ᠦᠢᠷ᠎ᠠ ᠲᠡᠭᠦᠷᠭᠡ ᠪᠠᠷ ᠵᠤᠭᠠᠴᠠᠨ ᠨᠠᠮᠤᠷ ᠤᠨ ᠲᠡᠭᠦᠵᠦ ᠵᠤᠭᠠᠴᠠᠬᠤ ᠪᠠᠶᠠᠷ ᠪᠠᠭ᠋ᠠᠳᠤᠯ ᠢ ᠡᠳ᠋ᠯᠡᠨ᠎ᠡ
ᠨᠡᠶᠢᠲᠡᠯᠡᠭᠰᠡᠨ ᠴᠠᠭ᠄
2024/10/14
   ᠣᠶᠢᠷ᠎ᠠ ᠶᠢᠨ ᠵᠢᠯ ᠳᠤ᠂ ᠲᠦᠴᠢᠦᠸᠠᠨ ᠪᠠᠯᠭᠠᠰᠤᠨ ᠤ ᠰᠢᠨ ᠱᠧᠩ ᠲᠣᠰᠬᠤᠨ ᠪᠠᠶᠢᠭᠠᠯᠢ ᠶᠢᠨ ᠡᠬᠢ ᠪᠠᠶᠠᠯᠢᠭ  ᠤᠨ ᠳᠠᠪᠠᠭᠤᠯᠢᠭ ᠲᠠᠭᠠᠨ ᠰᠠᠭᠤᠷᠢᠯᠠᠨ᠂ ᠣᠯᠠᠨ ᠲᠦᠮᠡᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠦᠵᠦᠮ᠂ ᠠᠯᠮᠤᠷᠠᠳ᠂ ᠢᠩᠲᠣᠣᠷ ᠵᠡᠷᠭᠡ ᠶᠢ ᠳᠠᠷᠢᠬᠤ᠂ ᠰᠡᠯᠡᠭᠦᠴᠡᠨ ᠲᠣᠭᠤᠷᠢᠬᠤ᠂ ᠵᠢᠮᠢᠰ ᠨᠣᠭᠤᠭ᠎ᠠ ᠲᠡᠭᠦᠬᠦ ᠶᠢ ᠨᠢᠭᠡ ᠴᠣᠭᠴᠠᠵᠢᠭᠤᠯᠤᠭᠰᠠᠨ ᠠᠮᠢ ᠠᠬᠤᠶ ᠶᠢᠨ ᠲᠠᠷᠢᠶᠠᠯᠠᠩ ᠤᠨ ᠠᠵᠤ ᠦᠶᠯᠡᠰ ᠢ ᠬᠥᠭᠵᠢᠭᠦᠯᠪᠡ᠃ ᠬᠦᠰᠡᠯ ᠡᠷᠡᠮᠡᠯᠵᠡᠯ ᠪᠢᠯᠬᠠᠭᠰᠠᠨ ᠲᠠᠷᠢᠶᠠᠨ ᠭᠠᠵᠠᠷ ᠳᠡᠭᠡᠷ᠎ᠡ᠂ ᠬᠥᠳᠡᠭᠡ ᠲᠣᠰᠬᠤᠨ ᠤ ︽ᠷᠣᠮᠠᠨᠲ᠋ᠢᠭ ᠠᠵᠤ ᠠᠬᠤᠢ︾ ᠨᠢ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠨ ᠴᠢᠨᠡᠭᠡᠯᠢᠭᠵᠢᠬᠦ ᠵᠠᠮ ᠢ ᠳᠡᠪᠢᠰᠦᠭᠰᠡᠨ ᠪᠠᠶᠢᠨ᠎ᠠ᠃
   ᠰᠢᠨ ᠱᠧᠩ ᠲᠣᠰᠬᠤᠨ ᠤ ᠴᠢ ᠼᠠᠢ ᠶᠠᠩ ᠭᠤᠸᠠᠩ ᠲᠠᠷᠢᠮᠠᠯ ᠤᠨ ᠬᠦᠷᠢᠶᠡᠯᠡᠩ ᠤᠨ ᠠᠯᠮᠤᠷᠠᠳ ᠳᠠᠷᠢᠬᠤ ᠰᠠᠭᠤᠷᠢᠨ ᠳᠤ ᠣᠷᠣᠬᠤ ᠳᠤ᠂ ᠵᠠᠯᠭᠠᠯᠳᠤᠭᠰᠠᠨ ᠠᠯᠮᠤᠷᠠᠳ ᠤᠨ ᠮᠣᠳᠣ ᠶᠢᠨ ᠰᠠᠯᠠᠭ᠎ᠠ ᠮᠥᠴᠢᠷ ᠢᠭ᠍ᠴᠤ ᠰᠠᠬᠤᠯᠢᠭ᠂ ᠤᠯᠠᠭᠠᠨ ᠥᠩᠭᠡ ᠶᠢᠨ ᠠᠯᠮᠤᠷᠠᠳ ᠮᠥᠴᠢᠷ ᠳᠦᠭᠦᠷᠡᠩ ᠡᠯᠭᠦᠵᠦ᠂ ᠠᠭᠠᠷ ᠳᠣᠲᠣᠷ᠎ᠠ ᠵᠢᠮᠢᠰ ᠤᠨ ᠦᠨᠦᠷ ᠬᠠᠩᠬᠤᠯᠤᠨ᠎ᠠ᠃ ᠰᠠᠭᠤᠷᠢᠨ ᠭᠠᠵᠠᠷ ᠲᠤ᠂ ᠵᠤᠭᠠᠴᠠᠭᠰᠠᠳ ᠵᠢᠮᠢᠰ ᠤᠨ ᠰᠠᠭᠰᠤ ᠳᠡᠭᠦᠵᠢᠯᠡᠵᠦ᠂ ᠵᠢᠮᠢᠰ ᠤᠨ ᠬᠦᠷᠢᠶᠡᠯᠡᠩ ᠢᠶᠠᠷ ᠰᠡᠯᠡᠭᠦᠴᠡᠨ ᠲᠣᠭᠤᠷᠢᠵᠤ᠂ ᠵᠢᠮᠢᠰ ᠲᠡᠭᠦᠬᠦ ᠬᠠᠪᠤ ᠴᠡᠩᠭᠡᠯ ᠢ ᠪᠡᠶᠡᠴᠢᠯᠡᠨ ᠣᠶᠢᠯᠠᠭᠠᠵᠤ᠂ ᠪᠦᠬᠦᠶᠢᠯᠡ ᠵᠢᠮᠢᠰ ᠤᠨ ᠬᠦᠷᠢᠶᠡᠯᠡᠩ ᠬᠦᠬᠡ ᠣᠭᠲᠠᠷᠭᠤᠢ ᠬᠥᠪᠥᠩ ᠴᠠᠭᠠᠨ ᠡᠭᠦᠯᠡ ᠶᠢᠨ ᠲᠤᠶᠠᠭᠠᠯᠠᠯ ᠳᠣᠣᠷ᠎ᠠ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠡᠯᠪᠡᠭ ᠬᠤᠷᠢᠶᠠᠯᠲᠠ ᠶᠢᠨ ᠰᠢᠨ᠎ᠡ ᠵᠢᠷᠤᠭ ᠢ ᠵᠢᠷᠤᠭᠯᠠᠪᠠ᠃
   ︽ᠠᠳᠡᠬᠢ ᠠᠯᠮᠤᠷᠠᠳ ᠵᠠᠬ᠎ᠠ ᠳᠡᠯᠭᠡᠭᠦᠷ ᠲᠤ ᠭᠠᠨᠷᠤᠭᠰᠠᠨ ᠢ ᠰᠤᠨᠤᠰᠤᠭᠠᠳ᠂ ᠪᠢ ᠬᠡᠦᠬᠡᠨ ᠢᠶᠠᠨ ᠳᠠᠭᠠᠭᠤᠯᠤᠨ ᠲᠡᠭᠦᠬᠦ ᠪᠠᠷ ᠢᠷᠡᠵᠡᠢ᠂ ᠠᠯᠮᠤᠷᠠᠳ ᠨᠢ ᠬᠡᠦᠷᠡᠭ ᠮᠥᠷᠲᠡᠭᠡᠨ ᠰᠢᠬᠢᠷᠯᠢᠭ᠂ ᠬᠡᠦᠬᠡᠳ ᠪᠠᠰᠠ ᠢᠳᠡᠬᠦ ᠳᠤᠷᠠᠲᠠᠢ᠂ ᠢᠯᠡᠭᠦᠦ ᠰᠢᠭ ᠲᠡᠭᠦᠵᠦ ᠲᠥᠷᠥᠯ ᠰᠠᠳᠤᠨ ᠳᠤ ᠪᠠᠨ ᠥᠭᠬᠦ ᠪᠠᠷ ᠪᠡᠯᠡᠳᠬᠡᠵᠦ ᠪᠠᠶᠢᠨ᠎ᠠ᠃︾ ᠭᠡᠵᠦ ᠵᠢᠭᠤᠯᠴᠢᠯᠠᠭᠴᠢ ᠯᠢᠦ ᠹᠧᠩ ᠶᠠᠨ ᠬᠡᠯᠡᠪᠡ᠃
   ᠲᠠᠷᠢᠮᠠᠯ ᠤᠨ ᠬᠦᠷᠢᠶᠡᠯᠡᠩ ᠨᠢ ᠲᠦᠴᠢᠦᠸᠠᠨ ᠪᠠᠯᠭᠠᠰᠤᠨ ᠤ ᠰᠢᠨ ᠱᠧᠩ ᠲᠣᠰᠬᠤᠨ ᠳᠤ ᠪᠠᠶᠢᠷᠢᠯᠠᠵᠤ᠂ ᠰᠢᠶᠠᠩ  ᠤᠨ ᠵᠠᠮ ᠲᠠᠢ ᠬᠥᠷᠰᠢᠯᠡᠵᠦ᠂ ᠵᠠᠮ ᠬᠠᠷᠢᠯᠴᠠᠭ᠎ᠠ ᠳᠥᠭᠦᠮ ᠳᠥᠲᠡ᠂ ᠳᠥᠷᠪᠡᠨ ᠲᠠᠯ᠎ᠠ ᠪᠠᠷ ᠢᠶᠠᠨ ᠠᠭᠤᠯᠠ ᠤᠰᠤ  ᠪᠠᠷ ᠬᠦᠷᠢᠶᠡᠯᠡᠭᠳᠡᠵᠦ᠂ ᠥᠩᠭᠡ ᠦᠵᠡᠮᠵᠢ ᠭᠤᠶᠣ ᠰᠠᠶᠢᠬᠠᠨ ᠪᠠᠶᠢᠳᠠᠭ ᠤᠨ ᠳᠡᠭᠡᠷ᠎ᠡ ᠲᠤᠬᠠᠶ ᠶᠢᠨ ᠭᠠᠵᠠᠷ ᠤᠨ ᠥᠪᠡᠷᠮᠢᠴᠡ ᠬᠥᠷᠥᠰᠥ ᠰᠢᠷᠣᠶ ᠲᠠᠢ ᠪᠠᠶᠢᠵᠤ᠂ ᠳᠠᠷᠢᠭᠰᠠᠨ ᠠᠯᠮᠤᠷᠠᠳ ᠨᠢ ᠥᠩᠭᠡ ᠢᠯᠭᠠᠷᠠᠮ᠎ᠠ᠂ ᠰᠢᠬᠢᠷᠯᠢᠭ᠂ ᠰᠢᠮ᠎ᠡ ᠲᠡᠵᠢᠭᠡᠯ ᠤᠨ ᠥᠷᠲᠡᠭ ᠢᠶᠠᠷ ᠥᠨᠳᠥᠷ ᠵᠡᠷᠭᠡ ᠣᠨᠴᠠᠯᠢᠭ ᠲᠠᠢ ᠪᠠᠶᠢᠵᠤ᠂ ᠮᠠᠰᠢ ᠣᠯᠠᠨ ᠵᠤᠭᠠᠴᠠᠭᠰᠠᠳ ᠤᠨ ᠬᠥᠳᠡᠭᠡ ᠨᠤᠲᠤᠭ ᠤᠨ ᠠᠮᠢᠳᠤᠷᠠᠯ ᠤᠨ ᠬᠠᠪᠤ ᠴᠡᠩᠭᠡᠯ ᠢ ᠪᠡᠶᠡᠴᠢᠯᠡᠨ ᠣᠶᠢᠯᠠᠭᠠᠵᠠᠶ᠃    ︽ᠮᠢᠨᠦ ᠳᠠᠷᠢᠭᠰᠠᠨ ᠠᠯᠮᠤᠷᠠᠳ ᠪᠣᠯ ᠰᠢᠨ᠎ᠡ ᠱᠦᠸᠠᠢ ᠪᠠ ᠰᠢᠨ᠎ᠡ ᠫᠢᠩ ᠳᠥᠷᠪᠡᠳᠦᠭᠡᠷ ᠭᠡᠬᠦ ᠬᠤᠶᠠᠷ ᠲᠥᠷᠥᠯ ᠵᠦᠶᠯ ᠪᠣᠯᠤᠨ᠎ᠠ᠂ 9 ᠰᠠᠷ᠎ᠠ ᠶᠢᠨ ᠳᠤᠮᠳᠠᠴᠢ ᠠᠴᠠ ᠡᠬᠢᠯᠡᠨ ᠵᠠᠬ᠎ᠠ ᠳᠡᠯᠭᠡᠭᠦᠷ ᠲᠤ ᠭᠠᠷᠴᠤ᠂ 10 ᠰᠠᠷ᠎ᠠ ᠶᠢᠨ ᠰᠡᠭᠦᠯᠴᠢ ᠪᠣᠯᠲᠠᠯ᠎ᠠ ᠲᠡᠭᠦᠵᠦ ᠲᠡᠶᠢᠯᠦᠨ᠎ᠡ᠂ ᠡᠨᠡ ᠵᠢᠯ ᠤᠨ ᠶᠡᠷᠦᠩᠬᠡᠶ ᠤᠨᠠᠯᠲᠠ ᠨᠢ 2 ᠲᠦᠮᠡᠨ ᠵᠢᠩ ᠪᠠᠶᠢᠵᠤ᠂ ᠵᠢᠮᠢᠰ ᠤᠨ ᠮᠣᠳᠣ ᠥᠷᠨᠢᠨ ᠵᠢᠮᠢᠰᠯᠡᠬᠦ ᠬᠤᠭᠤᠴᠠᠭᠠᠨ ᠳᠤ ᠤᠷᠤᠭᠰᠠᠨ ᠤ ᠳᠠᠷᠠᠭ᠎ᠠ ᠤᠨᠠᠯᠲᠠ ᠨᠢ ᠪᠠᠰᠠ ᠬᠤᠶᠠᠷ ᠳᠠᠬᠢᠨ ᠪᠣᠯᠤᠨ᠎ᠠ᠃ ᠣᠳᠣ ᠮᠠᠰᠢ ᠰᠠᠶᠢᠨ ᠪᠣᠷᠣᠯᠠᠭᠤᠯᠵᠤ ᠪᠠᠶᠢᠨ᠎ᠠ᠂ ᠡᠳᠦᠷ ᠪᠣᠯᠭᠠᠨ ᠴᠥᠭᠡᠨ ᠪᠤᠰᠤ ᠵᠢᠭᠤᠯᠴᠢᠳ ᠲᠡᠭᠦᠵᠦ ᠪᠠᠶᠢᠨ᠎ᠠ᠃︾ ᠭᠡᠵᠦ ᠲᠦᠴᠢᠦᠸᠠᠨ ᠪᠠᠯᠭᠠᠰᠤᠨ ᠤ ᠰᠢᠨ ᠱᠧᠩ ᠲᠣᠰᠬᠤᠨ ᠤ ᠴᠢ ᠼᠠᠢ ᠶᠠᠩ ᠭᠤᠸᠠᠩ ᠲᠠᠷᠢᠮᠠᠯ ᠤᠨ ᠬᠦᠷᠢᠶᠡᠯᠡᠩ ᠤᠨ ᠲᠠᠷᠢᠮᠠᠯ ᠤᠨ ᠡᠷᠦᠬᠡ ᠸᠠᠩ ᠵᠢᠶᠦ᠋ᠨ ᠬᠡᠯᠡᠪᠡ᠃
   ᠲᠠᠷᠢᠶᠠᠯᠠᠩ ᠢᠶᠠᠷ ᠪᠠᠷᠢᠭᠠᠳᠠ ᠶᠢ ᠠᠬᠢᠭᠤᠯᠵᠤ᠂ ᠵᠢᠭᠤᠯᠴᠢᠯᠠᠯ ᠢᠶᠠᠷ ᠲᠠᠷᠢᠶᠠᠯᠠᠩ ᠢ ᠬᠥᠭᠵᠢᠭᠦᠯᠬᠦ᠃ ᠣᠶᠢᠷ᠎ᠠ  ᠶᠢᠨ ᠵᠢᠯ ᠠᠴᠠ ᠨᠠᠭᠠᠰᠢ᠂ ᠲᠦᠴᠢᠦᠸᠠᠨ ᠪᠠᠯᠭᠠᠰᠤᠨ ᠤ ᠰᠢᠨ ᠱᠧᠩ ᠲᠣᠰᠬᠤᠨ ᠡᠬᠢ ᠪᠠᠶᠠᠯᠢᠭ ᠤᠨ ᠣᠭ ᠰᠤᠷᠪᠤᠯᠵᠢ ᠪᠠᠨ ᠭᠦᠨ ᠠᠭᠤᠳᠠᠯᠵᠤ᠂ ᠬᠥᠳᠡᠭᠡ ᠠᠵᠤ ᠠᠬᠤᠶ ᠪᠠ ᠵᠢᠭᠤᠯᠴᠢᠯᠠᠯ ᠤᠨ ᠠᠭᠤᠰᠤᠯᠴᠠᠯ ᠢ ᠶᠡᠭᠡ ᠪᠠᠷ ᠬᠡᠷᠡᠭᠵᠢᠭᠦᠯᠵᠦ᠂ ᠠᠮᠢ ᠠᠬᠤᠶ ᠲᠣᠭᠤᠷᠢᠨ ᠦᠵᠡᠬᠦ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠣᠷᠣᠨ ᠨᠤᠲᠤᠭ ᠤᠨ ᠣᠨᠴᠠᠯᠢᠭ ᠲᠠᠢ ᠬᠥᠳᠡᠭᠡ ᠲᠣᠰᠬᠤᠨ ᠤ ᠵᠢᠭᠤᠯᠴᠢᠯᠠᠯ ᠢ ᠨᠢᠭᠡ ᠴᠣᠭᠴᠠᠵᠢᠭᠤᠯᠤᠭᠰᠠᠨ ᠬᠥᠳᠡᠭᠡ ᠲᠣᠰᠬᠤᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠠᠶᠢᠭᠤᠯᠪᠠ᠃ ᠴᠥᠭᠡᠨ ᠪᠤᠰᠤ ᠲᠤᠬᠠᠶ ᠶᠢᠨ ᠭᠠᠵᠠᠷ ᠤᠨ ᠣᠯᠠᠨ ᠲᠦᠮᠡᠨ ᠵᠢᠭᠤᠯᠴᠢᠯᠠᠯ ᠭᠡᠬᠦ ᠡᠨᠡᠬᠦ ︽ᠠᠯᠲᠠᠨ ᠠᠶᠠᠭ᠎ᠠ︾ ᠶᠢ ᠪᠠᠷᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠵᠢᠷᠤᠭ ᠲᠥᠰᠦᠪ ᠢ ᠵᠢᠷᠤᠭᠯᠠᠵᠠᠶ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号