ᠢᠯᠴᠢ ᠬᠠᠩᠭᠠᠬᠤ ᠬᠤᠭᠤᠴᠠᠭ᠎ᠠ ᠣᠶᠢᠷᠠᠳᠬᠤ ᠶᠢ ᠳᠠᠭᠠᠯᠳᠤᠨ᠂ ᠢᠯᠴᠢ ᠬᠠᠩᠭᠠᠬᠤ ᠨᠢ ᠳᠠᠬᠢᠨᠲᠠ ᠲᠦᠭ | ᠲᠦᠮᠡᠨ ᠠᠶᠢᠯ ᠡᠷᠦᠬᠡ ᠶᠢᠨ ᠠᠩᠬᠠᠷᠤᠯ ᠤᠨ ᠲᠥᠪ ᠪᠣᠯᠪᠠ᠃ ᠡᠨᠡ ᠵᠢᠯ᠂ ᠲᠦᠴᠢᠦᠸᠠᠨ ᠰᠢᠶᠠᠨ ︽ᠲᠤᠯᠠᠭᠠᠯᠠᠭ᠎ᠠ | ᠶᠢᠨ ᠢᠨᠵᠧᠨᠧᠷᠢᠩ︾ ᠢ ᠪᠦᠬᠦ ᠰᠢᠶᠠᠨ ᠤ ︽ᠨᠢᠭᠡᠳᠦᠭᠡᠷ ᠢᠨᠵᠧᠨᠧᠷᠢᠩ︾ ᠪᠣᠯᠭᠠᠵᠤ᠂ ᠢᠯᠴᠢ ᠶᠢᠨ ᠰᠤᠷᠪᠤᠯᠵᠢ᠂ | ᠢᠯᠴᠢ ᠶᠢᠨ ᠲᠣᠣᠷ᠂ ᠢᠯᠴᠢ ᠰᠣᠯᠢᠬᠤ ᠦᠷᠳᠡᠭᠡ᠂ ᠢᠯᠴᠢ ᠬᠡᠷᠡᠭᠯᠡᠭᠴᠢ ᠪᠣᠯᠤᠨ ᠪᠠᠶᠢᠭᠤᠯᠤᠮᠵᠢ ᠲᠣᠭᠲᠠᠴᠠ ᠵᠡᠷᠭᠡ | ᠲᠠᠯ᠎ᠠ ᠪᠠᠷ ᠵᠡᠷᠭᠡᠪᠡᠷ ᠬᠦᠴᠦᠯᠡᠵᠦ᠂ ᠢᠯᠴᠢ ᠬᠠᠩᠭᠠᠬᠤ ᠶᠠᠰᠤ ᠴᠢᠨᠠᠷ ᠪᠣᠯᠤᠨ ᠦᠢᠯᠡᠴᠢᠯᠡᠭᠡᠨ ᠤ ᠲᠦᠪᠰᠢᠨ ᠢ ᠪᠦᠬᠦ | ᠲᠠᠯ᠎ᠠ ᠪᠠᠷ ᠳᠡᠭᠡᠭᠰᠢᠯᠡᠭᠦᠯᠪᠡ᠃ ᠳᠤᠯᠠᠭᠠᠯᠠᠭ᠎ᠠ ᠶᠢᠨ ᠤᠯᠠᠷᠢᠯ ᠢ ᠤᠭᠲᠤᠬᠤ ᠶᠢᠨ ᠲᠥᠯᠥᠭᠡ᠂ ᠥᠪᠥᠷ ᠮᠣᠩᠭᠤᠯ ᠤᠨ | ᠰᠢᠨ ᠲᠠᠢ ᠪᠦᠯᠦᠭᠯᠡᠯ ᠤᠨ ᠲᠦᠴᠢᠦᠸᠠᠨ ᠰᠢᠶᠠᠨ ᠤ ᠰᠢᠨ ᠭᠤᠸᠠᠩ ᠢᠯᠴᠢ ᠶᠢᠨ ᠬᠦᠴᠦᠨ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠤᠷᠢᠳ ᠢᠶᠠᠷ ᠪᠡᠯᠡᠳᠬᠡᠯ ᠬᠢᠵᠦ᠂ ᠳᠤᠯᠠᠭᠠᠯᠠᠭ᠎ᠠ ᠬᠠᠩᠭᠠᠬᠤ ᠬᠤᠭᠤᠯᠠᠶ᠂ ᠳᠤᠯᠠᠭᠠᠯᠠᠭ᠎ᠠ | ᠬᠠᠩᠭᠠᠬᠤ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠪᠠ ᠠᠷᠠᠴᠢᠯᠠᠨ ᠬᠠᠮᠠᠭᠠᠯᠠᠵᠤ᠂ ᠳᠤᠯᠠᠭᠠᠯᠠᠭ᠎ᠠ ᠬᠠᠩᠭᠠᠬᠤ ᠡᠳ᠋ | ᠪᠣᠳᠠᠰ ᠢ ᠵᠠᠯᠭᠠᠭ᠎ᠠ ᠪᠠᠷ ᠪᠣᠳᠠᠲᠠᠶᠢᠵᠢᠭᠤᠯᠵᠤ᠂ ᠨᠢᠭᠡᠨᠲᠡ ᠡᠯ᠎ᠡ ᠵᠦᠶᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ | ᠲᠣᠭᠲᠠᠭᠰᠠᠨ ᠴᠠᠭ ᠲᠠᠭᠠᠨ ᠳᠤᠯᠠᠭᠠᠯᠠᠭ᠎ᠠ ᠬᠠᠩᠭᠠᠬᠤ ᠶᠢ ᠦᠨᠡᠨ ᠬᠦ ᠪᠠᠲᠤᠯᠠᠪᠠ᠃ | ᠵᠢᠯ ᠳᠤ ᠨᠢᠭᠡ ᠤᠳᠠᠭ᠎ᠠ ᠶᠠᠪᠤᠭᠳᠠᠳᠠᠭ ᠳᠤᠯᠠᠭᠠᠯᠭ᠎ᠠ ᠶᠢᠨ ᠤᠯᠠᠷᠢᠯ ᠬᠦᠷᠴᠦ ᠢᠷᠡᠯ᠎ᠡ᠂ ᠥᠪᠥᠷ ᠮᠣᠩᠭᠤᠯ ᠤᠨ | ᠰᠢᠨ ᠲᠠᠢ ᠪᠦᠯᠦᠭᠯᠡᠯ ᠤᠨ ᠲᠦᠴᠢᠦᠸᠠᠨ ᠰᠢᠶᠠᠨ ᠤ ᠰᠢᠨ ᠭᠤᠸᠠᠩ ᠢᠯᠴᠢ ᠶᠢᠨ ᠬᠦᠴᠦᠨ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠬᠦᠷᠢᠶᠡᠨ ᠳᠤ᠂ ᠨᠡᠭᠦᠷᠡᠰᠦ ᠵᠥᠭᠡᠭᠡᠪᠦᠷᠢᠯᠡᠬᠦ ᠲᠡᠷᠭᠡ ᠨᠦᠭᠦᠳ ᠮᠥᠷᠯᠡᠨ ᠵᠢᠭᠰᠠᠵᠤ᠂ | ᠡᠮᠬᠢ ᠵᠢᠷᠤᠮ ᠲᠠᠢ ᠪᠠᠷ ᠨᠡᠭᠦᠷᠡᠰᠦ ᠪᠠᠨ ᠪᠠᠭᠤᠯᠭᠠᠵᠤ ᠪᠠᠶᠢᠯ᠎ᠠ᠃ ᠡᠵᠡᠮᠳᠡᠬᠦ ᠲᠠᠰᠤᠭ ᠲᠤ᠂ ᠠᠵᠢᠯᠲᠠᠳ ᠡᠯ᠎ᠡ ᠵᠦᠶᠯ | ᠤᠨ ᠲᠤᠭ᠎ᠠ ᠪᠠᠷᠢᠮᠲᠠ ᠪᠠ ᠬᠢᠨᠠᠨ ᠡᠵᠡᠮᠳᠡᠬᠦ ᠵᠢᠷᠤᠭ ᠢ ᠨᠠᠷᠢᠨ ᠠᠵᠢᠭᠯᠠᠵᠤ᠂ ᠢᠯᠴᠢ ᠬᠠᠩᠭᠠᠬᠤ ᠲᠥᠬᠦᠭᠡᠷᠦᠮᠵᠢ ᠴᠦ | ᠲᠤᠷᠰᠢᠨ ᠠᠵᠢᠯᠯᠠᠭᠤᠯᠬᠤ ᠱᠠᠲᠤᠨ ᠳᠤ ᠣᠷᠣᠵᠤ᠂ ᠤᠳᠠᠯ ᠥᠬᠡᠶ ᠡᠬᠢᠯᠡᠬᠦ ᠭᠡᠵᠦ ᠪᠠᠶᠢᠭ᠎ᠠ ᠢᠯᠴᠢ ᠬᠠᠩᠭᠠᠬᠤ | ᠤᠯᠠᠷᠢᠯ ᠳᠤ ᠭᠦᠶᠴᠡᠳ ᠪᠡᠯᠡᠳᠬᠡᠯ ᠬᠢᠵᠦ ᠪᠠᠶᠢᠨ᠎ᠠ᠃ | | ᠥᠪᠥᠷ ᠮᠣᠩᠭᠤᠯ ᠤᠨ ᠰᠢᠨ ᠲᠠᠢ ᠪᠦᠯᠦᠭᠯᠡᠯ ᠤᠨ ᠲᠦᠴᠢᠦᠸᠠᠨ ᠰᠢᠶᠠᠨ ᠤ ᠰᠢᠨ ᠭᠤᠸᠠᠩ ᠢᠯᠴᠢ ᠶᠢᠨ | ᠬᠦᠴᠦᠨ ᠤ ᠬᠢᠵᠠᠭᠠᠷᠲᠤ ᠺᠣᠮᠫᠠᠨᠢ ᠶᠢᠨ ᠦᠶᠯᠡᠳᠪᠦᠷᠢᠯᠡᠯ ᠤᠨ ᠳᠠᠭᠠᠭᠠᠮᠠᠯ ᠸᠠᠩ ᠢ ᠹᠸᠢ ᠲᠠᠨᠢᠯᠴᠠᠭᠤᠯᠬᠤ ᠳᠠᠭᠠᠨ᠄ | ︽10 ᠰᠠᠷ᠎ᠠ ᠶᠢᠨ 1 ᠤ ᠡᠳᠦᠷ ᠠᠴᠠ ᠡᠬᠢᠯᠡᠨ᠂ ᠪᠢᠳᠡ ᠳᠠᠩ ᠮᠠᠰᠢᠨ ᠢ ᠲᠣᠬᠢᠷᠠᠭᠤᠯᠬᠤ ᠪᠠᠷ ᠪᠡᠯᠡᠳᠬᠡᠵᠦ | ᠪᠠᠶᠢᠨ᠎ᠠ᠂ ᠪᠤᠢ ᠪᠦᠬᠦᠢ ᠲᠤᠯᠠᠭᠠᠯᠠᠭ᠎ᠠ ᠶᠢᠨ ᠵᠤᠤᠬ᠎ᠠ ᠶᠢᠨ ᠤᠷᠢᠳᠴᠢᠯᠠᠭᠰᠠᠨ ᠪᠡᠯᠡᠳᠭᠡᠯ ᠬᠢᠵᠦ᠂ 10 ᠰᠠᠷ᠎ᠠ ᠶᠢᠨ | 10 ᠤ ᠡᠳᠦᠷ ᠠᠴᠠ ᠡᠬᠢᠯᠡᠨ ᠲᠤᠯᠠᠭᠠᠯᠠᠭ᠎ᠠ ᠶᠢᠨ ᠵᠤᠤᠬ᠎ᠠ ᠶᠢ ᠨᠣᠴᠣᠭᠠᠵᠤ ᠠᠵᠢᠯᠯᠠᠭᠤᠯᠤᠨ᠎ᠠ᠂ 10 ᠰᠠᠷ᠎ᠠ ᠶᠢᠨ | 11 ᠤ ᠡᠳᠦᠷ᠂ ᠮᠠᠨ ᠤ ᠵᠤᠤᠬᠠᠨ ᠬᠡᠷ ᠬᠡᠪ ᠢᠶᠠᠷ ᠠᠵᠢᠯᠯᠠᠵᠤ ᠪᠠᠶᠢᠨ᠎ᠠ᠂ 11 ᠤ ᠡᠳᠦᠷ ᠪᠣᠯᠲᠠᠯ᠎ᠠ᠂ ᠪᠢᠳᠡᠨ ᠤ | ᠲᠦᠯᠡᠰᠢ ᠶᠢᠨ ᠨᠡᠭᠦᠷᠡᠰᠦᠨ ᠤ ᠬᠠᠳᠠᠭᠠᠯᠠᠭᠳᠠᠴᠠ ᠪᠣᠯ 3 ᠲᠦᠮᠡᠨ ᠲᠣᠨ᠂ ᠤᠳᠤ ᠡᠳᠦᠷ ᠲᠤ 3000 ᠢᠯᠡᠭᠦᠦ | ᠲᠣᠨ ᠨᠡᠭᠦᠷᠡᠰᠦ ᠣᠷᠣᠭᠤᠯᠵᠤ ᠪᠠᠶᠢᠨ᠎ᠠ᠂ 25 ᠲᠦᠮᠡᠨ ᠲᠣᠨ ᠨᠡᠭᠦᠷᠡᠰᠦ ᠲᠡᠭᠡᠭᠡᠪᠦᠷᠢᠯᠡᠬᠦ ᠪᠠᠷ ᠲᠦᠯᠦᠪᠯᠡᠵᠦ᠂ | ᠲᠥᠯᠥᠪᠯᠡᠭᠡ 11 ᠰᠠᠷ᠎ᠠ ᠶᠢᠨ ᠰᠡᠭᠦᠯᠴᠢ ᠪᠠᠷ ᠠᠯᠢᠪᠠ ᠨᠡᠭᠦᠷᠡᠰᠦ ᠪᠦᠷ ᠪᠡᠯᠡᠨ ᠪᠣᠯᠤᠨ᠎ᠠ᠂ ᠡᠨᠡ ᠵᠢᠯ ᠪᠠᠰᠠ 60 | ᠬᠥᠮᠦᠨ ᠤ ᠵᠠᠪᠳᠤᠨ ᠵᠠᠰᠠᠬᠤ ᠡᠩᠨᠡᠭᠡ ᠶᠢ ᠵᠣᠬᠢᠶᠠᠨ ᠪᠠᠶᠢᠭᠤᠯᠵᠤ ᠲᠤᠤᠷᠴᠢᠯᠠᠭᠰᠠᠨ ᠬᠠᠮᠢᠶᠠᠷᠤᠯᠲᠠ ᠶᠠᠪᠤᠭᠤᠯᠪᠠ᠂ | ᠬᠠᠷᠢᠭᠤᠴᠠᠯᠭ᠎ᠠ ᠶᠢ ᠬᠥᠮᠦᠨ ᠳᠤ ᠲᠤᠯᠭᠠᠬᠤ᠂ ᠬᠤᠪᠢᠶᠠᠷᠢ ᠲᠣᠭᠤᠷᠢᠭ ᠢ ᠲᠠᠭᠠᠭᠠᠴᠢᠯᠠᠬᠤ᠂ ᠣᠯᠠᠨ ᠲᠦᠮᠡᠨ ᠤ | ᠬᠠᠷᠢᠭᠤ ᠲᠤᠰᠬᠠᠭᠰᠠᠨ ᠠᠰᠠᠭᠤᠳᠠᠯ ᠢ ᠣᠯᠤᠭᠰᠠᠨ ᠤ ᠳᠠᠷᠠᠭ᠎ᠠ ᠲᠡᠷᠡ ᠳᠠᠷᠤᠶ ᠳᠤᠨᠢ ᠰᠢᠢᠳᠪᠦᠷᠢᠯᠡᠵᠦ᠂ ᠠᠷᠠᠳ | ᠣᠯᠠᠨ ᠤ ᠬᠠᠯᠠᠭᠤᠨ ᠳᠤᠯᠠᠭᠠᠨ ᠡᠪᠦᠯᠵᠢᠬᠦ ᠶᠢ ᠪᠠᠳᠤᠯᠠᠨ᠎ᠠ︾ ᠭᠡᠵᠡᠢ᠃ | | ᠣᠳᠣᠬᠠᠨ ᠪᠣᠯᠲᠠᠯ᠎ᠠ᠂ ᠪᠥᠬᠦ ᠰᠢᠶᠠᠨ ᠤ ᠢᠯᠴᠢ ᠬᠠᠩᠭᠠᠬᠤ ᠪᠡᠯᠡᠳᠬᠡᠮᠵᠢ ᠲᠥᠬᠦᠭᠡᠷᠦᠮᠵᠢ ᠶᠢ ᠪᠠᠶᠢᠴᠠᠭᠠᠨ | ᠵᠠᠰᠠᠬᠤ ᠨᠣᠷᠮ᠎ᠠ ᠶᠢ 100 % ᠳᠤ ᠬᠦᠷᠦᠭᠦᠯᠵᠦ᠂ ᠢᠯᠴᠢ ᠬᠠᠩᠭᠠᠬᠤ ᠠᠵᠢᠯ ᠢ ᠪᠡᠯᠡᠳᠬᠡᠵᠦ ᠳᠠᠭᠤᠰᠬᠠᠪᠠ᠃ | ︽ᠲᠦᠴᠢᠦᠸᠠᠨ ᠰᠢᠶᠠᠨ ᠡᠨᠡ ᠵᠢᠯ ᠳᠤᠯᠠᠭᠠᠯᠠᠭ᠎ᠠ ᠶᠢᠨ ᠢᠨᠵᠧᠨᠧᠷᠢᠩ ᠤᠨ ᠲᠥᠷᠥᠯ ᠵᠦᠶᠯ ᠢ 3 | ᠬᠡᠷᠡᠭᠵᠢᠭᠦᠯᠵᠦ᠂ 9500 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠨᠢᠭᠡᠳᠦᠭᠡᠷ ᠳᠡᠰ ᠤᠨ ᠬᠠᠭᠤᠴᠢᠨ | ᠢᠯᠴᠢ ᠬᠠᠩᠭᠠᠬᠤ ᠬᠤᠭᠤᠯᠠᠶ ᠶᠢᠨ ᠲᠣᠤᠷ ᠢ 8.41 ᠺᠢᠯᠣᠮᠧᠲᠷ ᠥᠭᠡᠷᠡᠴᠢᠯᠡᠨ ᠵᠠᠰᠠᠵᠤ᠂ ᠬᠤᠶᠠᠳᠤᠭᠠᠷ ᠳᠡᠰ ᠤᠨ | ᠬᠠᠭᠤᠴᠢᠨ ᠢᠯᠴᠢ ᠬᠠᠩᠭᠠᠬᠤ ᠬᠤᠭᠤᠯᠠᠶ ᠶᠢᠨ ᠲᠣᠤᠷ ᠢ 30.6 ᠺᠢᠯᠣᠮᠧᠲᠷ ᠥᠭᠡᠷᠡᠴᠢᠯᠡᠨ ᠵᠠᠰᠠᠵᠤ᠂ ᠢᠯᠴᠢ | ᠰᠣᠯᠢᠬᠤ ᠥᠷᠲᠡᠭᠡ 3 ᠶᠢ ᠰᠢᠨ᠎ᠡ ᠪᠠᠷ ᠪᠠᠶᠢᠭᠤᠯᠵᠤ᠂ ᠢᠯᠴᠢ ᠰᠣᠯᠢᠬᠤ ᠥᠷᠲᠡᠭᠡ 16 ᠶᠢ ᠥᠭᠡᠷᠡᠴᠢᠯᠡᠨ ᠵᠠᠰᠠᠵᠤ᠂ | ᠠᠰᠠᠭᠤᠳᠠᠯ ᠬᠠᠷᠢᠴᠠᠩᠭᠤᠶ ᠲᠥᠪᠯᠡᠷᠡᠭᠰᠡᠨ ᠰᠠᠭᠤᠭᠠᠯᠢ ᠲᠣᠭᠤᠷᠢᠭ ᠲᠤ ᠡᠩ ᠲᠡᠷᠢᠭᠦᠨ ᠳᠤ ᠠᠰᠠᠷ ᠤᠨ ᠪᠣᠰᠤᠭ᠎ᠠ | ᠬᠤᠭᠤᠯᠠᠶ ᠪᠠ ᠰᠠᠭᠤᠭᠠᠯᠢ ᠲᠣᠭᠤᠷᠢᠭ ᠤᠨ ᠭᠤᠤᠯ ᠬᠤᠭᠤᠯᠠᠢ ᠶᠢ ᠰᠣᠯᠢᠪᠠ᠃ ᠣᠳᠣᠬᠠᠨ ᠪᠣᠯᠲᠠᠯ᠎ᠠ᠂ ᠪᠠᠷᠢᠯᠭ᠎ᠠ | ᠵᠠᠯᠭᠠᠭ᠎ᠠ ᠪᠠᠷ ᠳᠠᠭᠤᠰᠴᠤ᠂ 9 ᠰᠠᠷ᠎ᠠ ᠶᠢᠨ 15 ᠤ ᠡᠳᠦᠷ ᠠᠴᠠ ᠡᠬᠢᠯᠡᠨ ᠬᠡᠰᠡᠭ ᠭᠤᠤᠯ ᠬᠤᠭᠤᠯᠠᠢ ᠶᠢᠨ ᠲᠤᠤᠷ | ᠨᠢ ᠨᠢᠭᠡᠨᠲᠡ ᠤᠰᠤ ᠣᠷᠣᠭᠤᠯᠵᠤ ᠲᠤᠷᠰᠢᠨ ᠠᠵᠢᠯᠯᠠᠭᠤᠯᠬᠤ ᠠᠵᠢᠯ ᠢ ᠡᠬᠢᠯᠡᠭᠦᠯᠪᠡ᠃ ᠡᠨᠡ ᠵᠢᠯ ᠪᠢᠳᠡ ᠪᠠᠰᠠ | 1200 ᠡᠷᠦᠬᠡ ᠭᠡᠷ ᠤᠨ ᠳᠤᠯᠠᠭᠠᠨ ᠢ ᠬᠢᠨᠠᠨ ᠬᠡᠮᠵᠢᠬᠦ ᠲᠥᠬᠦᠭᠡᠷᠦᠮᠵᠢ ᠤᠭᠰᠠᠷᠠᠵᠤ᠂ ᠪᠦᠬᠦ ᠰᠢᠶᠠᠨ ᠤ | ᠭᠤᠣᠯᠳᠠᠯᠭ᠎ᠠ ᠲᠠᠢ ᠰᠠᠭᠤᠭᠠᠯᠢ ᠲᠣᠭᠤᠷᠢᠭ ᠢ ᠪᠦᠷᠬᠦᠬᠦ ᠪᠠᠷ ᠲᠥᠯᠥᠪᠯᠡᠵᠦ ᠪᠠᠶᠢᠨ᠎ᠠ᠂ ᠣᠳᠣᠬᠠᠨ ᠳᠤ᠂ | ᠲᠥᠬᠦᠭᠡᠷᠦᠮᠵᠢ ᠶᠢ ᠨᠢᠭᠡᠨᠲᠡ ᠬᠤᠳᠠᠯᠳᠤᠨ ᠠᠪᠴᠤ ᠳᠠᠭᠤᠰᠬᠠᠭᠠᠳ ᠶᠠᠭ ᠤᠭᠰᠠᠷᠠᠵᠤ ᠪᠠᠶᠢᠨ᠎ᠠ᠃︾ ᠭᠡᠵᠦ | ᠲᠦᠴᠢᠦᠸᠠᠨ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ | ᠶᠢᠨ ᠳᠡᠳ᠋ ᠳᠠᠷᠤᠭ᠎ᠠ ᠵᠧᠩ ᠰᠢᠨ ᠲᠤᠤ ᠬᠡᠯᠡᠬᠦ ᠳᠡᠭᠡᠨ᠂ ︽ᠡᠭᠦᠨ ᠤ ᠬᠠᠮᠲᠤ᠂ ᠦᠶᠯᠡᠴᠢᠯᠡᠭᠡ ᠪᠠᠲᠤᠯᠠᠭ᠎ᠠ ᠶᠢᠨ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠪᠡ᠃ ᠨᠢᠭᠡ ᠳᠤ ᠢᠯᠴᠢ ᠬᠠᠩᠭᠠᠬᠤ ᠦᠶᠯᠡᠴᠢᠯᠡᠭᠡᠨ ᠤ ᠬᠠᠷᠢᠭᠤ | ᠲᠤᠰᠬᠠᠬᠤ ᠭᠤᠷᠪᠠᠨ ᠬᠠᠯᠠᠮᠰᠢᠯ ᠤᠲᠠᠰᠤ ᠭᠠᠷᠭᠠᠪᠠ᠂ ᠡᠭᠦᠨ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ 1᠂ ᠢᠯᠴᠢ ᠬᠠᠩᠭᠠᠬᠤ ᠺᠣᠮᠫᠠᠨᠢ 2 ᠪᠠᠶᠢᠵᠤ᠂ 9 ᠰᠠᠷ᠎ᠠ ᠶᠢᠨ | ᠳᠤᠮᠳᠠᠴᠢ ᠪᠠᠷ ᠨᠢᠭᠡᠨᠲᠡ ᠬᠠᠯᠠᠭᠤᠨ ᠤᠲᠠᠰᠤ ᠶᠢ ᠨᠡᠪᠲᠡᠷᠡᠭᠦᠯᠵᠦ᠂ ᠭᠤᠷᠪᠠᠨ ᠡᠭᠡᠯᠵᠢ ᠪᠠᠷ ᠠᠵᠢᠯᠯᠠᠵᠤ᠂ 24 ᠴᠠᠭ | ᠢᠶᠠᠷ ᠬᠠᠷᠢᠭᠤ ᠲᠤᠰᠬᠠᠬᠤ ᠤᠲᠠᠰᠤ ᠶᠢ ᠭᠥᠯᠢᠶᠡᠨ ᠠᠪᠴᠤ ᠰᠣᠨᠣᠰᠤᠨ᠎ᠠ᠃ ᠬᠠᠯᠠᠮᠰᠢᠯ ᠤᠲᠠᠰᠤ ᠶᠢᠨ ᠬᠦᠯᠢᠶᠡᠨ | ᠠᠪᠬᠤ ᠦᠶᠯᠡᠴᠢᠯᠡᠭᠡᠨ ᠤ ᠶᠠᠰᠤ ᠴᠢᠨᠠᠷ ᠢ ᠪᠠᠲᠤᠯᠠᠬᠤ ᠶᠢᠨ ᠲᠥᠯᠥᠭᠡ᠂ ᠰᠢᠶᠠᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ 2 ᠲᠤᠰᠬᠠᠶ ᠠᠵᠢᠯᠲᠠᠨ ᠢ ᠲᠠᠲᠠᠵᠤ᠂ ᠢᠯᠴᠢ | ᠬᠠᠩᠭᠠᠬᠤ ᠬᠤᠭᠤᠴᠠᠭᠠᠨ ᠳᠤ ᠠᠵᠤ ᠠᠬᠤᠶᠢᠯᠠᠯ ᠳᠤ ᠬᠦᠷᠴᠦ ᠬᠢᠨᠠᠨ ᠵᠢᠯᠣᠭᠤᠳᠴᠤ ᠠᠵᠢᠯᠯᠠᠭᠤᠯᠤᠨ᠎ᠠ᠃ ᠬᠤᠶᠠᠷ | ᠲᠤ ᠢᠯᠴᠢ ᠬᠠᠩᠭᠠᠬᠤ ᠲᠤᠰᠬᠠᠶ ᠠᠩᠭᠢ ᠪᠠᠶᠢᠭᠤᠯᠵᠤ ᠲᠤᠬᠠᠶ ᠶᠢᠨ ᠲᠠᠯᠠᠪᠤᠷ ᠲᠤ ᠰᠠᠭᠤᠯᠭᠠᠨ ᠬᠢᠨᠠᠨ ᠵᠢᠯᠣᠭᠤᠳᠪᠠ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ 2 ᠳᠡᠳ᠋ ᠰᠠᠯᠠᠭᠠᠨ | ᠲᠠᠰ ᠤᠨ ᠺᠠᠳ᠋ᠷ ᠵᠢᠴᠢ 6 ᠠᠵᠢᠯᠲᠠᠨ ᠢ ᠲᠠᠲᠠᠵᠤ ᠢᠯᠴᠢ ᠬᠠᠩᠭᠠᠬᠤ ᠬᠤᠭᠤᠴᠠᠭᠠᠨ ᠳᠤ ᠢᠯᠴᠢ ᠬᠠᠩᠭᠠᠬᠤ ᠠᠵᠤ | ᠠᠬᠤᠶᠢᠯᠠᠯ ᠳᠤ ᠣᠴᠢᠭᠤᠯᠤᠨ ᠬᠢᠨᠠᠨ ᠵᠢᠯᠣᠭᠤᠳᠣᠭᠤᠯᠵᠤ᠂ ᠡᠳᠦᠷ ᠪᠦᠷᠢ ᠢᠯᠴᠢ ᠡᠭᠦᠰᠭᠡᠭᠴᠢ ᠶᠢᠨ ᠦᠶᠯᠡᠳᠪᠦᠷᠢ | ᠶᠢᠨ ᠤᠰᠤ ᠭᠠᠷᠭᠠᠬᠤ᠂ ᠤᠰᠤᠨ ᠤ ᠪᠤᠴᠠᠯᠲᠠ ᠶᠢᠨ ᠳᠤᠯᠠᠭᠠᠨ ᠤ ᠬᠡᠮᠵᠢᠶ᠎ᠡ᠂ ᠨᠡᠭᠦᠷᠡᠰᠦ ᠬᠠᠳᠠᠭᠠᠯᠠᠬᠤ ᠲᠠᠯᠠᠪᠠᠶ ᠶᠢᠨ | ᠬᠠᠳᠠᠭᠠᠯᠠᠯᠲᠠ ᠵᠡᠷᠭᠡ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠢᠨᠠᠨ ᠬᠡᠮᠵᠢᠵᠦ᠂ ᠠᠰᠠᠭᠤᠳᠠᠯ ᠢ ᠢᠯᠡᠷᠡᠭᠦᠯᠵᠦ᠂ | ᠰᠡᠯᠪᠢᠨ ᠵᠠᠰᠠᠵᠤ ᠱᠠᠯᠠᠪᠳᠠᠨ ᠵᠠᠰᠠᠬᠤ ᠡᠩᠨᠡᠭᠡ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ ᠰᠢᠶᠳᠪᠦᠷᠢᠯᠡᠪᠡ᠃ | ᠭᠤᠷᠪᠠ ᠳᠤ ᠢᠯᠴᠢ ᠬᠠᠩᠭᠠᠬᠤ ᠶᠢ ᠬᠢᠨᠠᠨ ᠪᠠᠶᠢᠴᠠᠭᠠᠬᠤ ᠡᠩᠨᠡᠭᠡ ᠶᠢ ᠪᠠᠶᠢᠭᠤᠯᠪᠠ᠃ ᠢᠯᠴᠢ ᠬᠠᠩᠭᠠᠬᠤ | ᠬᠤᠭᠤᠴᠠᠭᠠᠨ ᠳᠤ ᠣᠯᠠᠨ ᠲᠦᠮᠡᠨ ᠤ ᠬᠠᠷᠢᠭᠤ ᠲᠤᠰᠬᠠᠭᠰᠠᠨ ᠬᠤᠯᠠᠭᠤᠨ ᠳᠤᠯᠠᠭᠠᠯᠠᠬᠤ᠂ ᠳᠤᠷ᠎ᠠ ᠪᠠᠷ ᠢᠶᠠᠨ ᠤᠰᠤ | ᠲᠠᠯᠪᠢᠬᠤ᠂ ᠳᠤᠷ᠎ᠠ ᠪᠠᠷ ᠢᠶᠠᠨ ᠣᠷᠴᠢᠯ ᠬᠥᠭᠡᠷᠭᠡ ᠤᠭᠰᠠᠷᠠᠬᠤ ᠵᠡᠷᠭᠡ ᠢᠯᠴᠢ ᠬᠠᠩᠭᠠᠬᠤ ᠲᠦᠷᠢᠮ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ | ᠶᠢᠨ ᠢᠯᠴᠢ ᠬᠠᠩᠭᠠᠬᠤ ᠲᠦᠷᠢᠮ︾ ᠢ ᠦᠨᠳᠦᠰᠦᠯᠡᠨ᠂ ᠲᠣᠭᠲᠠᠭᠠᠯ ᠶᠣᠰᠣᠭᠠᠷ ᠰᠢᠶᠳᠪᠦᠷᠢᠯᠡᠨ᠎ᠡ᠃︾ ᠭᠡᠵᠡᠢ | | ᠢᠯᠴᠢ ᠬᠠᠩᠭᠠᠬᠤ ᠨᠡᠶᠢᠭᠡᠮ ᠤᠨ ᠦᠶᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ | ᠶᠢᠨ ᠲᠥᠯᠥᠭᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠡᠯ᠎ᠡ | ᠰᠠᠭᠤᠭᠠᠯᠢ ᠲᠣᠭᠤᠷᠢᠭ ᠲᠤ ᠭᠦᠨᠵᠡᠭᠡᠶᠢᠷᠡᠨ ᠢᠯᠴᠢ ᠬᠡᠷᠡᠭᠯᠡᠬᠦ ᠬᠡᠷᠡᠭᠯᠡᠭᠴᠢᠳ ᠲᠤ ᠬᠡᠷ ᠤᠨ ᠳᠤᠯᠠᠭᠠᠨ ᠤ | ᠬᠤᠷᠢᠶᠠᠭᠤᠷ ᠢ ᠦᠨ᠎ᠡ ᠲᠥᠯᠥᠪᠦᠷᠢ ᠥᠬᠡᠶ ᠪᠠᠷ ᠤᠭᠰᠠᠷᠠᠵᠤ᠂ ︽ᠨᠢᠭᠡ ᠳᠠᠷᠤᠭ᠎ᠠ ᠬᠤᠶᠠᠷ ᠲᠤᠰᠢᠶᠠᠯᠲᠠᠨ︾ | ᠲᠦᠴᠢᠦᠸᠠᠨ ᠰᠢᠶᠠᠨ ᠤ ᠢᠯᠴᠢ ᠬᠠᠩᠭᠠᠬᠤ ᠰᠦᠯᠵᠢᠶᠡᠵᠢᠭᠰᠡᠨ ᠠᠷᠠᠳ ᠲᠤ ᠲᠥᠬᠦᠮ ᠦᠵᠡᠭᠦᠯᠬᠦ ᠬᠠᠷᠢᠯᠴᠠᠬᠤ | ᠺᠠᠷᠲ ᠢ ᠨᠠᠭᠠᠵᠤ᠂ ᠢᠯᠴᠢ ᠬᠡᠷᠡᠭᠯᠡᠬᠦ ᠡᠷᠦᠬᠡ ᠶᠢᠨ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠬᠠᠷᠢᠭᠤ | ᠲᠤᠰᠬᠠᠬᠤ ᠶᠢ ᠦᠨᠡᠨ ᠬᠦ ᠪᠠᠲᠤᠯᠠᠵᠤ᠂ ᠲᠥᠪᠯᠡᠷᠡᠩᠭᠦᠶ ᠢᠯᠴᠢ ᠬᠠᠩᠭᠠᠯᠭ᠎ᠠ ᠶᠢᠨ ᠠᠮᠤᠷ ᠲᠦᠪᠰᠢᠨ ᠠᠵᠢᠯᠯᠠᠭᠠᠨ ᠢ | ᠪᠥᠬᠦ ᠬᠦᠴᠦᠨ ᠢᠶᠠᠷ ᠢᠶᠠᠨ ᠪᠠᠲᠤᠯᠠᠪᠠ᠃ | | ᠲᠦᠴᠢᠦᠸᠠᠨ ᠰᠢᠶᠠᠨ ᠤ ᠯᠢ ᠴᠢᠤᠸᠠᠨ ᠱᠠᠨ ᠵᠤᠸᠠᠩ ᠤᠨ ᠰᠠᠭᠤᠭᠠᠯᠢ ᠠᠷᠠᠳ ᠵᠣᠣ ᠴᠦᠨ ᠱᠧᠩ᠄ ︽ | ᠳᠤᠯᠠᠭᠠᠯᠭ᠎ᠠ ᠶᠢᠨ ᠲᠤᠬᠠᠶ᠂ ᠲᠦᠴᠢᠦᠸᠠᠨ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠢᠯᠴᠢ ᠬᠠᠩᠭᠠᠬᠤ ᠺᠣᠮᠫᠠᠨᠢ ᠴᠥᠮ ᠮᠠᠰᠢ | ᠢᠳᠡᠪᠬᠢᠲᠡᠶ ᠪᠥᠭᠡᠳ ᠡᠳᠦᠷ ᠲᠤᠲᠤᠮ ᠤᠨ ᠵᠥᠪᠯᠡᠬᠦ ᠵᠦᠶᠯ ᠳᠡᠭᠡᠨ ᠪᠦᠷ ᠳᠤᠷᠠᠳᠤᠭᠰᠠᠨ ᠪᠠᠶᠢᠨ᠎ᠠ᠂ ᠬᠤᠶᠠᠳᠤᠭᠠᠷ | ᠢᠯᠴᠢ ᠬᠠᠩᠭᠠᠬᠤ ᠵᠤᠤᠬ᠎ᠠ ᠣᠲᠣ ᠶᠠᠭ ᠠᠵᠢᠯᠯᠠᠵᠤ ᠪᠣᠶ᠂ ᠡᠭᠦᠨ ᠠᠴᠠ ᠭᠠᠳᠠᠨ᠎ᠠ᠂ ᠬᠠᠮᠢᠶᠠᠷᠤᠯᠲᠠ ᠶᠢᠨ ᠲᠠᠯ᠎ᠠ ᠪᠠᠷ | ᠪᠠᠰᠠ ᠲᠤᠯᠠᠭᠠᠨ ᠢ ᠬᠡᠮᠵᠢᠬᠦ ᠬᠡᠮᠵᠢᠭᠦᠷᠯᠢᠭ ᠤᠭᠰᠠᠷᠠᠵᠤ᠂ ᠮᠠᠨ ᠤ ᠰᠠᠭᠤᠭᠠᠯᠢ ᠲᠣᠭᠤᠷᠢᠭ ᠲᠤ 30 ᠭᠠᠷᠤᠶ ᠡᠷᠦᠬᠡ | ᠲᠣᠬᠢᠷᠠᠭᠤᠯᠵᠤ᠂ ᠴᠠᠭ ᠲᠤᠬᠠᠶ ᠳᠤᠨᠢ ᠬᠢᠨᠠᠨ ᠬᠡᠮᠵᠢᠵᠦ ᠴᠢᠳᠠᠨ᠎ᠠ︾ ᠭᠡᠵᠡᠢ᠃ | | ︽ᠬᠤᠲᠠ ᠶᠢᠨ ᠠᠷᠠᠳ ᠤᠨ ᠬᠠᠷᠢᠯᠴᠠᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠪᠢᠳᠡ ᠪᠣᠶ ᠪᠥᠬᠦᠶ | ᠰᠠᠭᠤᠭᠠᠯᠢ ᠲᠣᠭᠤᠷᠢᠭ ᠲᠤ ᠴᠥᠮ ᠠᠷᠠᠳ ᠲᠤ ᠲᠥᠬᠦᠮ ᠦᠵᠡᠭᠦᠯᠬᠦ ᠲᠤᠤᠷᠴᠢᠯᠠᠭᠰᠠᠨ ᠬᠠᠷᠢᠯᠴᠠᠬᠤ ᠺᠠᠷᠲ ᠨᠠᠭᠠᠵᠤ | ᠂ ᠳᠡᠭᠡᠷ᠎ᠡ ᠨᠢ ᠢᠯᠴᠢ ᠬᠠᠩᠭᠠᠬᠤ ᠺᠣᠮᠫᠠᠨᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠳᠠᠭᠠᠭᠠᠴᠢᠯᠠᠨ ᠬᠠᠷᠢᠯᠴᠠᠬᠤ ᠺᠠᠳ᠋ᠷ ᠤᠨ ᠬᠠᠷᠢᠯᠴᠠᠬᠤ ᠠᠷᠭ᠎ᠠ ᠬᠡᠯᠪᠡᠷᠢ ᠶᠢ | ᠲᠣᠳᠣᠷᠬᠠᠶ ᠪᠢᠴᠢᠭᠰᠡᠨ ᠪᠥᠭᠡᠳ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠡᠷᠦᠬᠡ ᠳᠤ ᠳᠤᠯᠠᠭᠠᠨ ᠢ | ᠬᠡᠮᠵᠢᠬᠦ ᠲᠥᠬᠦᠭᠡᠷᠦᠮᠵᠢ ᠤᠭᠰᠠᠷᠠᠵᠤ᠂ ᠬᠤᠲᠠ ᠶᠢᠨ ᠠᠷᠠᠳ ᠤᠨ ᠬᠡᠷ ᠳᠣᠲᠣᠷᠠᠬᠢ ᠳᠤᠯᠠᠭᠠᠨ ᠢ ᠡᠵᠡᠮᠰᠢᠬᠦ ᠳᠤ | ᠲᠥᠬᠦᠮ ᠦᠵᠡᠭᠦᠯᠦᠭᠰᠡᠨ ᠪᠥᠭᠡᠳ ᠳᠤᠯᠠᠭᠠᠨ ᠢ ᠬᠡᠮᠵᠢᠬᠦ ᠲᠥᠬᠦᠭᠡᠷᠦᠮᠵᠢ ᠶᠢ ᠲᠣᠮᠣ ᠳ᠋ᠠᠶᠢᠲ᠋ᠠ ᠶᠢᠨ ᠲᠠᠪᠴᠠᠩ ᠲᠠᠢ | ᠬᠤᠯᠪᠣᠵᠤ᠂ ᠴᠠᠭ ᠲᠤᠬᠠᠶ ᠳᠤᠨᠢ ᠬᠢᠨᠠᠨ ᠬᠡᠮᠵᠢᠬᠦ ᠶᠢ ᠪᠡᠶᠡᠯᠡᠭᠦᠯᠵᠦ᠂ ᠬᠤᠲᠠ ᠶᠢᠨ ᠠᠷᠠᠳ ᠤᠨ ᠳᠤᠯᠠᠭᠠᠨ ᠢ | ᠬᠠᠩᠭᠠᠬᠤ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃︾ ᠭᠡᠵᠦ ᠲᠦᠴᠢᠦᠸᠠᠨ ᠰᠢᠶᠠᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠤᠲᠠ ᠶᠢᠨ ᠶᠠᠪᠤᠳᠠᠯ ᠤᠨ | ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠠᠵᠢᠯᠲᠠᠨ ᠸᠠᠩ ᠴᠤᠯᠮᠤᠨ ᠬᠡᠯᠡᠪᠡ᠃ |