ᠨᠠᠮᠤᠷ ᠤᠨ ᠰᠠᠯᠬᠢ ᠰᠡᠩᠭᠢᠨᠡᠵᠦ᠂ ᠠᠯᠲᠠᠨ ᠤᠳᠪᠠᠯᠠ ᠠᠩᠬᠢᠯᠤᠮ᠎ᠠ ᠦᠨᠦᠷ ᠬᠠᠩᠬᠤᠯᠵᠤ᠂ ᠪᠠᠰᠠ ᠨᠢᠭᠡ ᠵᠢᠯ | ᠤᠨ ᠶᠢᠰᠦᠨ ᠰᠠᠷ᠎ᠠ ᠶᠢᠨ ᠶᠢᠰᠦᠨ ᠪᠤᠯᠤᠯ᠎ᠠ᠃ ᠤᠢᠢᠷ᠎ᠡ ᠶᠢᠨ ᠡᠳᠦᠷ ᠤᠳ ᠲᠤ᠂ ᠲᠦᠴᠢᠦᠸᠠᠨ ᠰᠢᠶᠠᠨ ︽ᠶᠢᠰᠦᠨ | ᠰᠠᠷ᠎ᠠ ᠶᠢᠨ ᠶᠢᠰᠦᠨ ᠤ ᠨᠠᠰᠤᠳᠠᠶᠢᠴᠤᠳ ᠤᠨ ᠪᠠᠶᠠᠷ ᠨᠠᠰᠤᠲᠠᠨ ᠢᠶᠠᠨ ᠬᠦᠨᠳᠦᠯᠡᠬᠦ ᠭᠦᠨ ᠵᠤᠵᠠᠭᠠᠨ ᠬᠠᠶᠢᠷ᠎ᠠ | ᠰᠡᠳᠬᠢᠯᠭᠡ︾ ᠭᠡᠬᠦ ᠨᠠᠰᠤᠲᠠᠨ ᠢ ᠬᠠᠯᠠᠮᠵᠢᠯᠠᠨ ᠬᠠᠶᠢᠷᠠᠯᠠᠬᠤ ᠰᠢᠷᠢᠰ ᠠᠵᠢᠯᠯᠠᠭ᠎ᠠ ᠥᠷᠨᠢᠭᠦᠯᠵᠦ᠂ ᠨᠠᠰᠤᠲᠠᠶᠢᠴᠤᠳ | ᠲᠤ ᠪᠠᠶᠠᠷ ᠤᠨ ᠡᠳᠦᠷ ᠤᠨ ᠳᠣᠲᠣᠨᠣ ᠵᠥᠩᠨᠡᠯ ᠪᠣᠯᠤᠨ ᠵᠠᠰᠠᠭ ᠤᠨ ᠣᠷᠳᠣᠨ ᠤ ᠭᠦᠨ ᠵᠤᠵᠠᠭᠠᠨ ᠬᠠᠶᠢᠷ᠎ᠠ | ᠰᠡᠳᠬᠢᠯᠭᠡ ᠶᠢ ᠬᠦᠷᠭᠡᠪᠡ᠃ | | 10 ᠰᠠᠷ᠎ᠠ ᠶᠢᠨ 10 ᠤ ᠡᠳᠦᠷ᠂ ᠲᠦᠴᠢᠦᠸᠠᠨ ᠰᠢᠶᠠᠨ ᠤ ᠤᠯᠠᠭᠠᠨᠮᠥ᠋ᠴᠢᠷ ᠲᠣᠰ ᠲᠣᠰ ᠲᠦᠴᠢᠦᠸᠠᠨ | ᠰᠢᠶᠠᠨ ᠤ ᠢ ᠾᠧ ᠰᠤᠪᠢᠯᠠᠯᠲᠠ ᠶᠢᠨ ᠬᠦᠷᠢᠶᠡᠯᠡᠩ ᠪᠣᠯᠤᠨ ᠲᠦᠴᠢᠦᠸᠠᠨ ᠰᠢᠶᠠᠨ ᠤ ᠵᠢᠶᠠ ᠾᠧ ᠡᠷᠡᠭᠦᠯᠵᠢᠯ | ᠰᠤᠪᠢᠯᠠᠯᠲᠠ ᠶᠢᠨ ᠬᠦᠷᠢᠶᠡᠯᠡᠩ ᠳᠤ ᠬᠦᠷᠴᠦ᠂ ᠨᠠᠰᠤᠲᠠᠶᠢᠴᠤᠳ ᠲᠤ ᠭᠤᠶᠢᠳᠠ ᠰᠠᠶᠢᠬᠠᠨ ᠲᠣᠭᠯᠠᠯᠲᠠ ᠭᠠᠷᠭᠠᠪᠠ᠃ | | ᠲᠣᠭᠯᠠᠯᠲᠠ ᠨᠢ ︽ᠲᠠᠯ᠎ᠠ ᠨᠤᠲᠤᠭ ᠲᠤ ᠮᠥᠩᠬᠡ ᠶᠢᠨ ᠨᠠᠷᠠ ᠮᠠᠨᠳᠤᠯ᠎ᠠ︾ ᠭᠡᠬᠦ ᠪᠠᠶᠠᠷ ᠪᠠᠶᠠᠰᠬᠤᠯᠠᠩᠲᠤ | ᠪᠥᠵᠢᠭ ᠢᠶᠠᠷ ᠬᠥᠰᠢᠭᠡ ᠪᠠᠨ ᠰᠡᠬᠦᠪᠡ᠃ ᠲᠤᠭᠯᠠᠭᠴᠢᠳ ᠭᠤᠶᠢᠳᠠ ᠰᠠᠶᠢᠬᠠᠨ ᠪᠥᠵᠢᠭ᠂ ᠰᠡᠳᠬᠢᠯ ᠬᠥᠳᠡᠯᠭᠡᠮ᠎ᠡ | ᠳᠠᠭᠤᠤ᠂ ᠴᠢᠩ ᠰᠡᠳᠬᠢᠯ ᠤᠨ ᠵᠥᠩᠨᠡᠯ ᠢᠶᠠᠷ ᠢᠶᠠᠨ ᠨᠠᠰᠤᠲᠠᠶᠢᠴᠤᠳ ᠲᠤ ᠭᠤᠴᠣ ᠰᠠᠶᠢᠬᠠᠨ ᠲᠣᠭᠯᠠᠯᠲᠠ ᠭᠠᠷᠭᠠᠵᠤ | ᠂ ᠲᠤᠬᠠᠢ ᠶᠢᠨ ᠲᠠᠯᠠᠪᠠᠢ ᠳᠤ ᠪᠠᠶᠠᠷ ᠬᠦᠷ ᠢᠶᠠᠷ ᠪᠢᠯᠬᠠᠵᠤ᠂ ᠠᠯᠠᠭ᠎ᠠ ᠲᠠᠰᠢᠯᠳᠠ ᠶᠢᠨ ᠲᠠᠭᠤᠨ ᠲᠠᠰᠤᠷᠠᠯᠳᠠ ᠦᠭᠡᠢ | ᠴᠤᠤᠷᠢᠶᠠᠲᠤᠨ᠎ᠠ᠃ | | ︽ᠤᠯᠠᠭᠠᠨᠮᠥ᠋ᠴᠢᠷ ᠤᠨ ᠬᠢᠨ ᠪᠢᠳᠡᠨ ᠢ ᠦᠵᠡᠬᠦ ᠪᠠᠷ ᠢᠷᠡᠯ᠎ᠡ᠂ ᠲᠡᠳᠡᠨ ᠤ ᠲᠣᠭᠯᠠᠯᠲᠠ ᠦᠨᠡᠬᠡᠷ ᠰᠣᠨᠢᠷᠬᠠᠯᠲᠠᠶ᠂ | ᠪᠢᠳᠡ ᠦᠨᠡᠬᠡᠷ ᠪᠠᠶᠠᠷᠯᠠᠵᠤ ᠪᠠᠶᠢᠨ᠎ᠠ᠂ ᠮᠠᠷᠲᠠᠭᠳᠠᠰᠢ ᠥᠬᠡᠶ ᠶᠢᠰᠦᠨ ᠰᠠᠷ᠎ᠠ ᠶᠢᠨ ᠶᠢᠰᠦᠨ ᠤ ᠪᠠᠶᠠᠷ︕︾ ᠭᠡᠵᠦ | ᠢ ᠾᠧ ᠰᠤᠪᠢᠯᠠᠯᠲᠠ ᠶᠢᠨ ᠬᠦᠷᠢᠶᠡᠯᠡᠩ ᠤᠨ ᠶᠤᠸᠠᠢ ᠱᠤ᠋ ᠵᠧᠨ ᠪᠠᠶᠠᠷᠲᠠᠶ ᠬᠡᠯᠡᠨ᠎ᠡ᠃ | | ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠨᠠᠰᠤᠲᠠᠶᠢᠴᠤᠳ ᠤᠨ ᠣᠶᠤᠨ ᠰᠠᠨᠠᠭ᠎ᠠ ᠰᠣᠶᠣᠯ ᠤᠨ | ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ︽ᠨᠠᠰᠤᠲᠠᠶᠢᠴᠤᠳ ᠢ ᠬᠦᠨᠳᠦᠳᠬᠡᠬᠦ᠂ | ᠨᠠᠰᠤᠲᠠᠶᠢᠴᠤᠳ ᠢ ᠬᠠᠶᠢᠷᠠᠯᠠᠬᠤ᠂ ᠨᠠᠰᠤᠲᠠᠶᠢᠴᠤᠳ ᠢ ᠬᠠᠪᠰᠤᠷᠬᠤ︾ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ | ᠢ ᠤᠯᠠᠮ ᠨᠢᠭᠡ ᠠᠯᠬᠤᠮ ᠪᠠᠳᠠᠷᠠᠭᠤᠯᠵᠤ᠂ ᠤᠯᠠᠭᠠᠨᠮᠥ᠋ᠴᠢᠷ ᠤᠨ ᠭᠡᠰᠢᠭᠦᠳ ᠤᠨ ᠨᠠᠰᠤᠲᠠᠶᠢᠴᠤᠳ ᠢ ᠬᠦᠨᠳᠦᠳᠬᠡᠬᠦ | ᠨᠠᠰᠤᠲᠠᠶᠢᠴᠤᠳ ᠢ ᠬᠦᠨᠳᠦᠳᠬᠡᠬᠦ ᠵᠣᠷᠢᠭ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ︕ | | ︽ᠲᠤᠰ ᠤᠳᠠᠭ᠎ᠠ ᠶᠢᠨ ᠠᠵᠢᠯᠯᠠᠭ᠎ᠠ ᠨᠢ ᠪᠠᠶᠠᠷ ᠤᠨ ᠡᠳᠦᠷ ᠤᠨ ᠵᠥᠩᠨᠡᠯ ᠢ ᠳᠠᠮᠵᠢᠭᠤᠯᠤᠭᠰᠠᠨ ᠢᠶᠠᠷ ᠪᠠᠷᠠᠬᠤ | ᠦᠭᠡᠢ᠂ ᠨᠡᠩ ᠴᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠤᠯᠠᠮᠵᠢᠯᠠᠯᠲᠤ ᠰᠠᠶᠢᠬᠠᠨ ᠰᠤᠷᠲᠠᠯ ᠢ | ᠪᠠᠳᠠᠷᠠᠭᠤᠯᠤᠨ ᠤᠯᠠᠮᠵᠢᠯᠠᠭᠰᠠᠨ ᠪᠠᠶᠢᠨ᠎ᠠ᠃ ᠬᠤᠶᠢᠰᠢᠳᠠ᠂ ᠲᠦᠴᠢᠦᠸᠠᠨ ᠰᠢᠶᠠᠨ ᠤ ᠤᠯᠠᠭᠠᠨᠮᠥ᠋ᠴᠢᠷ ᠠᠭᠤᠯᠭ᠎ᠠ ᠪᠠᠷ | ᠪᠠᠶᠠᠯᠢᠭ᠂ ᠬᠡᠯᠪᠡᠷᠢ ᠮᠠᠶ᠋ᠢᠭ ᠢᠶᠠᠷ ᠣᠯᠠᠨ ᠶᠠᠩᠵᠤ ᠶᠢᠨ ᠠᠵᠢᠯᠯᠠᠭ᠎ᠠ ᠶᠢ ᠦᠷᠭᠦᠯᠵᠢᠯᠡᠨ ᠲᠥᠰᠦᠪᠯᠡᠨ ᠭᠠᠷᠭᠠᠵᠤ᠂ | ᠰᠣᠶᠣᠯ ᠤᠨ ᠤᠷᠢᠬᠠᠨ ᠰᠠᠯᠬᠢ ᠶᠢ ᠠᠷᠠᠳ ᠣᠯᠠᠨ ᠤ ᠬᠡᠷ ᠲᠤ ᠬᠦᠷᠭᠡᠵᠦ᠂ ᠠᠷᠠᠳ ᠣᠯᠠᠨ ᠤ ᠵᠣᠯ ᠵᠢᠷᠭᠠᠯ ᠤᠨ | ᠵᠢᠭᠠᠯᠲᠠ ᠲᠤᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃︾ ᠭᠡᠵᠦ ᠲᠦᠴᠢᠦᠸᠠᠨ ᠰᠢᠶᠠᠨ ᠤ ᠤᠯᠠᠭᠠᠨᠮᠥ᠋ᠴᠢᠷ | ᠤᠨ ᠵᠢᠭᠠᠨ ᠵᠢᠯᠣᠭᠤᠳᠣᠭᠴᠢ ᠮᠠ ᠶᠢᠨ ᠳ᠋ᠦᠩ ᠲᠠᠨᠢᠯᠴᠠᠭᠤᠯᠪᠠ᠃ | | ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠦᠨᠳᠦᠳᠭᠡᠬᠦ᠂ ᠨᠠᠰᠤᠲᠠᠨ | ᠢᠶᠠᠨ ᠬᠠᠪᠰᠤᠷᠬᠤ᠂ ᠨᠠᠰᠤᠲᠠᠨ ᠢᠶᠠᠨ ᠠᠰᠠᠷᠠᠬᠤ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠶᠢᠰᠦᠨ ᠰᠠᠷ᠎ᠠ ᠶᠢᠨ | ᠶᠢᠰᠦᠨ ᠤ ᠪᠠᠶᠠᠷ ᠤᠨ ᠬᠤᠭᠤᠴᠠᠭᠠᠨ ᠳᠤ ᠬᠦᠴᠢᠷᠳᠡᠯᠲᠡᠶ ᠨᠠᠰᠤᠲᠠᠳ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ | ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠥᠷᠨᠢᠭᠦᠯᠬᠦ ᠶᠢᠨ ᠲᠥᠯᠥᠭᠡ᠂ 10 ᠰᠠᠷ᠎ᠠ ᠶᠢᠨ 10 ᠤ ᠡᠳᠦᠷ᠂ | ᠲᠦᠴᠢᠦᠸᠠᠨ ᠰᠢᠶᠠᠨ ᠤ ᠲᠠᠢ ᠫᠢᠩ ᠰᠢᠶᠠᠩ ᠰᠢᠶᠠᠨ ᠤ ᠭᠤᠤᠯ ᠨᠠᠰᠤᠲᠠᠨ ᠠᠰᠠᠷᠠᠬᠤ ᠬᠦᠷᠢᠶᠡᠯᠡᠩ ᠪᠣᠯᠤᠨ ᠬᠢᠩᠭᠠᠨ | ᠤ ᠠᠲᠠᠷ ᠬᠠᠭᠠᠯᠪᠤᠷᠢᠯᠠᠯᠲᠠ ᠶᠢᠨ ᠬᠠᠮᠢᠶ᠎ᠠ ᠪᠥᠬᠦᠶ ᠠᠵᠤ ᠠᠬᠤᠶᠢᠯᠠᠯ ᠲᠠᠢ ᠬᠠᠮᠳᠤᠷᠠᠨ ᠶᠢᠰᠦᠨ ᠰᠠᠷ᠎ᠠ ᠶᠢᠨ ᠶᠢᠰᠦᠨ | ᠤ ᠪᠠᠶᠠᠷ ᠤᠨ ᠡᠳᠦᠷ ᠨᠠᠰᠤᠲᠠᠶᠢᠴᠤᠳ ᠲᠤ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠥᠷᠨᠢᠭᠦᠯᠵᠦ᠂ ᠳᠦᠭᠦᠷᠡᠩ | ᠬᠠᠶᠢᠷ᠎ᠠ ᠬᠠᠯᠠᠮᠵᠢ ᠪᠠ ᠵᠥᠩᠨᠡᠯ ᠳᠡᠪᠰᠢᠭᠦᠯᠵᠦ᠂ ᠡᠦ ᠰᠠᠨ ᠲᠣᠰᠬᠤᠨ ᠤ ᠬᠡᠰᠡᠭ ᠨᠠᠰᠤᠲᠠᠶᠢᠴᠤᠳ ᠲᠤ ᠲᠤᠲᠤᠷᠭ᠎ᠠ᠂ | ᠭᠤᠯᠢᠷ ᠵᠡᠷᠭᠡ ᠡᠳ᠋ ᠪᠣᠳᠠᠰ ᠬᠦᠷᠭᠡᠵᠦ᠂ ᠨᠠᠷᠢᠨ ᠨᠢᠮᠪᠠᠶ ᠪᠡᠯᠡᠳᠬᠡᠭᠰᠡᠨ ᠪᠡᠯᠡᠭ ᠪᠣᠯᠭᠠᠨ᠂ ᠬᠢᠵᠠᠭᠠᠯᠠᠰᠢ ᠥᠬᠡᠶ | ᠬᠠᠶᠢᠷ᠎ᠠ ᠬᠠᠯᠠᠮᠵᠢ ᠪᠠ ᠬᠠᠶᠢᠷ᠎ᠠ ᠬᠠᠯᠠᠮᠵᠢ ᠶᠢ ᠠᠴᠢᠶᠠᠯᠠᠵᠤ ᠪᠠᠶᠢᠨ᠎ᠠ᠃ | | ᠡᠭᠦᠨ ᠤ ᠬᠠᠮᠲᠤ᠂ ᠲᠦᠴᠢᠦᠸᠠᠨ ᠰᠢᠶᠠᠨ ᠤ ᠭᠤᠣᠯ ᠨᠠᠰᠤᠲᠠᠨ ᠢ ᠠᠰᠠᠷᠠᠬᠤ ᠬᠦᠷᠢᠶᠡᠯᠡᠩ ᠪᠠᠰᠠ ᠡᠦ ᠰᠠᠨ | ᠲᠣᠰᠬᠤᠨ ᠤ ᠨᠠᠰᠤᠲᠠᠨ ᠢ ᠤᠷᠢᠵᠤ ᠶᠤᠸᠠᠢ ᠰᠢᠶᠠᠩ ᠵᠣᠯ ᠵᠢᠷᠭᠠᠯᠲᠤ ᠬᠤᠭᠤᠯᠠᠨ ᠭᠡᠷ ᠲᠤ 《 ᠬᠠᠶᠢᠷ᠎ᠠ | ᠪᠢᠯᠬᠠᠭᠰᠠᠨ ᠶᠢᠰᠦᠨ ᠰᠠᠷ᠎ᠠ ᠶᠢᠨ ᠶᠢᠰᠦᠨ ᠤ ᠪᠠᠶᠠᠷ ᠢᠶᠠᠷ ᠨᠠᠰᠤᠳᠠᠨ ᠢ ᠳᠤᠯᠠᠭᠠᠴᠠᠭᠤᠯᠤᠶ᠎ᠠ︾ ᠭᠡᠬᠦ ᠰᠡᠳᠬᠢᠯ ᠢ | ᠳᠤᠯᠠᠭᠠᠴᠠᠭᠤᠯᠬᠤ ︽ᠪᠠᠩᠰᠢ ᠶᠢᠨ ᠳᠠᠶᠢᠯᠠᠯᠭ᠎ᠠ︾ ᠶᠢᠨ ᠠᠵᠢᠯᠯᠠᠭ᠎ᠠ ᠥᠷᠨᠢᠭᠦᠯᠪᠡ᠃ | | ᠠᠵᠢᠯᠯᠠᠭ᠎ᠠ ᠶᠢᠨ ᠠᠬᠤᠶ ᠲᠠᠯᠠᠪᠠᠶ ᠳᠤ᠂ ᠣᠯᠠᠨ ᠢᠶᠠᠷ ᠢᠶᠠᠨ ᠨᠢᠭᠡ ᠲᠠᠯ᠎ᠠ ᠪᠠᠷ ᠪᠥᠭᠡᠮᠨᠡᠷᠡᠨ ᠨᠢᠭᠡ ᠲᠠᠯ᠎ᠠ ᠪᠠᠷ | ᠶᠠᠭᠠᠷᠠᠵᠤ᠂ ᠨᠥᠭᠦᠭᠡ ᠲᠠᠯ᠎ᠠ ᠪᠠᠷ ᠪᠠᠩᠰᠢ ᠪᠠᠷᠢᠬᠤ ᠤᠷ᠎ᠠ ᠮᠡᠷᠭᠡᠵᠢᠯ ᠪᠠ ᠲᠤᠷᠰᠢᠯᠭ᠎ᠠ ᠪᠠᠨ ᠰᠣᠯᠢᠯᠴᠠᠵᠤ᠂ ᠠᠬᠤᠶ | ᠲᠠᠯᠠᠪᠠᠶ ᠶᠢᠨ ᠠᠭᠤᠷ ᠠᠮᠢᠰᠬᠤᠯ ᠮᠠᠰᠢ ᠡᠶ᠎ᠡ ᠡᠪᠲᠡᠶ ᠪᠠᠶᠢᠯ᠎ᠠ᠃ ᠪᠠᠩᠰᠢ ᠳᠤ ᠪᠠᠭᠯᠠᠭᠰᠠᠨ ᠨᠢ ᠵᠥᠪᠬᠡᠨ ᠢᠳᠡᠭᠡ | ᠪᠢᠰᠢ᠂ ᠨᠠᠩ ᠴᠤ ᠬᠠᠶᠢᠷ᠎ᠠ ᠬᠠᠯᠠᠮᠵᠢ᠂ ᠠᠴᠢᠯᠠᠯ᠂ ᠡᠶ᠎ᠡ ᠵᠣᠬᠢᠴᠠᠩᠭᠤᠶ ᠰᠠᠶᠢᠨ ᠰᠠᠢᠬᠠᠨ ᠠᠮᠢᠳᠤᠷᠠᠯ ᠪᠤᠯᠤᠨ᠎ᠠ᠃ | | ︽ᠶᠢᠰᠦᠨ ᠰᠠᠷ᠎ᠠ ᠶᠢᠨ ᠶᠢᠰᠦᠨ ᠤ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠮᠠᠨ ᠤ ᠲᠦᠴᠢᠦᠸᠠᠨ ᠰᠢᠶᠠᠨ ᠤ | ᠲᠦᠪ ᠤᠨ ᠨᠠᠰᠤᠲᠠᠨ ᠢ ᠠᠰᠠᠷᠠᠬᠤ ᠬᠦᠷᠢᠶᠡᠯᠡᠩ ᠠᠯᠢ ᠤᠯᠠᠨ ᠠᠵᠢᠯᠯᠠᠭ᠎ᠠ ᠡᠷᠬᠢᠯᠡᠭᠰᠡᠨ ᠨᠢ ᠠᠴᠢᠯᠠᠯ ᠤᠨ ᠰᠣᠶᠣᠯ ᠢ | ᠪᠠᠳᠠᠷᠠᠭᠤᠯᠵᠤ᠂ ᠳᠤᠮᠳᠠᠳᠤ ᠶᠢᠨ ᠰᠠᠶᠢᠬᠠᠨ ᠰᠤᠷᠲᠠᠯ ᠢ ᠵᠠᠯᠭᠠᠮᠵᠢᠯᠠᠬᠤ ᠶᠢᠨ ᠲᠥᠯᠥᠭᠡ ᠶᠤᠮ᠃ ᠡᠷᠭᠢᠨ ᠲᠣᠭᠤᠷᠢᠨ | ᠤ ᠨᠠᠰᠤᠲᠠᠳ ᠲᠤ ᠮᠠᠨ ᠤ ᠲᠥᠪ ᠤᠨ ᠨᠠᠰᠤᠲᠠᠨ ᠢ ᠠᠰᠠᠷᠠᠬᠤ ᠬᠦᠷᠢᠶᠡᠯᠡᠩ ᠢ ᠣᠶᠢᠯᠠᠭᠠᠭᠤᠯᠵᠤ᠂ ᠲᠡᠳᠡᠨ ᠢ ᠠᠳᠡ | ᠶᠢᠰᠦᠨ ᠰᠠᠷ᠎ᠠ ᠶᠢᠨ ᠶᠢᠰᠦᠨ ᠤ ᠪᠠᠶᠠᠷ ᠢ ᠪᠠᠶᠠᠷ ᠬᠥᠷ ᠲᠠᠢ ᠥᠩᠭᠡᠷᠡᠭᠦᠯᠵᠡᠶ᠃︾ ᠭᠡᠵᠦ ᠲᠦᠴᠢᠦᠸᠠᠨ ᠰᠢᠶᠠᠨ ᠤ | ᠭᠤᠤᠯ ᠨᠠᠰᠤᠲᠠᠨ ᠢ ᠠᠰᠠᠷᠠᠬᠤ ᠬᠦᠷᠢᠶᠡᠯᠡᠩ ᠤᠨ ᠳᠠᠷᠤᠭ᠎ᠠ ᠹᠧᠩ ᠸᠧᠨ ᠬᠠᠶ ᠲᠠᠨᠢᠯᠴᠠᠭᠤᠯᠪᠠ᠃ | 10 ᠰᠠᠷ᠎ᠠ ᠶᠢᠨ 10 ᠤ ᠡᠳᠦᠷ᠂ ᠲᠦᠴᠢᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠲᠣᠪᠴᠢᠶ᠎ᠠ ᠠᠴᠠ ᠭᠤᠤᠯᠯᠠᠨ ᠡᠷᠭᠢᠯᠡᠵᠦ᠂ ᠶᠠᠩᠭᠠᠷ ᠪᠥᠵᠢᠭ ᠤᠨ ᠨᠡᠶᠢᠭᠡᠮᠯᠢᠭ ᠠᠴᠠ ᠳᠠᠭᠠᠭᠠᠨ ᠡᠷᠭᠢᠯᠡᠭᠰᠡᠨ ︽ | ᠤᠮᠠᠷᠠᠲᠤ ᠶᠢᠨ ᠶᠢᠰᠦᠨ ᠰᠠᠷ᠎ᠠ ᠶᠢᠨ ᠶᠢᠰᠦᠨ ᠤ ᠶᠠᠩᠭᠠᠷ ᠪᠥᠵᠢᠭ ᠤᠨ ᠦᠵᠡᠭᠦᠯᠦᠯᠭᠡ︾ ᠶᠢᠨ ᠭᠤᠤᠯ ᠰᠡᠳᠦᠪᠲᠦ | ᠠᠵᠢᠯᠯᠠᠭ᠎ᠠ ᠲᠦᠴᠢᠦᠸᠠᠨ ᠰᠢᠶᠠᠨ ᠤ ᠠᠷᠠᠳ ᠤᠨ ᠪᠡᠶ᠎ᠡ ᠶᠢᠨ ᠲᠠᠮᠢᠷ ᠤᠨ ᠲᠠᠯᠠᠪᠠᠶ ᠳᠤ ᠭᠤᠶᠢᠳᠠ ᠰᠠᠶᠢᠬᠠᠨ | ᠶᠠᠪᠤᠭᠳᠠᠪᠠ᠃ | | ᠠᠵᠢᠯᠯᠠᠭᠠᠨ ᠤ ᠲᠠᠯᠠᠪᠠᠢ ᠳᠤ᠂ ᠬᠥᠮᠦᠨ ᠬᠠᠷ᠎ᠠ ᠦᠢᠮᠡᠯᠳᠦᠨ ᠱᠤᠤᠭᠢᠯᠳᠤᠵᠤ᠂ ᠶᠠᠩᠭᠠᠷ ᠪᠥᠵᠢᠭ ᠤᠨ ᠪᠦᠯᠬᠦᠮ | ᠤᠨ ᠭᠡᠰᠢᠭᠦᠳ ᠦᠨᠳᠦᠰᠦᠲᠡᠨ ᠤ ᠬᠤᠪᠴᠠᠰᠤ ᠵᠠᠰᠠᠯ ᠢᠶᠠᠨ ᠡᠮᠦᠰᠴᠦ᠂ ᠥᠩᠭᠡᠲᠦ ᠳᠡᠪᠢᠭᠦᠷ ᠠᠳᠬᠤᠨ ᠪᠥᠵᠢᠭᠯᠡᠵᠦ | ᠪᠠᠶᠢᠯ᠎ᠠ᠃ ᠲᠡᠳᠡ ᠥᠪᠡᠷᠮᠢᠴᠡ ᠠᠢᠵᠠᠮ ᠴᠣᠬᠢᠯᠭ᠎ᠠ᠂ ᠢᠷᠠᠭᠤ ᠰᠠᠶᠢᠬᠠᠨ ᠪᠥᠵᠢᠭ ᠤᠨ ᠳᠦᠷᠢ ᠪᠠᠢᠳᠠᠯ ᠪᠠ | ᠨᠥᠯᠥᠭᠡᠯᠡᠬᠦ ᠬᠦᠴᠦᠨ ᠲᠠᠢ ᠲᠣᠭᠯᠠᠯᠲᠠ ᠪᠠᠷ ᠢᠶᠠᠨ ᠮᠠᠰᠢ ᠣᠯᠠᠨ ᠰᠠᠭᠤᠭᠠᠯᠢ ᠠᠷᠠᠳ ᠤᠨ ᠠᠩᠬᠠᠷᠤᠯ ᠢ ᠲᠠᠲᠠᠵᠤ᠂ | ᠣᠯᠠᠨ ᠢᠶᠠᠷ ᠢᠶᠠᠨ ᠭᠠᠷ ᠤᠲᠠᠰᠤ ᠪᠠᠨ ᠭᠠᠷᠭᠠᠵᠤ᠂ ᠡᠨᠡ ᠬᠦ ᠰᠠᠶᠢᠨ ᠰᠠᠶᠢᠬᠠᠨ ᠭᠱᠠᠨ ᠢ ᠲᠡᠮᠳᠡᠭᠯᠡᠪᠡ᠃ | ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠡᠳᠦᠷ᠂ ᠲᠡᠳᠡᠨ ᠤ ᠲᠣᠭᠯᠠᠭᠰᠠᠨ ᠶᠠᠩᠭᠠᠷ ᠢ ᠪᠢ ᠡᠬᠢᠨ ᠠᠴᠠ ᠨᠢ | ᠠᠳᠠᠭ ᠲᠤ ᠨᠢ ᠬᠦᠷᠲᠡᠯ᠎ᠡ ᠦᠵᠡᠵᠦ᠂ ᠲᠣᠭᠯᠠᠭᠰᠠᠨ ᠨᠢ ᠪᠦᠷ ᠲᠤᠩ ᠰᠠᠶᠢᠬᠠᠨ᠂ ᠡᠶᠢᠮᠦ ᠬᠥᠳᠡᠯᠭᠡᠭᠡᠨ ᠢ ᠰᠡᠭᠦᠯᠡᠷ | ᠢᠯᠡᠭᠦᠦ ᠶᠠᠪᠤᠭᠳᠠᠭᠤᠯᠬᠤ ᠶᠢ ᠬᠦᠰᠡᠨ᠎ᠡ᠃︾ ᠭᠡᠵᠦ ᠰᠠᠭᠤᠭᠠᠯᠢ ᠠᠷᠠᠳ ᠭᠦᠸᠧ ᠫᠢᠩ ᠬᠡᠯᠡᠪᠡ᠃ | ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 16 ᠶᠠᠩᠭᠠᠷ ᠤᠨ ᠡᠩᠨᠡᠭᠡ ᠤᠷᠤᠯᠴᠠᠵᠤ᠂ ᠮᠢᠩᠭ᠎ᠠ ᠭᠠᠷᠤᠶ | ᠢᠳᠡᠷ ᠥᠲᠡᠯᠦᠭᠡ ᠨᠠᠰᠤᠨ ᠤ ᠲᠣᠭᠯᠠᠭᠴᠢᠳ ᠪᠠᠶᠠᠷ ᠬᠥᠷ ᠲᠠᠢ ᠬᠥᠭ ᠠᠶᠠᠰ᠂ ᠭᠤᠶᠢᠳᠠ ᠰᠠᠶᠢᠬᠠᠨ ᠲᠣᠭᠯᠠᠯᠲᠠ | ᠶᠢᠨ ᠮᠡᠷᠭᠡᠵᠢᠯ᠂ ᠭᠤᠶᠢᠳᠠ ᠰᠠᠶᠢᠬᠠᠨ ᠬᠥᠳᠡᠯᠦᠯ ᠢᠶᠠᠷ ᠢᠶᠠᠨ ᠵᠡᠭᠦᠨ ᠬᠤᠶᠢᠲᠤ ᠶᠢᠨ ᠶᠠᠩᠭᠠᠷ ᠤᠨ ᠥᠪᠡᠷᠮᠢᠴᠡ | ᠤᠷᠠᠯᠢᠭ ᠤᠨ ᠬᠡᠯᠪᠡᠷᠢ ᠪᠠᠷ ᠶᠢᠰᠦᠨ ᠰᠠᠷ᠎ᠠ ᠶᠢᠨ ᠶᠢᠰᠦᠨ ᠤ ᠪᠠᠶᠠᠷ ᠢ ᠪᠡᠯᠭᠡᠯᠡᠵᠡᠶ᠃ |