ᠠᠯᠲᠠᠨ ᠨᠠᠮᠤᠷ ᠤᠨ ᠤᠯᠠᠷᠢᠯ ᠳᠤ᠂ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠲᠠᠢ ᠫᠢᠩ ᠰᠢᠶᠠᠩ ᠤᠨ | ᠪᠠᠢ ᠮᠢᠶᠣᠣ ᠽᠢ ᠲᠣᠰᠬᠤᠨ ᠤ ᠶᠢᠨ ᠵᠦ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠲᠠᠷᠢᠶᠠᠨ ᠭᠠᠵᠠᠷ ᠠᠴᠠ | ᠬᠤᠯᠠ ᠶᠢ ᠪᠠᠷᠠᠯᠠᠬᠤᠶ᠎ᠠ᠂ ᠲᠤᠲᠤᠷᠭ᠎ᠠ ᠶᠢᠨ ᠲᠦᠷᠦᠭᠦᠦ ᠲᠤᠲᠤᠷᠭᠠᠨ ᠰᠦᠷᠡᠯ ᠢ ᠳᠠᠷᠤᠵᠤ᠂ ᠰᠢᠪᠠᠭᠤᠳ ᠤᠨ | ᠵᠢᠷᠭᠢᠬᠦ ᠲᠠᠭᠤᠨ ᠪᠠᠶᠢᠨ ᠪᠠᠶᠢᠨ ᠰᠤᠨᠤᠰᠳᠠᠨ᠎ᠠ᠃ ᠡᠨᠡ ᠬᠡᠰᠡᠭ ᠥᠩ ᠰᠢᠮᠡᠯᠢᠭ ᠲᠠᠷᠢᠶᠠᠨ ᠭᠠᠵᠠᠷ ᠢ ᠡᠵᠡᠭᠦᠶ ᠬᠡᠭᠡᠷ᠎ᠡ | ᠬᠤᠵᠢᠷᠯᠢᠭ ᠭᠠᠵᠠᠷ ᠲᠠᠢ ᠬᠤᠯᠪᠣᠨ ᠪᠤᠳᠤᠵᠤ ᠤᠯᠬᠤ ᠦᠭᠡᠢ ᠶᠤᠮ᠃ | ᠥᠩᠭᠡᠷᠡᠭᠰᠡᠨ ᠳᠤ ᠡᠨᠡ ᠬᠡᠰᠡᠭ ᠬᠤᠵᠢᠷᠯᠢᠭ ᠭᠠᠵᠠᠷ ᠲᠤ ᠲᠠᠷᠢᠶ᠎ᠠ ᠲᠠᠷᠢᠪᠠᠯ᠂ ᠵᠢᠯ ᠵᠢᠯ ᠲᠠᠷᠢᠶ᠎ᠠ ᠠᠯᠳᠠᠳᠠᠭ᠃ | ᠤᠳᠤ ᠤᠳᠠᠯ ᠥᠬᠡᠶ ᠡᠨᠡ ᠬᠡᠰᠡᠭ ᠭᠠᠵᠠᠷ ᠡᠯᠪᠡᠭ ᠬᠤᠷᠢᠶᠠᠯᠲᠠ ᠤᠯᠬᠤ ᠪᠣᠯᠤᠨ᠎ᠠ᠃ ᠬᠤᠵᠢᠷᠯᠢᠭ ᠭᠠᠵᠠᠷ | ᠶᠠᠭᠠᠬᠢᠭᠠᠳ ᠡᠯᠪᠡᠭ ᠬᠤᠷᠢᠶᠠᠯᠲᠠ ᠶᠢᠨ ᠲᠠᠷᠢᠶ᠎ᠠ ᠪᠣᠯᠴᠢᠬᠠᠪᠠ︖ | ᠤᠤᠯ ᠨᠢ᠂ 2015 ᠣᠨ ᠠᠴᠠ ᠡᠬᠢᠯᠡᠨ᠂ ᠶᠢᠨ ᠵᠦ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠨᠢ ᠡᠨᠡ | ᠬᠡᠰᠡᠭ ᠬᠤᠵᠢᠷᠯᠢᠭ ᠭᠠᠵᠠᠷ ᠢ ᠲᠡᠭᠰᠢᠯᠡᠵᠦ ᠰᠠᠶᠢᠵᠢᠷᠠᠭᠤᠯᠪᠠ᠃ ᠲᠠᠷᠢᠶᠠᠯᠠᠩ ᠤᠨ ᠲᠠᠯᠠᠪᠠᠢ ᠶᠢᠨ ᠬᠠᠷᠢᠭᠤᠴᠠᠯᠭᠠᠲᠠᠨ | ᠭᠤᠤ ᠶᠢᠨ ᠵᠦ 9 ᠵᠢᠯ ᠤᠨ ᠬᠤᠭᠤᠴᠠᠭ᠎ᠠ ᠵᠠᠷᠤᠴᠠᠭᠤᠯᠵᠤ᠂ 2100 ᠮᠦ ᠲᠠᠷᠢᠶᠠᠨ ᠭᠠᠵᠠᠷ ᠢ ᠰᠠᠶᠢᠵᠢᠷᠠᠭᠤᠯᠵᠤ᠂ | ᠮᠦ ᠪᠦᠷᠢ ᠶᠢᠨ ᠤᠨᠠᠯᠲᠠ ᠵᠢᠯ ᠳᠠᠷᠠᠭᠠᠯᠠᠨ ᠨᠡᠮᠡᠭᠳᠡᠵᠦ᠂ ᠤᠳᠤ ᠤᠰᠤᠨ ᠲᠤᠲᠤᠷᠭ᠎ᠠ ᠶᠢᠨ ᠮᠦ ᠪᠦᠷᠢ ᠶᠢᠨ ᠤᠨᠠᠯᠳᠠ | ᠨᠢ 550 ᠺᠢᠯᠣᠭ᠍ᠷᠠᠮ ᠳᠤ ᠬᠦᠷᠴᠦ᠂ ᠡᠷᠳᠡᠨᠢ ᠰᠢᠰᠢ ᠶᠢᠨ ᠮᠦ ᠪᠦᠷᠢ ᠶᠢᠨ ᠤᠠᠯᠳᠠ ᠨᠢ 900 ᠺᠢᠯᠣᠭ᠍ᠷᠠᠮ ᠳᠤ | ᠬᠦᠷᠴᠡᠢ᠃ | ︽ᠪᠢᠳᠡ ᠤᠬᠢᠶᠠᠬᠤ ᠠᠷᠭ᠎ᠠ ᠪᠠᠷ ᠬᠤᠵᠢᠷᠯᠢᠭ ᠲᠠᠷᠢᠶ᠎ᠠ ᠶᠢ ᠥᠭᠡᠷᠡᠴᠢᠯᠡᠵᠦ᠂ ᠭᠤᠤᠯ ᠤᠨ ᠤᠰᠤ ᠪᠠᠷ | ᠵᠢᠭᠤᠷᠠᠭᠰᠠᠨ ᠤ ᠳᠠᠷᠠᠭᠠᠬᠢ ᠬᠤᠵᠢᠷᠯᠢᠭ ᠭᠠᠵᠠᠷ ᠢ ᠤᠬᠢᠶᠠᠵᠤ᠂ ᠵᠢᠯ ᠪᠦᠷᠢ ᠬᠤᠶᠠᠷ ᠤᠳᠠᠭ᠎ᠠ ᠤᠬᠢᠶᠠᠨ᠎ᠠ᠃ ᠤᠳᠤ | ᠬᠡᠰᠡᠭ ᠭᠠᠵᠠᠷ ᠨᠢ ᠨᠢᠭᠡᠨᠲᠡ ᠲᠣᠨ ᠠᠮᠤ ᠪᠤᠳᠠᠭᠠᠨ ᠤ ᠲᠠᠷᠢᠶ᠎ᠠ ᠪᠣᠯᠵᠠᠶ᠃︾ ᠭᠡᠵᠦ ᠶᠢᠨ ᠵᠦ ᠭᠡᠷ ᠪᠦᠯᠢ ᠶᠢᠨ | ᠲᠠᠷᠢᠶᠠᠯᠠᠩ ᠤᠨ ᠲᠠᠯᠠᠪᠠᠢ ᠶᠢᠨ ᠶᠡᠷᠦᠩᠬᠡᠢ ᠳᠠᠭᠠᠭᠠᠮᠠᠯ ᠭᠤᠤ ᠶᠢᠨ ᠵᠦ ᠲᠠᠨᠢᠯᠴᠠᠭᠤᠯᠪᠠ᠃ | 2023 ᠣᠨ ᠳᠤ᠂ ᠶᠢᠨ ᠵᠣ᠋ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠰᠢᠨ᠎ᠡ ᠠᠵᠠ ᠲᠣᠬᠢᠶᠠᠯ ᠲᠠᠢ ᠪᠣᠯᠵᠣ | ᠂ ᠲᠦᠴᠢᠦᠸᠠᠨ ᠰᠢᠶᠠᠨ 1 ᠲᠦᠮᠡᠨ ᠮᠥ ᠬᠥᠩᠭᠡᠨ ᠳᠤᠮᠳᠠ ᠵᠡᠷᠭᠡ ᠶᠢᠨ ᠬᠤᠵᠢᠷᠰᠢᠭᠰᠠᠨ ᠲᠠᠷᠢᠶᠠᠨ ᠭᠠᠵᠠᠷ ᠢ | ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠲᠥᠷᠥᠯ ᠵᠦᠶᠯ ᠢ ᠬᠡᠷᠡᠭᠵᠢᠭᠦᠯᠵᠦ᠂ ᠪᠠᠶ ᠮᠢᠶᠣᠣ ᠽᠢ ᠲᠣᠰᠬᠤᠨ ᠢ | ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠬᠤ ᠲᠤᠷᠰᠢᠯᠲᠠ ᠶᠢᠨ ᠴᠡᠭ ᠤᠨ ᠨᠢᠭᠡ ᠪᠠᠷ ᠲᠣᠭᠲᠠᠭᠠᠪᠠ᠃ | ᠤᠰᠤᠨ ᠠᠰᠢᠭᠯᠠᠯᠲᠠ ᠶᠢᠨ ᠶᠠᠮᠤᠨ ᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠭᠠᠵᠠᠷ ᠲᠦᠷᠦᠯ ᠵᠦᠢᠯ ᠤᠨ ᠮᠡᠷᠭᠡᠵᠢᠯ ᠤᠨ ᠪᠦᠯᠬᠦᠮ ᠪᠣᠯᠤᠭᠰᠠᠨ ᠤ ᠬᠤᠪᠢ ᠳᠤ᠂ ᠲᠡᠳᠡ | ᠡᠵᠡᠮᠰᠢᠭᠰᠡᠨ ᠤᠯᠠᠨ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢᠶᠠᠷ ᠢᠶᠠᠨ ᠬᠤᠵᠢᠷᠯᠢᠭ | ᠭᠠᠵᠠᠷ ᠤᠨ ᠡᠨᠡ ᠬᠦ ᠬᠤᠪᠣᠷ ᠨᠠᠨᠳᠢᠨ ᠡᠬᠢ ᠪᠠᠶᠠᠯᠢᠭ ᠢ ︽ᠰᠡᠷᠭᠦᠭᠡᠨ᠎ᠡ︾᠃ | ︽ᠣᠳᠣᠬᠠᠨ ᠤ ᠮᠠᠨ ᠤ ᠣᠯᠤᠭᠰᠠᠨ ᠲᠤᠷᠰᠢᠯᠲᠠ ᠶᠢᠨ ᠲᠤᠭ᠎ᠠ ᠪᠠᠷᠢᠮᠲᠠ ᠠᠴᠠ ᠦᠵᠡᠪᠡᠯ᠂ 3 ᠰᠠᠷ᠎ᠠ ᠠᠴᠠ | 7 ᠰᠠᠷ᠎ᠠ ᠪᠣᠯᠲᠠᠯ᠎ᠠ᠂ ᠬᠥᠷᠥᠰᠥ ᠰᠢᠷᠣᠶ ᠶᠢᠨ pH ᠬᠡᠮᠵᠢᠭᠳᠡᠯ 0.4 ᠪᠠᠭᠤᠷᠠᠵᠤ᠂ ᠢᠯᠡᠳᠲᠡ ᠦᠷ᠎ᠡ ᠪᠦᠲᠦᠮᠵᠢ | ᠣᠯᠵᠠᠶ᠃︾ ᠭᠡᠵᠦ ᠶᠢᠨ ᠵᠦ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠳᠤ᠂ ᠤᠰᠤᠨ ᠠᠰᠢᠭᠯᠠᠯᠲᠠ ᠶᠢᠨ ᠶᠠᠮᠤᠨ | ᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ | ᠲᠤᠰᠠᠯᠠᠭᠴᠢ ᠢᠨᠵᠧᠨᠧᠷ ᠯᠢ ᠬᠤᠩ ᠹᠠᠩ ᠡᠷᠳᠡᠨᠢ ᠰᠢᠰᠢ ᠶᠢᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠬᠦ | ᠶᠢᠨ ᠳᠠᠭᠠᠤ ᠲᠠᠨᠢᠯᠴᠠᠭᠤᠯᠵᠤ ᠪᠠᠶᠢᠯ᠎ᠠ᠃ | ᠲᠦᠴᠢᠦᠸᠠᠨ ᠰᠢᠶᠠᠨ ᠭᠤᠤᠯᠳᠠᠭᠤ ᠡᠰᠢ ᠰᠦᠷᠡᠯ ᠢ ᠲᠠᠷᠢᠶᠠᠨ ᠳᠤ ᠣᠷᠣᠭᠤᠯᠬᠤ᠂ ᠱᠦᠯᠲᠦᠯᠢᠭ | ᠰᠠᠶᠢᠵᠢᠷᠠᠭᠤᠯᠬᠤ ᠡᠮ᠂ ᠬᠦᠬᠦᠷ ᠥᠬᠡᠶᠢᠳᠡᠭᠦᠯᠬᠦ ᠵᠤᠭᠠᠩ᠂ ᠣᠷᠭᠠᠨᠢᠭ ᠪᠣᠷᠲᠣᠭᠤᠷ᠂ ᠭᠦᠨ ᠬᠠᠭᠠᠯᠪᠤᠷᠢᠯᠠᠵᠤ ᠭᠦᠨ | ᠰᠤᠯᠠᠷᠠᠭᠤᠯᠬᠤ᠂ ᠠᠭ᠎ᠠ ᠠᠯᠳᠧᠭᠢᠳ᠋ ᠰᠢᠭᠠᠷᠤ᠂ ᠬᠤᠵᠢᠷ ᠲᠤ ᠳᠠᠭᠠᠭᠠᠮᠠᠭᠠᠶ ᠲᠥᠷᠥᠯ ᠵᠦᠶᠯ ᠢ ᠰᠢᠭᠰᠢᠨ ᠰᠣᠩᠭᠤᠬᠤ | ᠂ ᠬᠥᠷᠥᠰᠥ ᠰᠢᠷᠣᠶ ᠶᠢ ᠲᠣᠬᠢᠷᠠᠭᠤᠯᠬᠤ 8 ᠵᠦᠶᠯ ᠤᠨ ᠰᠠᠶᠢᠵᠢᠷᠠᠭᠤᠯᠬᠤ ᠮᠡᠷᠭᠡᠵᠢᠯ ᠤᠨ ᠵᠠᠭᠪᠤᠷ ᠢ ᠨᠡᠬᠡᠮᠵᠢᠯᠡᠨ | ᠬᠡᠷᠡᠭᠯᠡᠬᠦ ᠶᠢ ᠲᠡᠯᠭᠡᠷᠡᠭᠦᠯᠵᠡᠢ᠃ ᠪᠠᠶ ᠮᠢᠶᠣᠣ ᠽᠢ ᠲᠣᠰᠬᠤᠨ ᠳᠤ ᠬᠤᠵᠢᠷᠯᠢᠭ ᠴᠢᠨᠠᠷᠲᠠᠶ ᠺᠠᠯᠼ ᠮᠠᠭᠨᠢ ᠶᠢᠨ | ᠪᠣᠷᠲᠣᠭᠤᠷ ᠢ ᠰᠠᠶᠢᠵᠢᠷᠠᠭᠤᠯᠬᠤ ᠵᠢᠱᠢᠶ᠎ᠡ ᠦᠵᠡᠭᠦᠯᠬᠦ ᠣᠷᠣᠨ ᠢ 1800 ᠮᠥ ᠪᠥᠲᠥᠭᠡᠨ ᠪᠠᠶᠢᠭᠤᠯᠵᠦ᠂ ᠡᠶᠢᠮᠦᠷᠬᠦᠦ | ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠥᠷᠥᠰᠥ ᠰᠢᠷᠣᠶ ᠶᠢᠨ pH ᠬᠡᠮᠵᠢᠭᠳᠡᠯ ᠢ ᠳᠤᠮᠳᠠᠴᠢ ᠪᠠᠷ | 0.4 ᠪᠠᠷ ᠪᠠᠭᠤᠷᠠᠭᠤᠯᠵᠤ᠂ ᠪᠥᠬᠦ ᠳᠠᠪᠤᠰᠤᠨ ᠤ ᠠᠭᠤᠯᠤᠭᠳᠠᠴᠠ ᠶᠢ 10% ᠠᠴᠠ ᠳᠡᠭᠡᠭᠰᠢ ᠪᠠᠷ ᠪᠠᠭᠠᠰᠬᠠᠨ᠂ | ᠣᠷᠭᠠᠨᠢᠭ ᠪᠣᠳᠠᠰ ᠢ 0.2 ᠵᠠᠭᠤᠨ ᠤ ᠴᠡᠭ ᠠᠴᠠ ᠳᠡᠭᠡᠭᠰᠢ ᠳᠡᠭᠡᠭᠰᠢᠯᠡᠭᠦᠯᠵᠦ᠂ ᠬᠤᠵᠢᠷᠰᠢᠭᠰᠠᠨ ᠲᠠᠷᠢᠶᠠᠨ ᠭᠠᠵᠠᠷ | ᠤᠨ ᠬᠦᠴᠦ ᠰᠢᠮ᠎ᠡ ᠶᠢ ᠢᠯᠡᠳᠲᠡ ᠲᠡᠭᠡᠭᠰᠢᠯᠡᠭᠦᠯᠪᠡ᠃ | ︽ᠪᠢᠳᠡ ᠬᠥᠷᠥᠰᠥ ᠰᠢᠷᠣᠶ ᠶᠢ ᠪᠠᠶᠢᠴᠠᠭᠠᠨ ᠰᠢᠯᠭᠠᠬᠤ ᠲᠠᠰᠤᠭ ᠪᠠᠶᠢᠭᠤᠯᠵᠤ᠂ ᠵᠢᠯ ᠪᠦᠷᠢ 4 ᠬᠤᠭᠤᠴᠠᠭᠠᠨ | ᠤ ᠬᠥᠷᠥᠰᠥ ᠰᠢᠷᠣᠶ ᠶᠢᠨ ᠪᠠᠶᠢᠴᠠᠭᠠᠨ ᠬᠡᠮᠵᠢᠯᠲᠡ ᠬᠢᠵᠦ᠂ ᠭᠤᠤᠯᠳᠠᠭᠤ ᠬᠤᠵᠢᠷᠯᠢᠭ ᠭᠠᠵᠠᠷ ᠤᠨ pH ᠬᠡᠮᠵᠢᠭᠳᠡᠯ | ᠢ ᠦᠵᠡᠨ᠎ᠡ᠃ ᠣᠳᠣᠬᠠᠨ ᠳᠤ ᠬᠤᠵᠢᠷᠯᠢᠭ ᠭᠠᠵᠠᠷ ᠤᠨ pH ᠬᠡᠮᠵᠢᠭᠳᠡᠯ ᠨᠢ ᠵᠢᠯ ᠪᠦᠷᠢ 1.5 - 2 ᠢᠶᠠᠷ | ᠪᠠᠭᠤᠷᠠᠵᠤ ᠪᠠᠶᠢᠨ᠎ᠠ᠂ ᠡᠭᠦᠨ ᠤ ᠬᠠᠮᠲᠤ ᠪᠠᠶᠢᠴᠠᠭᠠᠨ ᠰᠢᠯᠭᠠᠬᠤ ᠪᠠᠷ ᠳᠡᠮᠵᠢᠨ ᠬᠥᠷᠥᠰᠥ ᠰᠢᠷᠣᠶ ᠶᠢᠨ ᠰᠢᠮ᠎ᠡ | ᠲᠡᠵᠢᠭᠡᠯ ᠢ ᠨᠥᠬᠦᠪᠥᠷᠢᠯᠡᠵᠦ᠂ ᠲᠠᠷᠢᠮᠠᠯ ᠤᠨ ᠥᠨᠳᠥᠷ ᠤᠨᠠᠯᠲᠠ ᠶᠢ ᠪᠡᠶᠡᠯᠡᠭᠦᠯᠦᠨ᠎ᠡ᠃︾ ᠭᠡᠵᠦ ᠭᠤᠤ ᠶᠢᠨ ᠵᠦ | ᠬᠡᠯᠡᠪᠡ᠃ | ᠡᠳᠡᠭᠡᠷ ᠪᠡᠯᠡᠳᠬᠡᠯ ᠭᠠᠵᠠᠷ ᠰᠢᠷᠣᠢ ᠶᠢ ᠰᠠᠶᠢᠲᠤᠷ ᠠᠰᠢᠭᠯᠠᠬᠤ ᠨᠢ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠲᠦᠴᠢᠦᠸᠠᠨ ᠰᠢᠶᠠᠨ ᠬᠤᠵᠢᠷᠯᠢᠭ ᠭᠠᠵᠠᠷ ᠢ | ᠵᠠᠰᠠᠬᠤ ᠪᠠ ᠬᠤᠵᠢᠷᠯᠢᠭ ᠭᠠᠵᠠᠷ ᠤᠨ ᠦᠷ᠎ᠡ ᠶᠢᠨ ᠦᠶᠯᠡᠰ ᠤᠨ ᠲᠠᠯ᠎ᠠ ᠪᠠᠷ ᠵᠡᠷᠭᠡ ᠪᠠᠷ ᠪᠣᠭᠤᠮᠲᠠ ᠰᠢᠪᠲᠤᠯᠵᠤ᠂ ︽ | ᠭᠠᠵᠠᠷ ᠢᠶᠠᠨ ᠥᠭᠡᠷᠡᠴᠢᠯᠡᠵᠦ ᠵᠣᠬᠢᠰᠲᠠᠶ ᠳᠠᠷᠢᠬᠤ︾ ᠠᠴᠠ ︽ ᠭᠠᠵᠠᠷ ᠲᠤ ᠲᠤᠬᠢᠷᠠᠭᠤᠯᠤᠨ ᠲᠠᠷᠢᠬᠤ︾ ᠪᠤᠯᠪᠠ᠃ | ᠲᠠᠢ ᠫᠢᠩ ᠰᠢᠶᠠᠩ ᠤᠨ ᠰᠢᠩ ᠯᠦᠩ ᠱᠠᠨ ᠲᠣᠰᠬᠤᠨ ᠳᠤ᠂ ᠳᠠᠬᠢᠨ ᠳᠠᠪᠲᠠᠨ ᠲᠤᠷᠰᠢᠨ ᠳᠠᠷᠢᠬᠤ ᠪᠠᠷ ᠳᠡᠮᠵᠢᠨ᠂ | ᠬᠠᠮᠤᠭ ᠡᠴᠦᠰ ᠲᠤ ᠡᠷᠳᠡᠨᠢ ᠰᠢᠰᠢ᠂ ᠰᠢᠰᠢ᠂ ᠨᠣᠬᠠᠶ ᠶᠢᠨ ᠬᠤᠰᠢᠭᠤ 3 ᠵᠦᠶᠯ ᠤᠨ ᠬᠤᠵᠢᠷ ᠲᠤ ᠲᠡᠰᠪᠦᠷᠢᠲᠡᠶ | ᠲᠠᠷᠢᠮᠠᠯ ᠢ ᠲᠣᠰ ᠲᠣᠰ 5 ᠡᠭᠦᠯᠳᠡᠷ ᠰᠣᠩᠭᠤᠨ ᠪᠣᠶᠢᠵᠢᠭᠤᠯᠵᠤ᠂ ᠳᠣᠤᠷ᠎ᠠ ᠬᠡᠮᠵᠢᠶᠡᠨ ᠤ ᠪᠤᠶᠤ ᠳᠤᠮᠳᠠ ᠬᠡᠮᠵᠢᠶᠡᠨ | ᠤ ᠬᠤᠵᠢᠷᠯᠢᠭ ᠭᠠᠵᠠᠷ ᠲᠤ ᠤᠷᠭᠤᠬᠤ ᠳᠤ ᠲᠣᠬᠢᠷᠠᠮᠵᠢᠲᠠᠶ ᠲᠠᠷᠢᠮᠠᠯ ᠤᠨ ᠡᠭᠦᠯᠳᠡᠷ ᠢ ᠰᠢᠭᠰᠢᠨ ᠪᠣᠶᠢᠵᠢᠭᠤᠯᠪᠠ᠃ | 30 ᠭᠠᠷᠤᠶ ᠵᠢᠯ ᠲᠠᠷᠢᠶ᠎ᠠ ᠲᠠᠷᠢᠭᠰᠠᠨ ᠯᠢᠦ ᠢᠤᠢ ᠬᠠᠶ ᠪᠣᠯ ᠰᠢᠩ ᠯᠦᠩ ᠱᠠᠨ ᠲᠣᠰᠬᠤᠨ ᠤ ᠬᠠᠮᠤᠭ ᠡᠷᠲᠡ | ᠥᠨᠳᠥᠷ ᠭᠠᠷᠤᠯᠲᠠ ᠲᠠᠢ ᠡᠭᠦᠯᠳᠡᠷ ᠲᠠᠷᠢᠭᠰᠠᠨ ᠲᠠᠷᠢᠶᠠᠴᠢᠨ ᠡᠷᠦᠬᠡ ᠶᠢᠨ ᠨᠢᠭᠡ ᠪᠣᠯᠤᠨ᠎ᠠ᠃ ︽ᠬᠠᠮᠤᠭ ᠤᠨ | ᠡᠷᠲᠡᠨ ᠤ ᠲᠥᠷᠥᠯ ᠵᠦᠶᠯ ᠤᠨ ᠮᠥ ᠪᠦᠷᠢ ᠶᠢᠨ ᠤᠨᠠᠯᠲᠠ ᠨᠢ ᠵᠥᠪᠬᠡᠨ 50 ᠭᠠᠷᠤᠶ ᠺᠢᠯᠣᠭ᠍ᠷᠠᠮ ᠪᠠᠶᠢᠵᠤ᠂ ᠰᠡᠭᠦᠯᠡᠷ | ᠨᠢ ᠤᠨᠠᠯᠲᠠ ᠨᠢ ᠥᠨᠳᠥᠷ᠂ ᠬᠤᠵᠢᠷᠯᠢᠭ᠂ ᠭᠠᠩ ᠬᠠᠭᠰᠠᠷᠠᠭᠠᠨ ᠳᠤ ᠲᠡᠰᠪᠦᠷᠢᠳᠡᠢ ᠪᠣᠭᠤᠳᠠᠶ ᠶᠢᠨ ᠲᠥᠷᠥᠯ ᠵᠦᠶᠯ | ᠢ ᠳᠠᠷᠢᠵᠤ᠂ ᠣᠲᠣ ᠤᠨᠠᠯᠲᠠ ᠨᠢ ᠳᠣᠯᠤᠭ᠎ᠠ ᠨᠠᠶᠮᠠᠨ ᠳᠠᠬᠢᠨ ᠪᠣᠯᠵᠠᠶ᠃ ᠡᠨᠡ ᠵᠢᠯ ᠤᠨ ᠪᠣᠷᠣᠭᠠᠨ ᠬᠤᠷ᠎ᠠ ᠰᠠᠶᠢᠨ᠂ | ᠡᠯᠪᠡᠭ ᠬᠤᠷᠢᠶᠠᠯᠲᠠ ᠣᠯᠬᠤ ᠭᠡᠵᠦ ᠪᠠᠶᠢᠨ᠎ᠠ︕︾ ᠭᠡᠵᠦ ᠯᠢᠦ ᠢᠤᠢ ᠬᠠᠢ ᠪᠠᠶᠠᠷᠳᠠᠢ ᠬᠡᠯᠡᠨ᠎ᠡ᠃ | ᠥᠩᠭᠡᠷᠡᠭᠡᠭᠰᠡᠨ ᠳᠤ ᠬᠤᠵᠢᠷᠯᠢᠭ ᠠᠲᠠᠷ ᠭᠠᠵᠠᠷ᠂ ᠥᠨᠥᠳᠦᠷ ᠤᠨ ᠥᠩ ᠰᠢᠮᠡᠯᠢᠭ ᠲᠠᠷᠢᠶᠠᠨ ᠭᠠᠵᠠᠷ ᠪᠤᠯᠪᠠ᠃ | ᠣᠯᠠᠨ ᠵᠢᠯ ᠤᠨ ᠬᠠᠶᠢᠨ ᠰᠦᠪᠡᠭᠴᠢᠯᠡᠯᠲᠡ ᠪᠠᠷ ᠳᠡᠮᠵᠢᠨ᠂ ᠲᠦᠴᠢᠦᠸᠠᠨ ᠰᠢᠶᠠᠨ ᠤ ᠬᠤᠵᠢᠷᠯᠢᠭ ᠭᠠᠵᠠᠷ ᠢ ᠵᠠᠰᠠᠵᠤ | ᠠᠰᠢᠭᠯᠠᠬᠤ ᠠᠷᠭ᠎ᠠ ᠬᠡᠮᠵᠢᠶ᠎ᠡ ᠤᠯᠠᠮ ᠢᠶᠠᠷ ᠪᠠᠶᠠᠯᠢᠭᠵᠢᠪᠠ᠃ ᠲᠣᠭᠲᠠᠴᠠ ᠶᠢᠨ ᠲᠠᠯ᠎ᠠ ᠪᠠᠷ ᠪᠠᠰᠠ ᠵᠣᠷᠢᠭᠲᠠᠶ ᠪᠠᠷ | ᠰᠦᠪᠡᠭᠴᠢᠯᠡᠨ ᠰᠢᠨ᠎ᠡ ᠶᠢ ᠡᠭᠦᠳᠴᠦ᠂ ︽ᠨᠠᠮ ᠤᠨ ᠡᠭᠦᠷ + ᠬᠤᠷᠰᠢᠶ᠎ᠠ + ᠲᠠᠷᠢᠶᠠᠴᠢᠨ ᠡᠷᠦᠬᠡ︾ ᠶᠢᠨ ᠰᠢᠨ᠎ᠡ | ᠬᠡᠯᠪᠡᠷᠢ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠪᠠᠷ ᠫᠢᠩ ᠶᠤᠸᠠᠨ ᠲᠣᠰᠬᠤᠨ ᠤ ᠬᠤᠵᠢᠷᠯᠢᠭ ᠭᠠᠵᠠᠷ ᠢ | ᠵᠠᠰᠠᠵᠤ᠂ ᠠᠰᠢᠭᠯᠠᠵᠤ᠂ ᠨᠠᠮ ᠤᠨ ᠡᠭᠦᠷ ᠤᠨ ᠤᠳᠤᠷᠢᠳᠤᠯᠭ᠎ᠠ ᠳᠣᠤᠷᠠᠬᠢ ᠬᠡᠪᠴᠢᠶᠡᠵᠢᠭᠦᠯᠦᠨ ᠵᠠᠰᠠᠬᠤ᠂ | ᠡᠷᠴᠢᠮᠵᠢᠭᠦᠯᠦᠨ ᠡᠵᠡᠩᠨᠡᠬᠦ ᠪᠠ ︽ᠲᠠᠷᠢᠶᠠᠯᠠᠬᠤ ᠬᠠᠮᠢᠶᠠᠷᠬᠤ ᠰᠡᠷᠭᠡᠶᠢᠯᠡᠬᠦ ᠬᠤᠷᠢᠶᠠᠬᠤ︾ ᠪᠥᠬᠦ ᠬᠡᠯᠬᠢᠶ᠎ᠡ | ᠦᠶᠯᠡᠴᠢᠯᠡᠭᠡ ᠶᠢ ᠪᠡᠶᠡᠯᠡᠭᠦᠯᠪᠡ᠃ | ︽ᠪᠢ ᠥᠪᠡᠷ ᠤᠨ 30 ᠮᠥ ᠲᠠᠷᠢᠶ᠎ᠠ ᠪᠠᠨ ᠬᠤᠷᠰᠢᠶ᠎ᠠ ᠳᠤ ᠨᠠᠶᠢᠳᠠᠨ ᠬᠠᠮᠢᠶᠠᠷᠤᠭᠤᠯᠪᠠ᠂ ᠣᠲᠣ ᠳᠠᠷᠢᠵᠤ | ᠪᠠᠶᠢᠭᠰᠠᠨ ᠠᠴᠠ ᠪᠠᠨ ᠬᠤᠷᠢᠶᠠᠯᠲᠠ ᠤᠯᠬᠤ ᠪᠣᠯᠲᠠᠯ᠎ᠠ ᠴᠥᠮ ᠬᠤᠷᠰᠢᠶ᠎ᠠ ᠪᠠᠷ ᠬᠠᠮᠢᠶᠠᠷᠤᠭᠤᠯᠵᠤ᠂ ᠬᠤᠷᠰᠢᠶ᠎ᠠ ᠪᠠᠰᠠ | ᠮᠠᠨ ᠤ ᠬᠡᠷ ᠤᠨ ᠲᠠᠷᠢᠶ᠎ᠠ ᠶᠢ ᠰᠠᠶᠢᠵᠢᠷᠠᠭᠤᠯᠵᠠᠶ᠂ ᠣᠲᠣ ᠶᠢᠨ ᠤᠨᠠᠯᠲᠠ ᠨᠢ ᠥᠩᠭᠡᠷᠡᠭᠰᠡᠨ ᠤ ᠬᠢ ᠠᠴᠠ ᠪᠠᠨ ᠨᠢᠭᠡ | ᠬᠡᠰᠡᠭ ᠳᠡᠭᠡᠭᠰᠢᠯᠡᠵᠡᠶ᠃ ᠪᠢ ᠪᠠᠰᠠ ᠬᠤᠷᠰᠢᠶᠠᠨ ᠳᠤ ᠣᠴᠢᠵᠤ ᠠᠷᠰᠠᠷ ᠠᠵᠢᠯ ᠬᠢᠵᠦ ᠪᠣᠯᠤᠨ᠎ᠠ᠂ ᠨᠢᠭᠡ ᠵᠢᠯ ᠳᠤ | 10 ᠭᠠᠷᠤᠢ ᠲᠦᠮᠡᠨ ᠲᠥᠭᠦᠷᠢᠭ ᠤᠨ ᠣᠷᠣᠯᠭ᠎ᠠ ᠲᠠᠢ᠃︾ ᠭᠡᠵᠦ ᠫᠢᠩ ᠶᠤᠸᠠᠨ ᠲᠣᠰᠬᠤᠨ ᠤ ᠲᠠᠷᠢᠶᠠᠴᠢᠨ ᠵᠤᠤ | ᠳ᠋ᠧ ᠪᠠᠶᠠᠷᠲᠠᠢ ᠬᠡᠯᠡᠨ᠎ᠡ᠃ | ︽ᠲᠣᠰᠬᠤᠨ ᠤ ᠠᠷᠠᠳ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ︿ᠲᠠᠷᠢᠶᠠᠨ ᠭᠠᠵᠠᠷ ᠠᠴᠠ ᠵᠣᠭᠤᠰ | ᠠᠪᠬᠤ﹀᠂ ᠭᠠᠵᠠᠷ ᠰᠢᠷᠣᠶ ᠪᠠᠷ ᠬᠤᠪᠢ ᠣᠷᠣᠭᠤᠯᠬᠤ ︿ᠤᠳᠠᠭᠠᠨ ᠳᠠᠭᠠᠭᠠᠮᠠᠭᠠᠶ ᠴᠢᠨᠠᠷᠲᠠᠶ ᠠᠰᠢᠭ ᠭᠥᠷᠳᠡᠬᠦ﹀᠂ | ᠨᠠᠶᠢᠳᠠᠨ ᠬᠠᠮᠢᠶᠠᠷᠤᠭᠤᠯᠵᠤ ᠦᠶᠯᠡᠴᠢᠯᠡᠬᠦ ︿ᠬᠡᠷ ᠤᠨ ᠡᠭᠦᠳᠡᠨ ᠠᠴᠠ ᠪᠠᠨ ᠵᠣᠭᠤᠰ ᠤᠯᠬᠤ﹀ ᠵᠡᠷᠭᠡ ᠠᠷᠭ᠎ᠠ ᠮᠠᠶ᠋ᠢᠭ | ᠢᠶᠠᠷ ᠳᠠᠮᠵᠢᠭᠤᠯᠤᠨ᠂ ᠭᠠᠵᠠᠷ ᠰᠢᠷᠣᠶ ᠶᠢᠨ ᠲᠦᠷᠢᠶᠡᠰᠦᠨ ᠮᠥᠩᠭᠦ᠂ ᠬᠤᠪᠢ ᠣᠷᠣᠭᠤᠯᠤᠯᠲᠠ ᠶᠢᠨ ᠠᠰᠢᠭ | ᠬᠤᠪᠢᠶᠠᠷᠢᠯᠠᠯᠲᠠ᠂ ᠦᠶᠯᠡᠳᠪᠦᠷᠢᠯᠡᠯ ᠪᠠ ᠠᠵᠢᠯ ᠬᠥᠳᠡᠯᠮᠦᠷᠢ ᠵᠡᠷᠭᠡ ᠭᠤᠷᠪᠠᠨ ᠬᠤᠪᠢ ᠣᠷᠣᠯᠭ᠎ᠠ ᠶᠢ ᠪᠡᠶᠡᠯᠡᠭᠦᠯᠵᠦ᠂ | ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠪᠦᠲᠦᠮᠵᠢᠲᠡᠶ ᠥᠷᠭᠡᠳᠬᠡᠵᠦ᠂ ᠵᠢᠯ ᠪᠦᠷᠢ ᠶᠢᠨ ᠬᠥᠮᠦᠨ ᠳᠤᠮᠳᠠᠴᠢ | ᠶᠢᠨ ᠡᠵᠡᠮᠳᠡᠵᠦ ᠪᠣᠯᠬᠤ ᠣᠷᠣᠯᠭ᠎ᠠ ᠨᠢ ᠬᠠᠮᠤᠭ ᠤᠨ ᠪᠠᠭ᠎ᠠ ᠳᠠᠭᠠᠨ 5 ᠲᠦᠮᠡ ᠭᠠᠷᠤᠶ ᠲᠥᠭᠦᠷᠢᠭ ᠬᠦᠷᠴᠡᠶ᠃︾ | ᠭᠡᠵᠦ ᠲᠦᠴᠢᠦᠸᠠᠨ ᠰᠢᠶᠠᠨ ᠤ ᠶᠠᠨ ᠯᠢᠶᠠᠩ ᠲᠠᠷᠢᠶᠠᠯᠠᠩ ᠤᠨ ᠮᠠᠰᠢᠨᠴᠢᠯᠠᠯᠲᠠ ᠶᠢᠨ ᠲᠠᠷᠢᠮᠠᠯ ᠤᠨ ᠲᠤᠰᠬᠠᠶ | ᠬᠤᠷᠰᠢᠶ᠎ᠠ ᠶᠢᠨ ᠬᠠᠷᠢᠭᠤᠴᠠᠯᠭᠠᠲᠠᠨ ᠭᠤᠤ ᠭᠦᠸᠧ ᠶᠠᠨ ᠲᠠᠨᠢᠯᠴᠠᠭᠤᠯᠪᠠ᠃ | ᠣᠶᠢᠷ᠎ᠠ ᠶᠢᠨ ᠵᠢᠯ ᠤᠳ ᠲᠤ᠂ ᠬᠤᠵᠢᠷᠯᠢᠭ ᠭᠠᠵᠠᠷ ᠢ ᠵᠦᠶ ᠵᠣᠬᠢᠰᠲᠠᠶ ᠰᠠᠶᠢᠲᠤᠷ ᠠᠰᠢᠭᠯᠠᠵᠤ᠂ ᠳᠠᠷᠢᠵᠤ | ᠪᠣᠯᠬᠤ ᠭᠠᠵᠠᠷ ᠤᠨ ᠲᠠᠯᠠᠪᠠᠶ ᠶᠢ ᠨᠡᠮᠡᠭᠳᠡᠭᠦᠯᠬᠦ ᠶᠢᠨ ᠲᠥᠯᠥᠭᠡ᠂ ᠲᠦᠴᠢᠦᠸᠠᠨ ᠰᠢᠶᠠᠨ ᠲᠠᠷᠢᠶᠠᠯᠠᠩ᠂ ᠤᠰᠤᠨ | ᠠᠰᠢᠭᠯᠠᠯᠲᠠ ᠵᠡᠷᠭᠡ ᠲᠠᠯ᠎ᠠ ᠶᠢᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠠᠵᠢᠯᠯᠠᠬᠤ ᠳᠤᠭᠤᠶᠢᠯᠠᠩ | ᠪᠠᠶᠢᠭᠤᠯᠤᠨ ᠮᠡᠷᠭᠡᠵᠢᠯ ᠤᠨ ᠵᠢᠯᠣᠭᠤᠳᠣᠯᠭ᠎ᠠ ᠬᠢᠵᠦ᠂ ᠭᠠᠵᠠᠷ ᠰᠢᠷᠣᠶ ᠶᠢ ᠴᠡᠭᠴᠡᠯᠡᠨ ᠵᠠᠰᠠᠬᠤ᠂ ᠬᠥᠷᠥᠰᠥ ᠰᠢᠷᠣᠶ | ᠶᠢ ᠰᠠᠶᠢᠵᠢᠷᠠᠭᠤᠯᠬᠤ᠂ ᠰᠠᠶᠢᠨ ᠡᠭᠦᠯᠳᠡᠷ ᠢ ᠰᠣᠩᠭᠤᠨ ᠪᠣᠶᠢᠵᠢᠭᠤᠯᠬᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ | ᠬᠠᠮᠠᠭᠠᠯᠠᠬᠤ ᠵᠡᠷᠭᠡ ᠰᠢᠰᠲ᠋ᠧᠮᠲᠦ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠤᠯᠤᠨ᠂ 1 ᠲᠦᠮᠡᠨ ᠮᠥ ᠬᠤᠵᠢᠷᠯᠢᠭ | ᠭᠠᠵᠠᠷ ᠢ ᠶᠡᠷᠦᠩᠬᠡᠶᠢᠯᠡᠨ ᠨᠡᠭᠡᠭᠡᠨ ᠠᠰᠢᠭᠯᠠᠵᠤ᠂ ᠲᠦᠮᠡ ᠭᠠᠷᠤᠶ ᠮᠥ ᠬᠦᠨᠳᠦ ᠬᠤᠵᠢᠷᠯᠢᠭ ᠭᠠᠵᠠᠷ ᠢ ᠦᠩ | ᠰᠢᠮᠡᠯᠡᠭ ᠭᠠᠵᠠᠷ ᠰᠢᠷᠤᠢ ᠪᠤᠯᠠᠭᠠᠨ ᠠᠮᠢᠯᠠᠭᠤᠯᠵᠤ᠂ ᠲᠠᠷᠢᠶᠠᠴᠢᠳ ᠤᠨ ᠤᠷᠤᠯᠠᠭᠠ ᠶᠢ ᠨᠡᠮᠡᠭᠳᠡᠭᠦᠯᠪᠡ᠃ |