ᠤᠷᠲᠦ ᠨᠠᠰᠤᠯᠠᠬᠤ ᠶᠢᠨ ᠨᠢᠭᠤᠴᠠ
ᠨᠡᠶᠢᠲᠡᠯᠡᠭᠰᠡᠨ ᠴᠠᠭ᠄
2024/10/13
   ᠬᠠᠭᠤᠴᠢ ᠦᠭᠡᠨ ᠳᠤ ︽ᠳᠠᠯᠠ ᠬᠦᠷᠦᠭᠰᠡᠳ ᠡᠷᠲᠡᠨ ᠠᠴᠠ ᠴᠦᠬᠡᠨ ︾ ᠭᠡᠵᠤ ᠬᠡᠯᠡᠳᠡᠭ ᠰᠠᠨ᠃ ᠤᠯᠠᠩᠬᠢ ᠬᠦᠮᠦᠰ ᠳᠠᠯᠠ ᠬᠦᠷᠦᠮᠡᠭᠴᠡ ᠰᠠᠬᠠᠯ ᠰᠠᠨᠴᠢᠭ ᠨᠢ ᠴᠠᠶᠢᠵᠤ᠂ ᠨᠢᠳᠦ ᠴᠢᠬᠢ ᠨᠢ ᠮᠠᠭᠤᠲᠠᠳᠠᠭ᠃ ᠦᠲᠡᠯᠬᠦ ᠭᠡᠳᠡᠭ ᠪᠤᠯ ᠬᠦᠮᠦᠨ ᠲᠦᠷᠦᠯᠬᠢᠳᠡᠨ ᠤ ᠠᠮᠢ ᠨᠠᠰᠤᠨ ᠯᠤᠭ᠎ᠠ ᠨᠢᠭᠲᠠ ᠬᠤᠯᠪᠤᠭᠳᠠᠵᠤ ᠪᠠᠶᠢᠬᠤ ᠪᠤᠯᠬᠤᠷ ᠲᠡᠯᠡᠬᠡᠢ ᠨᠡᠶᠢᠲᠡ ᠪᠠᠷ ᠢᠶᠠᠨ ᠡᠨᠡ ᠠᠰᠠᠭᠤᠳᠠᠯ ᠢ ᠮᠠᠰᠢ ᠠᠩᠬᠠᠷᠴᠦ ᠪᠤᠢ᠃ ᠡᠯ᠎ᠡ ᠤᠯᠤᠰ ᠤᠨ ᠰᠤᠳᠤᠯᠤᠯ ᠤᠨ ᠮᠠᠲ᠋ᠧᠷᠢᠶᠠᠯ ᠠᠴᠠ ᠦᠵᠡᠪᠡᠯ᠂ ᠦᠲᠡᠯᠬᠦ ᠰᠢᠯᠲᠠᠭᠠᠨ ᠪᠠᠷᠤᠭ 300 ᠭᠠᠷᠤᠢ ᠵᠦᠢᠯ ᠪᠠᠶᠢᠨ᠎ᠠ᠃ ᠤᠯᠠᠨ ᠤ ᠮᠡᠳᠡᠭᠡᠵᠢ ᠪᠠᠷ ᠡᠪᠡᠳᠴᠢᠨ ᠡᠮᠭᠡᠭ᠂ ᠰᠢᠮ᠎ᠡ ᠲᠡᠵᠢᠭᠡᠯ ᠤᠨ ᠬᠤᠪᠢᠷᠠᠯᠲᠠ ᠪᠠ ᠤᠳᠤᠮᠰᠢᠯ ᠤᠨ ᠠᠷᠬᠠᠭ ᠵᠡᠷᠭᠡ ᠬᠡᠳᠦᠨ ᠵᠦᠢᠯ ᠤᠨ ᠰᠢᠯᠲᠠᠭᠠᠨ ᠨᠢ ᠭᠤᠤᠯ ᠪᠤᠯᠳᠠᠭ ᠶᠤᠮ᠃ ᠶᠡᠭᠡ ᠲᠦᠯᠦᠪ ᠲᠤᠨᠢ ᠠᠪᠴᠦ ᠬᠡᠯᠡᠪᠡᠯ᠂ ᠨᠠᠰᠤᠵᠢᠭᠰᠠᠨ ᠬᠦᠮᠦᠰ ᠤᠨ ᠡᠪᠡᠳᠴᠢᠨ ᠢ ᠡᠰᠡᠷᠭᠦᠴᠡᠬᠦ ᠴᠢᠳᠠᠪᠤᠷᠢ ᠪᠠᠷᠤᠭᠳᠠᠢ ᠪᠤᠯᠬᠤᠷ ᠬᠠᠯᠳᠠᠪᠤᠷᠢᠲᠦ ᠡᠪᠡᠳᠴᠢᠨ ᠳᠤ ᠬᠢᠯᠪᠠᠷᠬᠠᠨ ᠨᠡᠷᠪᠡᠭᠳᠡᠳᠡᠭ᠃ ᠨᠠᠰᠤᠵᠢᠭᠰᠠᠨ ᠬᠦᠮᠦᠰ ᠤᠨ ᠬᠦᠳᠡᠯᠭᠡᠭᠡᠨ ᠤ ᠬᠡᠮᠵᠢᠶ᠎ᠡ ᠪᠠᠭ᠎ᠠ ᠤᠴᠢᠷ ᠠᠴᠠ ᠰᠢᠮ᠎ᠡ ᠲᠡᠵᠢᠭᠡᠯ ᠱᠠᠭᠠᠷᠳᠠᠬᠤ ᠬᠡᠮᠵᠢᠶ᠎ᠡ ᠨᠢ ᠴᠦ ᠪᠠᠭ᠎ᠠ ᠪᠤᠯᠳᠠᠭ᠃ ᠬᠡᠷᠪᠡ ᠰᠦᠰᠦᠨ ᠤ ᠴᠢᠯᠠᠭᠤᠯᠢᠭ ᠠᠯᠺᠦᠦᠯ ᠲᠠᠢ ᠢᠳᠡᠭᠡᠨ ᠢᠯᠡᠭᠦᠦ ᠢᠳᠡᠪᠡᠯ ᠠᠮᠠᠷᠬᠠᠨ ᠲᠠᠷᠭᠤᠯᠠᠵᠤ᠂ ᠲᠡᠷᠡᠴᠢᠯᠡᠨ ᠴᠢᠰᠤᠨ ᠳᠠᠷᠤᠯᠳᠠ ᠦᠨᠳᠦᠷ᠂ ᠵᠢᠷᠦᠭᠡᠨ ᠲᠢᠳᠢᠮ ᠤᠨ ᠡᠪᠡᠳᠴᠢᠨ᠂ ᠰᠢᠬᠢᠷ ᠰᠢᠵᠢᠩ ᠡᠪᠡᠳᠴᠢᠨ ᠳᠤ ᠨᠡᠷᠪᠡᠭᠳᠡᠳᠡᠭ᠃ ᠦᠮᠡᠨ ᠡᠪᠡᠳᠴᠢᠨ ᠪᠤᠶᠤ ᠤᠳᠠᠭᠠᠨ ᠴᠢᠨᠠᠷᠲᠠᠢ ᠰᠠᠯᠪᠤᠷᠢ ᠮᠦᠭᠡᠷᠰᠦᠨ ᠬᠤᠭᠤᠯᠠᠢ ᠶᠢᠨ ᠡᠪᠡᠳᠴᠢᠨ ᠵᠡᠷᠭᠡ ᠨᠢ ᠨᠠᠰᠤᠵᠢᠭᠰᠠᠨ ᠬᠦᠮᠦᠰ ᠤᠨ ᠤᠯᠠᠨ ᠨᠡᠷᠪᠡᠭᠳᠡᠳᠡᠭ ᠡᠪᠡᠳᠴᠢᠨ ᠪᠤᠯᠤᠨ᠎ᠠ᠃ ᠡᠳᠡᠭᠡᠷ ᠪᠤᠢ ᠪᠦᠬᠦᠢ ᠬᠦᠴᠦᠨ ᠵᠦᠢᠯ ᠤᠳ ᠨᠢ ᠬᠦᠮᠦᠨ ᠤ ᠪᠡᠶ᠎ᠡ ᠶᠢᠨ ᠨᠡᠬᠡᠳᠡᠰᠦ ᠪᠤᠯᠤᠨ ᠲᠤᠲᠤᠷ ᠡᠷᠬᠡᠳᠡᠨ ᠤ ᠰᠢᠰᠲ᠋ᠧᠮ ᠲᠠᠢ ᠠᠵᠢᠯᠯᠠᠭ᠎ᠠ ᠶᠢ ᠨᠡᠶᠢᠳᠡᠮ ᠪᠠᠭᠤᠷᠠᠭᠤᠯᠤᠨ ᠬᠦᠭᠰᠢᠷᠡᠭᠦᠯᠳᠡᠭ᠃ ᠡᠭᠦᠨ ᠢ ᠡᠮᠨᠡᠯᠭᠡ ᠶᠢᠨ ᠤᠬᠠᠭᠠᠨ ᠳᠤ ᠦᠲᠡᠯᠬᠦ ᠭᠡᠳᠡᠭ᠃    ᠬᠦᠮᠦᠰ ᠤᠯᠠᠨ ᠵᠢᠯ ᠤᠨ ᠲᠤᠷᠰᠢ᠂ ᠦᠲᠡᠯᠬᠦ ᠪᠠ ᠲᠡᠭᠦᠨ ᠢ ᠰᠢᠨᠵᠢᠯᠡᠬᠦ ᠤᠬᠠᠭᠠᠨᠴᠢ ᠪᠠᠷ ᠤᠷᠢᠳᠴᠢᠯᠠᠨ ᠰᠡᠷᠭᠡᠶᠢᠯᠡᠬᠦ ᠠᠷᠭ᠎ᠠ ᠵᠠᠮ ᠢ ᠰᠦᠪᠡᠭᠴᠢᠯᠡᠨ ᠰᠤᠳᠤᠯᠬᠤ ᠪᠠᠷ ᠶᠡᠭᠡ ᠦᠨ᠎ᠡ ᠦᠷᠳᠡᠭ ᠢ ᠵᠠᠷᠤᠴᠠᠭᠤᠯᠵᠤ ᠦᠡᠭᠭᠡᠷᠡᠪᠡ᠃ ᠦᠲᠡᠯᠬᠦ ᠶᠢ ᠰᠡᠷᠭᠡᠶᠢᠯᠡᠬᠦ ᠭᠡᠳᠡᠭ ᠨᠢ ᠳᠠᠷᠤᠢ ᠨᠠᠰᠤᠨ ᠬᠤᠲᠤᠭ ᠢ ᠤᠷᠲᠤᠳᠬᠠᠬᠤ ᠭᠡᠰᠡᠨ ᠤᠳᠬ᠎ᠠ ᠲᠠᠢ ᠶᠤᠮ᠃ ᠵᠠᠷᠢᠮ ᠬᠦᠮᠦᠨ ᠪᠠᠨᠠᠨᠠ ᠪᠤᠯ ᠤᠷᠳᠦ ᠨᠠᠰᠤᠯᠠᠬᠤ ᠳᠤ ᠤᠬᠢ ᠢᠳᠡᠭᠡᠨ ᠪᠤᠯᠬᠤᠷ ᠢᠯᠡᠭᠦᠬᠡᠨ ᠢᠳᠡᠪᠡᠯ ᠰᠠᠶᠢᠨ ᠭᠡᠵᠤ ᠦᠵᠡᠳᠡᠭ ︔ ᠪᠠᠰᠠ ᠵᠠᠷᠢᠮ ᠲᠤᠷᠰᠢᠯᠲᠠ ᠲᠤᠰᠬᠠᠭᠰᠠᠨ ᠨᠢ᠂ ᠲᠤᠭᠲᠠᠭᠰᠠᠨ ᠬᠤᠭᠤᠴᠠᠭ᠎ᠠ ᠲᠠᠢ ᠪᠠᠷ ᠰᠦᠳᠡ ᠲᠠᠢ ᠤᠰᠤ ᠪᠠᠷ ᠪᠡᠶ᠎ᠡ ᠪᠠᠨ ᠤᠬᠢᠶᠠᠪᠠᠯ ᠦᠲᠡᠯᠬᠦ ᠶᠢ ᠰᠡᠷᠭᠡᠶᠢᠯᠡᠵᠤ ᠪᠤᠯᠤᠨ᠎ᠠ ᠭᠡᠳᠡᠭ᠃ ᠭᠡᠳᠡᠯ᠎ᠡ ᠡᠳᠡᠭᠡᠷ ᠪᠦᠬᠦᠨ ᠨᠢ ᠪᠦᠷ ᠯᠡ ᠬᠠᠷᠠᠬᠠᠨ ᠬᠦᠮᠦᠨ ᠢ ᠦᠨᠡᠮᠰᠢᠭᠦᠯᠦᠮᠡᠷ ᠦᠨᠳᠦᠰᠦ ᠪᠠᠷᠢᠮᠳᠠ ᠦᠭᠡᠢ ᠪᠠᠶᠢᠭᠰᠠᠭᠠᠷ ᠪᠢᠯᠡ᠃    ᠬᠤᠵᠢᠮ ᠨᠢ ᠡᠮᠨᠡᠯᠭᠡ ᠶᠢᠨ ᠤᠬᠠᠭᠠᠨ ᠤ ᠰᠤᠳᠤᠯᠤᠯᠲᠠ ᠨᠢ ᠪᠡᠶ᠎ᠡ ᠶᠢᠨ ᠲᠠᠮᠢᠷ ᠤᠨ ᠪᠤᠯᠪᠠᠰᠤᠷᠠᠯ ᠪᠤᠯ ᠦᠲᠡᠯᠬᠦ ᠶᠢ ᠤᠳᠠᠭᠠᠰᠢᠷᠠᠭᠤᠯᠬᠤ ᠳᠤ ᠲᠦᠢᠯ ᠤᠨ ᠴᠢᠬᠤᠯᠠ ᠦᠢᠯᠡᠳᠦᠯ ᠭᠠᠷᠭᠠᠳᠠᠭ ᠭᠡᠰᠡᠨ ᠢ ᠤᠯᠵᠤ ᠮᠡᠳᠡᠪᠡ᠄ ᠨᠠᠶᠠᠨ ᠬᠤᠶᠠᠷ ᠨᠠᠰᠤᠳᠠᠢ ᠭᠧᠷᠮᠠᠨ ᠤ ᠲᠠᠮᠢᠷᠴᠢᠨ ᠯᠠᠮᠪᠤᠶᠢᠲ ᠤᠨ ᠵᠢᠷᠦᠬᠡᠨ ᠤ ᠠᠵᠢᠯᠯᠠᠭᠠᠨ ᠤ ᠴᠢᠳᠠᠪᠤᠷᠢ ᠨᠢ ᠬᠤᠷᠢᠨ ᠲᠠᠪᠤᠨ ᠨᠠᠰᠦ ᠲᠠᠢ ᠵᠠᠯᠠᠭᠤ ᠬᠦᠮᠦᠨ ᠲᠠᠢ ᠠᠳᠠᠯᠢ ᠪᠠᠶᠢᠪᠠ᠃ ᠬᠦᠯᠢᠴᠡᠩᠭᠦᠢ ᠲᠡᠰᠪᠦᠷᠢᠯᠡᠯ ᠤᠨ ᠪᠤᠯᠪᠠᠰᠤᠷᠠᠯ ︵ᠬᠦᠯᠢᠴᠡᠩᠭᠦᠢ ᠲᠡᠰᠪᠦᠷᠢᠯᠡᠯ ᠨᠢ ᠲᠤᠳᠤᠭᠠᠳᠦ ᠱᠦᠭᠦᠷᠡᠯ ᠢ ᠵᠠᠬᠢᠷᠴᠦ ᠪᠤᠢ ︶ ᠨᠢ ᠨᠠᠰᠦ ᠠᠬᠢᠭᠰᠠᠨ ᠡᠮᠡᠭᠳᠡᠢ ᠶᠢ ᠴᠦ ᠭᠡᠰᠡᠨ ᠵᠠᠯᠠᠭᠤ ᠪᠤᠯᠭᠠᠳᠠᠭ᠃ ᠮᠠᠨ ᠤ ᠤᠯᠤᠰ ᠤᠨ ᠡᠷᠲᠡᠨ ᠤ ᠲᠡᠥᠬᠡ ᠰᠤᠳᠤᠷ ᠲᠤ᠂ ᠠᠯᠳᠠᠷᠲᠦ ᠡᠮᠴᠢ ᠬᠤᠸᠠ ᠲᠦᠸᠧ ᠶᠢᠨ ᠱᠠᠪᠢ ᠡᠦ ᠫᠦ᠋ ᠴᠢᠨ ︽ᠲᠠᠪᠤᠨ ᠵᠢᠭᠦᠷᠳᠡᠨ ᠤ ᠲᠤᠭᠯᠠᠭᠠᠮ ︾ ᠢ ᠪᠤᠯᠪᠠᠰᠤᠷᠠᠭᠰᠠᠨ ᠠᠴᠠ ᠶᠡᠷᠡᠨ ᠨᠠᠰᠤ ᠬᠦᠷᠦᠴᠢᠬᠡᠭᠡᠳ ᠪᠠᠰᠠ ᠨᠢᠳᠦ ᠴᠢᠬᠢ ᠨᠢ ᠰᠤᠷᠭᠤᠭ ᠪᠦᠭᠡᠳ ᠴᠤᠭ ᠵᠢᠪᠬᠤᠭ᠎ᠠ ᠲᠠᠢ ᠪᠠᠶᠢᠵᠤᠬᠤᠢ ᠬᠡᠮᠡᠨ ᠲᠡᠮᠳᠡᠭᠯᠡᠵᠤ ᠪᠤᠢ᠃ ᠲᠡᠶᠢᠮᠦ ᠠᠴᠠ ᠪᠡᠶ᠎ᠡ ᠶᠢᠨ ᠲᠠᠮᠢᠷ ᠤᠨ ᠬᠦᠳᠡᠯᠭᠡᠭᠡᠨ ᠨᠢ ᠡᠯ᠎ᠡ ᠡᠷᠬᠡᠲᠡᠨ ᠤ ᠠᠵᠢᠯᠯᠠᠭ᠎ᠠ ᠶᠢ ᠨᠡᠶᠢᠳᠡᠮ ᠰᠠᠶᠢᠵᠢᠷᠠᠭᠤᠯᠵᠤ᠂ ᠡᠯ᠎ᠡ ᠡᠷᠬᠡᠳᠡᠨ ᠤ ᠮᠠᠭᠤᠲᠠᠬᠤ ᠶᠢ ᠰᠡᠷᠭᠡᠶᠢᠯᠡᠨ ᠬᠢᠵᠠᠭᠠᠷᠯᠠᠵᠤ᠂ ᠡᠪᠡᠳᠴᠢᠨ ᠡᠮᠬᠡᠭ ᠢ ᠰᠡᠷᠭᠡᠶᠢᠯᠡᠨ᠂ ᠦᠲᠡᠯᠬᠦ ᠶᠢ ᠤᠳᠠᠭᠠᠰᠢᠷᠠᠭᠤᠯᠳᠠᠭ ᠪᠦᠲᠦᠮᠵᠢᠲᠡᠢ ᠠᠷᠭ᠎ᠠ ᠬᠡᠮᠵᠢᠶ᠎ᠡ ᠭᠡᠵᠤ ᠬᠦᠮᠦᠰ ᠦᠵᠡᠵᠦ ᠪᠤᠢ᠃    ᠵᠢᠮ᠎ᠡ ᠶᠤᠰᠤ ᠲᠠᠢ ᠠᠮᠢᠳᠤᠷᠠᠯ ᠪᠤᠯ ᠡᠷᠡᠭᠦᠯ ᠮᠡᠨᠳᠦ ᠶᠠᠪᠤᠵᠤ ᠤᠷᠲᠦ ᠨᠠᠰᠤᠯᠠᠬᠤ ᠶᠢᠨ ᠴᠢᠬᠤᠯᠠ ᠨᠦᠭᠦᠴᠡᠯ ᠮᠦᠨ ᠭᠡᠵᠤ ᠮᠠᠰᠢ ᠤᠯᠠᠨ ᠮᠠᠲ᠋ᠧᠷᠢᠶᠠᠯ ᠨᠤᠲᠠᠯᠠᠵᠤ ᠪᠤᠢ᠃ ᠳᠦᠷᠪᠡᠨ ᠤᠯᠠᠷᠢᠯ ᠤᠨ ᠠᠭᠤᠷ ᠠᠮᠢᠰᠬᠤᠯ ᠯᠤᠭ᠎ᠠ ᠵᠤᠬᠢᠴᠠᠭᠤᠯᠤᠨ ᠡᠷᠲᠡ ᠤᠨᠳᠠᠵᠤ᠂ ᠡᠷᠳᠡ ᠪᠤᠰᠴᠦ᠂ ᠲᠤᠭᠲᠠᠭᠰᠠᠨ ᠴᠠᠭ ᠲᠠᠭᠠᠨ ᠢᠳᠡᠵᠤ ᠤᠤᠭᠤᠬᠤ ᠬᠡᠷᠡᠭᠳᠡᠢ᠃ ᠬᠠᠮᠤᠭ ᠤᠨ ᠰᠠᠶᠢᠨ ᠨᠢ ᠳᠠᠩᠴᠢ ᠴᠠᠳᠲᠠᠯ᠎ᠠ ᠢᠳᠡᠬᠦ ᠦᠭᠡᠢ ᠪᠠᠶᠢᠵᠤ᠂ ᠢᠳᠡᠵᠤ ᠪᠠᠷᠠᠭᠰᠠᠨ ᠤ ᠳᠠᠷᠠᠭ᠎ᠠ ᠭᠠᠳᠠᠭᠤᠷ ᠠᠯᠬᠤᠯᠠᠪᠠᠯ ᠵᠤᠬᠢᠨ᠎ᠠ᠃ ᠢᠳᠡᠰᠢᠨ ᠨᠤᠭᠤᠭ᠎ᠠ᠂ ᠪᠤᠷᠴᠠᠭ ᠤᠨ ᠵᠦᠢᠯ ᠢ ᠢᠯᠡᠭᠦᠦ ᠢᠳᠡᠵᠤ᠂ ᠦᠭᠡᠬᠦ᠂ ᠦᠨᠳᠡᠭᠡᠨ ᠰᠢᠷ᠎ᠠ ᠶᠢᠨ ᠵᠦᠢᠯ ᠢ ᠳᠤᠲᠠᠭᠤ ᠢᠳᠡᠬᠦ ᠬᠡᠷᠡᠭᠳᠡᠢ᠃ ᠬᠡᠷᠪᠡ ᠪᠡᠶ᠎ᠡ ᠶᠢᠨ ᠬᠦᠨᠳᠦ ᠬᠡᠲᠦᠷᠬᠡᠢ ᠨᠡᠮᠡᠭᠳᠡᠭᠰᠡᠨ ᠪᠠᠶᠢᠪᠠᠯ ᠬᠦᠳᠡᠯᠭᠡᠭᠡᠨ ᠬᠢᠬᠦ ᠴᠠᠭ ᠢᠶᠠᠨ ᠤᠷᠲᠦᠳᠬᠠᠵᠤ᠂ ᠬᠤᠭᠤᠯᠠ ᠢᠳᠡᠭᠡᠨ ᠪᠤᠯᠤᠨ ᠢᠯᠴᠢ ᠶᠢ ᠵᠤᠬᠢᠬᠤ ᠬᠡᠮᠵᠢᠶ᠎ᠡ ᠪᠠᠷ ᠪᠠᠭᠠᠰᠬᠠᠬᠤ ᠬᠡᠷᠡᠭᠳᠡᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ ᠶᠢᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号