ᠬᠢᠩᠭᠠᠨ ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠵᠢᠴᠢ ᠪᠥᠬᠦ ᠠᠶᠢᠮᠠᠭ ᠤᠨ ᠠᠶᠤᠯᠭᠦᠶ ᠦᠢᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠸᠢᠳᠢᠣ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/15
   9 ᠰᠠᠷ᠎ᠠ ᠶᠢᠨ 30 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠪᠠᠶᠢᠩᠭᠤ ᠶᠢᠨ ᠬᠤᠷᠠᠯ ᠵᠢᠴᠢ ᠪᠥᠬᠦ ᠠᠶᠢᠮᠠᠭ ᠤᠨ ᠠᠶᠤᠯᠭᠦᠶ ᠦᠢᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠸᠢᠳᠢᠤ᠋ ᠬᠤᠷᠠᠯ ᠢ ᠡᠷᠭᠢᠯᠡᠨ ᠬᠤᠷᠠᠯᠳᠤᠭᠤᠯᠪᠠ᠃ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠵᠢᠴᠢ ᠪᠥᠬᠦ ᠤᠯᠤᠰ᠂ ᠪᠥᠬᠦ ᠣᠷᠣᠨ ᠤ ᠠᠶᠤᠯᠭᠦᠢ ᠦᠢᠯᠡᠳᠪᠦᠷᠢᠯᠡᠯ ᠪᠠ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠢᠩᠭᠠᠨ ᠠᠶᠢᠮᠠᠭ ᠤᠨ ᠲᠤᠲᠤᠷᠭ᠎ᠠ︾ ᠶᠢᠨ ᠠᠵᠤ ᠦᠢᠯᠡᠰ ᠤᠨ ᠬᠥᠭᠵᠢᠯᠲᠡ᠂ ᠡᠪᠦᠯ ᠤᠨ ᠤᠯᠠᠷᠢᠯ ᠤᠨ ᠵᠢᠭᠤᠯᠴᠢᠯᠠᠯ ᠵᠡᠷᠭᠡ ᠶᠠᠪᠤᠳᠠᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠩᠭᠠᠳᠬᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠰᠤᠳᠤᠯᠵᠤ᠂ ᠣᠨᠣᠪᠴᠢᠲᠠᠢ ᠡᠵᠡᠮᠳᠡᠵᠦ᠂ ᠭᠦᠢᠴᠡᠳ ᠬᠡᠷᠡᠭᠯᠡᠵᠦ ᠰᠠᠶᠢᠲᠤᠷ ᠬᠡᠷᠡᠭᠯᠡᠬᠦ ᠬᠡᠷᠡᠭᠲᠡᠢ᠃ ᠢᠲᠡᠭᠡᠯ ᠵᠣᠷᠢᠭ ᠢᠶᠠᠨ ᠪᠠᠲᠤᠳᠬᠠᠵᠤ᠂ ᠭᠤᠣᠯᠳᠠᠯᠭ᠎ᠠ ᠶᠢ ᠠᠳᠬᠤᠵᠤ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠰᠢᠰᠲ᠋ᠧᠮᠲᠦ ᠰᠡᠳᠬᠢᠬᠦᠢ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠭᠤᠭᠴᠤᠭ᠎ᠠ ᠨᠢᠭᠡᠪᠦᠷᠢ ᠳᠤ ᠴᠥᠮ ᠠᠳᠬᠤᠬᠤ ᠬᠥᠮᠦᠨ ᠲᠠᠢ᠂ ᠬᠠᠮᠢᠶᠠᠷᠬᠤ ᠬᠥᠮᠦᠨ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠳᠠᠯᠳᠠ ᠬᠡᠮ ᠢ ᠵᠢᠭᠰᠠᠭᠠᠨ ᠪᠠᠶᠢᠴᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠡᠷᠡᠭ ᠤᠨ ᠵᠢᠱᠢᠶ᠎ᠡ ᠠᠴᠠ ᠭᠦᠨᠵᠡᠭᠡᠶ ᠰᠤᠷᠭᠠᠮᠵᠢ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠪᠠ ᠣᠶ ᠰᠢᠭᠤᠶ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠭᠡᠪᠡ᠃    ᠬᠤᠷᠠᠯ ᠠᠴᠠ ᠴᠢᠩᠭᠠᠳᠬᠠᠭᠰᠠᠨ ᠨᠢ᠂ ᠡᠯ᠎ᠡ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠬᠢᠨ ᠵᠠᠯᠠᠶᠢᠳ ᠬᠤᠰᠢᠭᠤᠨ ᠤ ᠪᠣᠷᠣᠯᠠᠭᠤᠯᠭ᠎ᠠ ᠶᠢᠨ ᠠᠵᠢᠯᠯᠠᠭ᠎ᠠ ᠶᠢᠨ ᠲᠤᠷᠰᠢᠯᠭ᠎ᠠ ᠶᠢ ᠨᠠᠷᠢᠨ ᠬᠢᠨᠠᠮᠠᠭᠠᠢ ᠰᠤᠷᠤᠯᠴᠠᠵᠥ᠂ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠴᠢᠨᠠᠭᠰᠢᠳᠠ ᠨᠡᠪᠲᠡᠷᠡᠭᠦᠯᠵᠦ᠂ ᠪᠡᠭᠡᠵᠢᠩ ᠤᠨ ᠵᠠᠬ᠎ᠠ ᠳᠡᠯᠭᠡᠭᠦᠷ ᠢ ᠥᠷᠭᠡᠳᠬᠡᠵᠦ᠂ ᠪᠦᠳᠦᠭᠦᠯᠢᠭ ᠠᠮᠤ ᠪᠤᠳᠠᠭ᠎ᠠ ᠶᠢ ᠲᠤᠰ ᠭᠠᠵᠠᠷ ᠲᠠᠭᠠᠨ ᠬᠤᠷᠢᠶᠠᠨ ᠬᠠᠳᠠᠭᠠᠯᠠᠬᠤ ᠪᠠ ᠲᠤᠲᠤᠷᠭ᠎ᠠ ᠪᠣᠯᠪᠠᠰᠤᠷᠠᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ︽ᠬᠢᠩᠭᠠᠨ ᠠᠶᠢᠮᠠᠭ ᠤᠨ ᠲᠤᠲᠤᠷᠭ᠎ᠠ︾ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠪᠦᠯ ᠤᠨ ᠤᠯᠠᠷᠢᠯ ᠤᠨ ᠵᠤᠭᠠᠴᠠᠯ ᠤᠨ ᠪᠦᠲᠦᠭᠡᠭᠳᠡᠬᠦᠨ ᠢ ᠨᠠᠷᠢᠯᠢᠭ ᠬᠢᠵᠦ᠂ ᠤᠬᠠᠭᠤᠯᠭ᠎ᠠ ᠶᠢᠨ ᠡᠬᠢ ᠪᠠᠶᠠᠯᠢᠭ ᠢ ᠨᠡᠶᠢᠳᠬᠡᠵᠦ᠂ ᠵᠤᠭᠠᠴᠠᠯ ᠤᠨ ᠦᠢᠯᠡᠴᠢᠯᠡᠭᠡ ᠶᠢ ᠨᠠᠷᠢᠯᠢᠭ ᠬᠢᠵᠦ᠂ ᠵᠤᠭᠠᠴᠠᠭᠰᠠᠳ ᠲᠤ ᠨᠡᠩ ᠪᠠᠶᠠᠯᠢᠭ᠂ ᠨᠡᠩ ᠰᠢᠯᠢᠳᠡᠭ ᠵᠤᠭᠠᠴᠠᠯ ᠤᠨ ᠣᠶᠢᠯᠠᠭᠠᠯᠲᠠ ᠬᠠᠩᠭᠠᠬᠤ ᠪᠠᠷ ᠴᠢᠷᠮᠠᠶᠢᠬᠤ ᠬᠡᠷᠡᠭᠲᠡᠢ ᠭᠡᠪᠡ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号