ᠢᠦᠢ ᠵᠢᠢ ᠱᠦᠨ ᠨᠡᠷ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠢᠩᠬᠢᠮ ᠲᠤᠪᠴᠢᠶ᠎ᠠ ᠳᠤ ᠬᠦᠷᠴᠦ ᠰᠤᠷᠪᠤᠯᠵᠢᠯᠠᠨ ᠵᠣᠯᠭᠠᠭᠤᠯᠪᠠ
ᠨᠡᠶᠢᠲᠡᠯᠡᠭᠰᠡᠨ ᠴᠠᠭ᠄
2024/10/15
   10 ᠳ᠋ᠤᠭᠠᠷ ᠰᠠᠷ᠎ᠠ ᠶᠢᠨ 9 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠪᠦᠯᠬᠦᠮ ᠳᠠᠭᠠᠭᠤᠯᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠥᠷᠥ ᠶᠢᠨ ᠶᠠᠪᠤᠳᠠᠯ ᠤᠨ ᠬᠤᠷᠢᠶᠠᠨ ᠤ ᠬᠥᠳᠡᠯᠭᠡᠬᠦ ᠬᠦᠴᠦᠨ ᠤ ᠠᠯᠪᠠᠨ ᠬᠡᠷ᠂ ᠬᠠᠤᠯᠢ ᠴᠠᠭᠠᠵᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠲᠤᠭ᠎ᠠ ᠪᠠᠷᠢᠮᠲᠠ ᠶᠢᠨ ᠲᠣᠪᠴᠢᠶ᠎ᠠ ᠵᠡᠷᠭᠡ ᠲᠢᠩᠬᠢᠮ ᠲᠣᠪᠴᠢᠶ᠎ᠠ ᠶᠢᠨ ᠨᠢᠭᠡᠴᠢ ᠲᠠᠢ ᠠᠭᠤᠯᠵᠠᠵᠤ᠂ ᠶᠠᠷᠢᠯᠴᠠᠵᠤ ᠰᠣᠯᠢᠯᠴᠠᠬᠤ᠂ ᠵᠣᠯᠭᠠᠭᠤᠯᠬᠤ ᠬᠤᠯᠪᠣᠭᠳᠠᠯ ᠪᠥᠬᠦᠶ ᠠᠵᠢᠯ ᠢ ᠥᠷᠨᠢᠭᠦᠯᠪᠡ᠃    ᠰᠤᠷᠪᠤᠯᠵᠢᠯᠠᠬᠤ ᠶᠠᠪᠤᠴᠠ ᠳᠤ᠂ ᠢᠦᠶ ᠵᠢᠶ ᠱᠦᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠡᠮᠦᠨ᠎ᠡ ᠠᠴᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠢᠩᠬᠢᠮ ᠲᠣᠪᠴᠢᠶ᠎ᠠ ᠶᠢᠨ ᠤᠷᠲᠤ ᠬᠤᠭᠤᠴᠠᠭᠠᠨ ᠤ ᠲᠤᠷᠰᠢ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠠᠪᠰᠤᠷᠤᠯᠭ᠎ᠠ ᠳᠡᠮᠵᠢᠯᠭᠡ ᠦᠵᠡᠭᠦᠯᠦᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠡᠭᠦᠨ ᠤ ᠬᠠᠮᠲᠤ ᠡᠮ ᠡᠮᠨᠡᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠬᠤ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠬᠤᠯᠪᠣᠭᠳᠠᠯ ᠪᠦᠬᠦᠢ ᠲᠢᠩᠬᠢᠮ ᠲᠣᠪᠴᠢᠶ᠎ᠠ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠤᠯᠬᠤ ᠪᠠᠷ ᠴᠢᠷᠮᠠᠶᠢᠨ᠎ᠠ᠃    ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠢᠩᠬᠢᠮ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠡᠯ᠎ᠡ ᠵᠦᠢᠯ ᠤᠨ ᠵᠣᠯᠭᠠᠭᠤᠯᠬᠤ ᠵᠦᠢᠯᠡᠰ ᠲᠤ ᠢᠳᠡᠪᠬᠢᠲᠡᠶ ᠬᠠᠷᠢᠭᠤ ᠲᠤᠰᠬᠠᠯ ᠭᠠᠷᠭᠠᠭᠰᠠᠨ ᠪᠥᠭᠡᠳ ᠬᠢᠩᠭᠠᠨ ᠠᠶᠢᠮᠠᠭ ᠤᠨ ᠠᠵᠢᠯ ᠦᠢᠯᠡᠰ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠬᠢᠩᠭᠠᠨ ᠠᠶᠢᠮᠠᠭ ᠲᠤ ᠨᠠᠶᠢᠳᠠᠪᠤᠷᠢᠵᠢᠭᠤᠯᠬᠤ ᠶᠢ ᠬᠠᠮᠲᠤ ᠪᠠᠷ ᠠᠬᠢᠭᠤᠯᠤᠨ᠎ᠠ ᠭᠡᠵᠦ ᠢᠯᠡᠷᠬᠡᠶᠢᠯᠡᠪᠡ᠃    ᠠᠶᠢᠮᠠᠭ ᠤᠨ ᠤᠳᠤᠷᠢᠳᠤᠯᠭ᠎ᠠ ᠵᠠᠩ ᠶᠦᠩ ᠴᠢᠶᠠᠩ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠵᠣᠯᠭᠠᠭᠤᠯᠬᠤ ᠠᠵᠢᠯᠯᠠᠭ᠎ᠠ ᠳᠤ ᠣᠷᠣᠯᠴᠠᠵᠠᠶ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号