷᠢᠯᠡᠬᠦ ᠲᠥᠰᠦᠯ  ᠃   ᠬᠤᠷᠠᠯ ᠠᠴᠠ ᠱᠠᠭᠠᠷᠳᠠᠭᠰᠠᠨ ᠨᠢ᠂ 2023 ᠣᠨ ᠳᠤ ᠬᠢᠩᠭᠠᠨ ᠠᠶᠢᠮᠠᠭ ᠤᠨ ᠵᠣᠯᠭᠠᠭᠤᠯᠬᠤ ᠪᠠᠯᠠ ᠮᠥᠩᠭᠦ  ᠶᠢᠨ ᠡᠯ᠎ᠡ ᠲᠥᠷᠥᠯ ᠵᠦᠶᠯ ᠢ ᠬᠡᠷᠡᠭᠵᠢᠭᠦᠯᠬᠦ ᠨᠢᠭᠡᠴᠡ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠲᠥᠷᠥᠯ ᠵᠦᠶᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ  ᠃ ᠬᠠᠪᠰᠤᠷᠤᠨ ᠲᠡᠳᠬᠦᠬᠦ ᠲᠥᠷᠥᠯ ᠵᠦᠶᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ ᠴᠢᠩᠭᠠᠳᠬᠠᠵᠤ᠂ ᠡᠳ᠋ ᠬᠥᠷᠥᠩᠭᠡ ᠶᠢᠨ ᠠᠰᠢᠭ ᠣᠯᠵᠠᠪᠤᠷᠢ ᠶᠢᠨ ᠨᠣᠷᠮ᠎ᠠ ᠶᠢᠨ ᠡᠷᠭᠢᠯᠳᠦᠭᠦᠯᠦᠨ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠵᠠᠬ᠎ᠠ ᠳᠡᠯᠭᠡᠭᠦᠷ ᠤᠨ ᠪᠠᠶᠢᠳᠠᠯ ᠢ ᠦᠨᠳᠦᠰᠦᠯᠡᠨ ᠶᠠᠭ ᠬᠠᠮᠲᠤᠷᠠᠨ ᠠᠵᠢᠯᠯᠠᠵᠤ ᠪᠠᠶᠭ᠎ᠠ ᠲᠥᠷᠥᠯ ᠵᠦᠶᠯ ᠤᠨ ᠠᠰᠢᠭ ᠣᠯᠵᠠᠪᠤᠷᠢ ᠶᠢᠨ ᠨᠣᠷᠮ᠎ᠠ ᠳᠤ ᠲᠣᠬᠢᠷᠠᠭᠤᠯᠤᠯᠲᠠ ᠬᠢᠵᠦ᠂ ᠠᠵᠤ ᠠᠬᠤᠶᠢᠯᠠᠯ ᠢ ᠬᠠᠪᠰᠤᠷᠤᠨ ᠳᠠᠷᠤᠭᠠᠰᠤ ᠶᠢ ᠨᠢ ᠬᠥᠩᠭᠡᠷᠡᠭᠦᠯᠬᠦ ᠬᠡᠷᠡᠭᠲᠡᠶ  ᠃ ᠲᠥᠷᠥ ᠶᠢᠨ ᠪᠣᠳᠣᠯᠭ᠎ᠠ ᠵᠢᠴᠢ ᠣᠳᠣᠬᠠᠨ ᠤ ᠭᠤᠤᠯᠳᠠᠯᠭ᠎ᠠ ᠲᠠᠢ ᠠᠵᠢᠯ ᠤᠨ ᠪᠠᠶᠢᠳᠠᠯ ᠢ ᠦᠨᠳᠦᠰᠦᠯᠡᠨ᠂ 《 ᠲᠦᠴᠢᠦᠸᠠᠨ ᠰᠢᠶᠠᠨ ᠤ 〈 ᠠᠷᠪᠠᠨ ᠳᠥᠷᠪᠡᠳᠦᠭᠡᠷ ᠲᠠᠪᠤᠨ ᠵᠢᠯ 〉 ᠤᠨ ᠬᠤᠭᠤᠴᠠᠭᠠᠨ  ᠳᠠᠬᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠤᠰᠬᠠᠶ ᠲᠥᠯᠥᠪᠵᠢᠭᠦᠯᠭᠡ 》 ᠶᠢᠨ ᠲᠥᠷᠥᠯ ᠵᠦᠶᠯ  ᠤᠨ ᠵᠦᠶᠯᠡᠰ ᠢ ᠬᠥᠳᠡᠯᠦᠩᠭᠦᠶ ᠬᠠᠮᠢᠶᠠᠷᠴᠤ᠂ ᠲᠣᠬᠢᠷᠠᠭᠤᠯᠤᠯᠲᠠ ᠶᠢᠨ ᠡᠬᠡ ᠲᠠᠩᠰᠠ ᠪᠠᠶᠢᠭᠤᠯᠤᠨ᠂ ᠲᠥᠷᠥᠯ ᠵᠦᠶᠯ  ᠤᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠶ  ᠃ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠳᠤ ᠬᠢᠨᠠᠨ ᠪᠤᠳᠤᠯᠲᠠ ᠬᠢᠵᠦ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ  ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠡᠳᠦᠶ ᠶᠢ ᠨᠢ ᠠᠬᠢᠭᠤᠯᠤᠨ᠂ ᠴᠡᠭᠴᠡᠯᠡᠨ ᠰᠠᠶᠢᠵᠢᠷᠠᠭᠤᠯᠬᠤ ᠶᠢ ᠨᠢᠭᠡᠨᠲᠡ ᠪᠡᠶᠡᠯᠡᠭᠦᠯᠦᠭᠰᠡᠨ ᠢ ᠨᠢ ᠨᠢᠭᠡ ᠠᠴᠠ ᠨᠥᠭᠦᠭᠡ ᠶᠢ ᠵᠦᠶᠴᠢᠯᠡᠨ ᠮᠡᠳᠡᠵᠦ᠂ ᠲᠣᠬᠢᠷᠠᠮᠵᠢᠲᠠᠶ ᠴᠠᠭ ᠲᠤ 《 ᠡᠷᠬᠢᠨ ᠬᠠᠷᠠᠬᠤ 》 ᠠᠵᠢᠯᠯᠠᠭ᠎ᠠ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠶ  ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠴᠡᠭᠴᠡᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ ᠰᠠᠶᠢᠲᠤᠷ ᠥᠷᠨᠢᠭᠦᠯᠵᠦ᠂ ᠡᠪᠦᠯ ᠤᠨ ᠰᠡᠯᠡᠭᠦᠦ ᠴᠠᠭ ᠢ ᠠᠰᠢᠭᠯᠠᠵᠤ᠂ ᠡᠯ᠎ᠡ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠢ ᠰᠠᠶᠢᠲᠤᠷ ᠬᠢᠵᠦ᠂ ᠭᠤᠣᠯᠳᠠᠯᠭ᠎ᠠ ᠲᠠᠢ ᠬᠦᠷᠢᠶ᠎ᠡ ᠪᠣᠯᠤᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ 《 ᠳᠥᠷᠪᠡᠳᠦᠭᠡᠷ ᠤᠯᠠᠷᠢᠯ ᠤᠨ ᠰᠢᠢᠳᠪᠦᠷᠢᠲᠦ ᠳᠠᠶᠢᠯᠠᠯᠳᠤᠭᠠᠨ ᠬᠢᠬᠦ᠂ 2023 ᠣᠨ ᠤ ᠰᠢᠢᠳᠪᠦᠷᠢᠲᠦ ᠢᠯᠠᠯᠲᠠ ᠶᠢ ᠤᠯᠬᠤ 》 ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠪᠣᠳᠠᠲᠠᠢ ᠠᠳᠬᠤᠬᠤ ᠬᠡᠷᠡᠭᠲᠡᠢ  ᠃ ᠲᠤᠰᠠᠯᠠᠬᠤ ᠴᠠᠭᠳᠠᠭ᠎ᠠ ᠶᠢᠨ ᠠᠵᠢᠯ ᠤᠨ ᠪᠣᠳᠠᠲᠤ ᠠᠮᠵᠢᠯᠲᠠ᠂ ᠬᠤᠪᠢ ᠨᠡᠮᠡᠷᠢ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠭᠰᠠᠨ ᠦᠷ᠎ᠡ ᠳ᠋ᠦᠩ ᠵᠡᠷᠭᠡ ᠪᠠᠷᠢᠮᠵᠢᠶ᠎ᠠ ᠶᠢ ᠦᠨᠳᠦᠰᠦᠯᠡᠨ ᠲᠤᠰᠠᠯᠠᠬᠤ ᠴᠠᠭᠳᠠᠭ᠎ᠠ ᠶᠢᠨ ᠴᠠᠯᠢᠩ ᠬᠥᠯᠥᠰᠥ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠠᠵᠢᠯ ᠢ ᠰᠠᠶᠢᠲᠤᠷ ᠬᠢᠵᠦ᠂ ᠲᠤᠰᠠᠯᠠᠬᠤ ᠴᠠᠭᠳᠠᠭ᠎ᠠ ᠶᠢᠨ ᠴᠠᠯᠢᠩ ᠬᠥᠯᠥᠰᠥ ᠶᠢ ᠦᠨᠡᠨᠬᠦ ᠨᠠᠶᠢᠳᠠᠪᠤᠷᠢᠵᠢᠭᠤᠯᠬᠤ ᠪᠠ ᠪᠠᠲᠤᠯᠠᠬᠤ ᠬᠡᠷᠡᠭᠲᠡᠶ  ᠃    ᠬᠤᠷᠠᠯ ᠠᠴᠠ ᠪᠠᠰᠠ ᠣᠳᠣᠬᠠᠨ ᠤ ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠵᠡᠶ  ᠃ ᠬᠤᠷᠠᠯ  ᠠᠴᠠ᠂ ᠵᠢᠯ ᠤᠨ ᠡᠴᠦᠰ ᠪᠣᠯᠬᠤ ᠳᠤ ᠡᠯ᠎ᠡ ᠹᠷᠣᠨᠲ ᠤᠨ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠠᠩᠬᠠᠷᠴᠤ᠂ ᠰᠠᠶᠢᠲᠤᠷ ᠬᠤᠷᠢᠶᠠᠬᠤ ᠬᠡᠷᠡᠭᠲᠡᠢ  ᠃ ᠰᠢᠯᠭᠠᠨ ᠬᠢᠨᠠᠬᠤ ᠭᠦᠶᠴᠡᠳᠬᠡᠯ ᠲᠤᠭ᠎ᠠ ᠶᠢᠨ ᠲᠣᠬᠢᠷᠠᠭᠤᠯᠤᠯᠲᠠ  ᠶᠢ ᠦᠨᠳᠦᠰᠦᠯᠡᠨ ᠰᠢᠯᠭᠠᠨ ᠬᠢᠨᠠᠬᠤ ᠡᠭᠦᠷᠭᠡ ᠶᠢ ᠪᠡᠶᠡᠯᠡᠭᠦᠯᠬᠦ ᠶᠢ ᠠᠬᠢᠭᠤᠯᠵᠤ᠂ ᠰᠢᠯᠭᠠᠨ ᠬᠢᠨᠠᠬᠤ ᠳᠤ ᠰᠠᠶᠢᠨ ᠬᠢᠷᠢ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ  ᠃ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠥᠳᠡᠭᠡ ᠲᠣᠰᠬᠤᠨ ᠤ ᠬᠦᠷᠢᠶᠡᠨ ᠳᠠᠬᠢ ᠭᠤᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠪᠠᠶᠢᠩᠭᠤ ᠠᠳᠬᠤᠬᠤ᠂ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ  ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠠᠰᠠᠭ  ᠤᠨ ᠣᠷᠳᠣᠨ ᠤ ᠠᠵᠢᠯ ᠤᠨ ᠢᠯᠡᠳᠬᠡᠯ ᠢ ᠲᠤᠭᠤᠷᠪᠢᠬᠤ ᠠᠵᠢᠯ ᠳᠤ ᠨᠢᠭᠲᠠ ᠬᠠᠮᠵᠢᠯᠴᠠᠵᠤ᠂ ᠠᠮᠵᠢᠯᠲᠠ ᠪᠦᠲᠦᠮᠵᠢ  ᠪᠠᠨ ᠨᠠᠷᠢᠨ ᠬᠢᠨᠠᠮᠠᠭᠠᠶ ᠳ᠋ᠦᠩᠨᠡᠨ᠂ ᠠᠵᠢᠯ ᠤᠨ ᠰᠡᠳᠬᠢᠴᠡ ᠪᠠᠨ ᠲᠣᠳᠣᠷᠬᠠᠶᠢᠯᠠᠵᠤ᠂ ᠨᠢᠭᠡ ᠬᠤᠪᠢ ᠴᠢᠨᠠᠷ ᠰᠠᠶᠢᠲᠠᠶ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ  ᠃ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠨᠡᠩ ᠶᠡᠭᠡ ᠡᠷᠴᠢᠮ ᠢᠶᠠᠷ ᠰᠠᠶᠢᠲᠤᠷ ᠠᠳᠬᠤᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠲᠠᠰᠤᠷᠠᠯᠳᠡ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ  ᠃   12 ᠰᠠᠷ᠎ᠠ ᠶᠢᠨ 21 ᠤ ᠡᠳᠦᠷ᠂ ᠲᠦᠴᠢᠦᠸᠠᠨ ᠰᠢᠶᠠᠨ ᠤ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠵᠢᠴᠢ ᠬᠠᠮᠲᠤ ᠶᠢᠨ ᠴᠢᠬᠡᠴᠢ ᠵᠠᠰᠠᠭ ᠤᠨ ᠶᠠᠷᠢᠯᠴᠠᠭᠠᠨ ᠤ ᠬᠤᠷᠠᠯ ᠬᠤᠷᠠᠯᠳᠤᠪᠠ  ᠃ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ  ᠃ ᠸᠠᠩ ᠶᠦᠩ ᠵᠢᠶᠠ᠂ ᠴᠧᠨ ᠭᠦᠸᠧ ᠮᠢᠩ᠂ ᠸᠠᠩ ᠶᠠᠨ ᠪᠥᠸᠧ ᠵᠡᠷᠭᠡ ᠰᠢᠶᠠᠨ ᠤ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠧ ᠪᠢᠨ ᠬᠤᠷᠠᠯ ᠢ ᠡᠷᠬᠢᠯᠡᠪᠡ  ᠃ ᠬᠤᠷᠠᠯ  ᠠᠴᠠ ᠰᠡᠷᠡᠮᠵᠢᠯᠡᠭᠦᠯᠬᠦ ᠬᠥᠮᠦᠵᠢᠯ ᠤᠨ ᠲᠤᠰᠬᠠᠢ ᠰᠡᠳᠦᠪᠲᠦ ᠹᠢᠯᠢᠮ 《 ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠡᠴᠦᠰ ᠲᠤᠨᠢ ᠲᠤᠯᠲᠠᠯ᠎ᠠ ᠬᠢᠶ᠎ᠠ 》 ᠢ ᠬᠦᠯᠢᠶᠡᠨ ᠠᠪᠴᠤ ᠦᠵᠡᠪᠡ  ᠃ ᠬᠤᠷᠠᠯ ᠠᠴᠠ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠠᠴᠠ ᠭᠦᠨᠵᠡᠭᠡᠢ ᠰᠤᠷᠭᠠᠮᠵᠢ ᠠᠪᠴᠤ᠂ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠬᠥᠪᠴᠢ ᠶᠢ ᠴᠠᠭ ᠢᠮᠠᠭᠲᠠ ᠴᠢᠩᠭᠠᠯᠠᠬᠤ ᠬᠡᠷᠡᠭᠲᠡᠢ  ᠃ ᠬᠦᠰᠡᠯᠡᠩ ᠢᠲᠡᠭᠡᠯ ᠪᠢᠰᠢᠷᠡᠯ ᠢᠶᠠᠨ ᠭᠤᠶᠢᠪᠢᠰᠢ ᠦᠭᠡᠢ ᠪᠠᠷᠢᠮᠲᠠᠯᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ  ᠃ ᠭᠠᠷ  ᠲᠠᠬᠢ ᠡᠷᠬᠡ ᠪᠠᠨ ᠳᠤᠷ᠎ᠠ ᠪᠠᠷ ᠢᠶᠠᠨ ᠬᠡᠷᠡᠭᠯᠡᠬᠦ ᠦᠭᠡᠢ ᠪᠠᠶᠢᠬᠤ ᠶᠢ ᠪᠡᠶᠡᠯᠡᠭᠦᠯᠵᠦ᠂ ᠰᠠᠬᠢᠯᠭ᠎ᠠ ᠪᠠᠲᠤ ᠶᠣᠰᠣ ᠲᠦᠷᠢᠮ  ᠢ ᠢᠮᠠᠭᠲᠠ ᠲᠡᠷᠢᠭᠦᠨ ᠳᠤ ᠲᠠᠯᠪᠢᠬᠤ ᠬᠡᠷᠡᠭᠲᠡᠢ  ᠃ ᠲᠥᠷᠥᠯ ᠰᠠᠳᠤᠨ ᠤ ᠬᠠᠷᠢᠴᠠᠭ᠎ᠠ᠂ ᠨᠥᠬᠦᠷᠯᠡᠯ ᠤᠨ ᠬᠠᠷᠢᠴᠠᠭ᠎ᠠ ᠂ ᠨᠠᠶᠢᠷ ᠲᠠᠯ᠎ᠠ ᠶᠢᠨ ᠪᠣᠭᠤᠮᠲᠠ ᠶᠢ ᠢᠮᠠᠭᠲᠠ ᠰᠠᠶᠢᠲᠤᠷ ᠠᠳᠬᠤᠵᠤ᠂ ᠣᠯᠠᠨ ᠲᠦᠮᠡᠨ ᠤ ᠠᠰᠢᠭ ᠲᠤᠰᠠ ᠶᠢ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠣᠯᠠᠨ ᠲᠦᠮᠡᠨ ᠳᠤ ᠦᠨᠡᠨ ᠬᠦ ᠪᠣᠳᠠᠲᠤ ᠶᠠᠪᠤᠳᠠᠯ ᠬᠢᠵᠦ ᠥᠭᠴᠦ᠂ ᠬᠦᠴᠢᠷ ᠠᠰᠠᠭᠤᠳᠠᠯ ᠢ ᠨᠢ ᠰᠢᠶᠳᠪᠦᠷᠢᠯᠡᠨ ᠥᠭᠴᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ᠂ ᠬᠠᠯᠠᠭᠤᠨ ᠳᠤᠯᠠᠭᠠᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ  ᠃ ᠰᠤᠷᠲᠠᠯ ᠢ ᠲᠥᠪ ᠪᠣᠯᠭᠠᠵᠤ ᠰᠠᠬᠢᠯᠭ᠎ᠠ ᠪᠠᠲᠤ ᠶᠢ ᠴᠢᠩᠳᠠᠯᠠᠬᠤ ᠰᠦᠷ ᠬᠦᠴᠦᠲᠦ ᠪᠠᠶᠢᠳᠠᠯ ᠢ ᠢᠮᠠᠭᠲᠠ ᠪᠠᠲᠤᠯᠠᠵᠤ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠤᠯᠤᠰ ᠲᠦᠷᠦ ᠶᠢᠨ ᠠᠮᠢ ᠠᠬᠤᠢ ᠶᠢᠨ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠠᠲᠤᠯᠠᠬᠤ ᠬᠡᠷᠡᠭᠲᠡᠢ  ᠃ ᠰᠠᠬᠢᠯᠭ᠎ᠠ ᠪᠠᠲᠤ ᠶᠢ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠬᠦ᠂ ᠲᠦᠷᠢᠮ ᠤᠨ ᠪᠠᠶᠢᠭᠤᠯᠤᠯᠲᠠ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠬᠦᠴᠦᠯᠡᠵᠦ᠂ ᠢᠯᠵᠠᠷᠠᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠪᠠ ᠨᠡᠶᠢᠭᠡᠮ ᠤᠨ ᠬᠢᠨᠠᠯᠲᠠ ᠶᠢ ᠥᠷᠭᠡᠨ ᠢᠶᠠᠷ ᠬᠦᠯᠢᠶᠡᠵᠦ᠂ ᠠᠷᠢᠭᠤᠨ ᠴᠢᠬᠡᠴᠢ ᠶᠢᠨ ᠱᠠᠭᠠᠷᠳᠠᠯᠭ᠎ᠠ ᠶᠢ ᠡᠳᠦᠷ ᠲᠤᠳᠤᠮ ᠤᠨ ᠠᠵᠢᠯ ᠳᠠᠭᠠᠨ ᠲᠤᠭᠤᠰᠢᠯᠠᠭᠤᠯᠵᠤ᠂ ᠲᠣᠭᠤᠷᠢᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢᠶᠠᠨ ᠪᠠᠳᠠᠷᠠᠭᠤᠯᠵᠤ᠂ 《 ᠡᠷᠭᠢᠵᠦ ᠬᠠᠷᠠᠬᠤ 》 ᠠᠵᠢᠯ ᠢ ᠴᠠᠭ ᠲᠤᠨᠢ ᠲᠤᠬᠢᠷᠠᠭᠤᠯᠤᠨ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ  ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ  ᠃ ᠡᠯ᠎ᠡ ᠱᠠᠲᠤᠨ ᠤ ᠨᠠᠮ ᠤᠨ ᠬᠤᠷᠢᠶ᠎ᠠ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠤᠨ ᠭᠡᠰᠢᠭᠦᠨ ᠺᠠᠳ᠋ᠷ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠪᠦᠬᠦ ᠬᠦᠴᠦ ᠪᠠᠷ ᠢᠶᠠᠨ ᠠᠬᠢᠭᠤᠯᠵᠤ᠂ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠢᠶᠠᠨ ᠪᠦᠬᠦ ᠰᠢᠶᠠᠨ ᠤ ᠡᠯ᠎ᠡ ᠵᠦᠢᠯ ᠤᠨ ᠦᠢᠯᠡᠰ ᠤᠨ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠣᠯᠵᠤ᠂ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号