ᠰᠢᠤᠸᠠᠢ ᠲᠢᠶᠠᠨ ᠰᠢᠶᠠᠩ ᠵᠢᠶᠤᠤ ᠯᠢᠦ ᠾᠧ ᠭᠤᠣᠯ ᠤᠨ ᠠᠮᠢ ᠠᠬᠤᠶ ᠶᠢᠨ ᠲᠤᠲᠤᠷᠭ᠎ᠠ ᠡᠯᠪᠡᠭ ᠬᠤᠷᠢᠶᠠᠯᠲᠠ ᠶᠢᠨ ᠰᠢᠨ᠎ᠡ ᠵᠢᠷᠤᠭ ᠢ ᠵᠢᠷᠤᠭᠯᠠᠨ᠎ᠠ
ᠨᠡᠶᠢᠲᠡᠯᠡᠭᠰᠡᠨ ᠴᠠᠭ᠄
2024/10/15
   ᠰᠢᠤᠸᠠᠢ ᠲᠢᠶᠠᠨ ᠰᠢᠶᠠᠩ ᠤᠨ ᠯᠢ ᠮᠢᠨ ᠲᠣᠰᠬᠤᠨ ᠤ ᠤᠰᠤᠨ ᠲᠤᠲᠤᠷᠭ᠎ᠠ ᠵᠠᠯᠭᠠᠭ᠎ᠠ ᠪᠠᠷ ᠪᠣᠯᠪᠠᠰᠤᠷᠠᠬᠤ ᠬᠤᠭᠤᠴᠠᠭᠠᠨ ᠳᠤ ᠣᠷᠣᠵᠤ᠂ ᠹᠧᠩ ᠶᠢᠨ ᠶᠤᠸᠠᠨ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠲᠤᠩᠭᠠᠯᠠᠭ ᠰᠠᠶᠢᠬᠠᠨ ᠴᠠᠭ ᠠᠭᠤᠷ ᠢ ᠢᠳᠡᠪᠬᠢᠲᠡᠶ ᠠᠳᠬᠤᠵᠤ᠂ ᠬᠥᠮᠦᠨ ᠤ ᠬᠦᠴᠦᠨ ᠢ ᠡᠮᠬᠢ ᠵᠢᠷᠤᠮ  ᠲᠠᠢ ᠵᠣᠬᠢᠶᠠᠨ ᠪᠠᠶᠢᠭᠤᠯᠵᠤ᠂ ᠪᠣᠯᠪᠠᠰᠤᠷᠠᠩᠭᠤᠶ ᠪᠣᠯᠤᠭᠰᠠᠨ ᠤᠰᠤᠨ ᠲᠤᠲᠤᠷᠭ᠎ᠠ ᠶᠢ ᠮᠠᠰᠢᠨ ᠢᠶᠠᠷ ᠬᠠᠳᠤᠵᠤ᠂ ᠲᠠᠷᠢᠶᠠᠯᠠᠬᠤ ᠴᠠᠭ ᠢ ᠰᠠᠭᠠᠲᠠᠭᠠᠬᠤ ᠥᠬᠡᠶ ᠪᠠᠷ ᠮᠥᠬᠦᠯᠢᠭ ᠠᠮᠤ ᠶᠢᠨ ᠬᠥᠮᠥᠷᠭᠡ ᠳᠤ ᠣᠷᠣᠭᠤᠯᠬᠤ ᠶᠢ ᠪᠠᠲᠤᠯᠠᠪᠠ᠃
   ᠮᠠᠰᠢᠨ ᠤ ᠬᠦᠷᠴᠢᠭᠢᠨᠡᠭᠰᠡᠨ ᠲᠠᠭᠤᠨ ᠢ ᠳᠠᠭᠠᠯᠳᠤᠨ᠂ ᠤᠰᠤᠨ ᠲᠤᠲᠤᠷᠭ᠎ᠠ ᠶᠢᠨ ᠬᠠᠳᠤᠵᠤ ᠬᠤᠷᠢᠶᠠᠬᠤ ᠮᠠᠰᠢᠨ  ᠨᠢ ᠲᠤᠲᠤᠷᠭ᠎ᠠ ᠶᠢᠨ ᠲᠠᠷᠢᠶᠠᠨ ᠳᠤ ᠴᠢᠨᠡᠭᠡ ᠪᠠᠷ ᠢᠶᠠᠨ ᠨᠠᠰᠢ ᠴᠠᠰᠢ ᠰᠦᠯᠵᠢᠯᠳᠦᠵᠦ᠂ ᠲᠤᠲᠤᠷᠭ᠎ᠠ ᠶᠢᠨ ᠲᠦᠷᠦᠭᠦᠦ ᠶᠢ ᠮᠠᠰᠢ ᠲᠦᠷᠭᠡᠨ ᠢᠶᠠᠷ ᠬᠠᠳᠤᠵᠤ ᠬᠤᠷᠢᠶᠠᠬᠤ ᠮᠠᠰᠢᠨ ᠳᠤ ᠲᠠᠲᠠᠭᠳᠠᠨ ᠣᠷᠣᠵᠤ᠂ ᠲᠠᠷᠢᠶᠠᠨ ᠭᠠᠵᠠᠷ ᠲᠤ ᠶᠠᠭᠠᠷᠠᠯᠲᠠᠶ ᠠᠵᠢᠯᠯᠠᠵᠤ ᠪᠠᠶᠢᠯ᠎ᠠ᠃ 《 ᠡᠨᠡ ᠵᠢᠯ ᠮᠠᠨ ᠤ ᠬᠤᠷᠰᠢᠶ᠎ᠠ ᠨᠡᠶᠢᠲᠡ 1200 ᠮᠥ ᠤᠰᠤᠨ ᠲᠤᠲᠤᠷᠭ᠎ᠠ ᠳᠠᠷᠢᠵᠤ᠂ ᠡᠯᠪᠡᠭ ᠬᠤᠷᠢᠶᠠᠯᠲᠠ ᠣᠯᠵᠤ᠂ ᠮᠥ ᠪᠦᠷᠢ 700 ᠭᠠᠷᠤᠶ ᠺᠢᠯᠤᠭ᠍ᠷᠠᠮ ᠬᠤᠷᠢᠶᠠᠵᠤ᠂ ᠦᠶᠯᠡᠳᠬᠦᠨ ᠤ ᠪᠥᠬᠦ ᠥᠷᠲᠡᠭ ᠨᠢ 240 ᠭᠠᠷᠤᠶ ᠲᠦᠮᠡᠨ ᠲᠥᠭᠦᠷᠢᠭ ᠲᠤ ᠬᠦᠷᠴᠡᠶ᠃︾ ᠭᠡᠵᠦ ᠹᠧᠩ ᠶᠢᠨ ᠶᠤᠸᠠᠨ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠶᠢᠨ ᠬᠠᠷᠢᠭᠤᠴᠠᠯᠭᠠᠲᠠᠨ ᠦ᠋ ᠲᠢᠶᠠᠨ  ᠢᠤᠢ ᠲᠠᠨᠢᠯᠴᠠᠭᠤᠯᠤᠨ᠎ᠠ᠃
   ᠬᠠᠭᠤᠴᠢ ᠦᠭᠡᠨ ᠳᠤ᠂ ᠰᠠᠶᠢᠨ ᠠᠭᠤᠯᠠ ᠰᠠᠶᠢᠨ ᠤᠰᠤ ᠰᠠᠶᠢᠨ ᠪᠤᠳᠠᠭ᠎ᠠ ᠭᠠᠷᠤᠨ᠎ᠠ᠃ ᠤᠮᠠᠷᠠᠲᠤ ᠥᠷᠭᠡᠷᠢᠭ  ᠤᠨ 46 ᠭᠷᠠᠳᠦ᠋ᠰ ᠤᠨ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠤᠷᠮᠣᠶ ᠶᠢᠨ ᠠᠮᠢ ᠠᠬᠤᠶ ᠶᠢᠨ ᠴᠠᠭᠠᠷᠢᠭ ᠲᠤ᠂ ᠳᠡᠯᠡᠬᠡᠶ ᠨᠡᠶᠢᠲᠡ ᠳᠤ ᠮᠡᠳᠡᠷᠡᠭᠳᠡᠭᠰᠡᠨ ᠬᠦᠶᠲᠡᠨ ᠭᠠᠵᠠᠷ ᠤᠨ ᠤᠰᠤᠨ ᠲᠤᠲᠤᠷᠭ᠎ᠠ ᠶᠢᠨ ᠰᠢᠵᠢᠷ ᠠᠯᠲᠠᠨ ᠪᠦᠰᠡ᠂ ᠴᠡᠪᠡᠷ ᠪᠣᠬᠢᠷᠲᠤᠯ ᠥᠬᠡᠶ ᠵᠢᠶᠦᠦ ᠯᠢᠦ ᠭᠤᠤᠯ ᠪᠠ ᠣᠷᠭᠠᠨᠢᠭ ᠪᠣᠳᠠᠰ ᠤᠨ ᠠᠭᠤᠯᠤᠭᠳᠠᠴᠠ ᠪᠠᠷ ᠥᠨᠳᠥᠷ ᠬᠠᠷ᠎ᠠ ᠬᠥᠷᠥᠰᠥ ᠰᠢᠷᠣᠶ ᠳᠤ ᠲᠠᠷᠢᠭᠰᠠᠨ ᠵᠢᠶᠦᠦ ᠯᠢᠦ ᠾᠧ ᠭᠤᠤᠯ ᠤᠨ ᠲᠤᠲᠤᠷᠭ᠎ᠠ ᠪᠤᠯᠤᠨ᠎ᠠ᠃ ᠵᠢᠶᠤᠤ ᠯᠢᠦ ᠾᠧ ᠭᠤᠣᠯ ᠤᠨ ᠲᠤᠲᠤᠷᠭ᠎ᠠ ᠳᠤ ᠸᠢᠲ᠋ᠠᠮᠢᠨ᠂ ᠲᠠᠮᠠᠬᠢᠨ ᠬᠦᠴᠢᠯ ᠵᠡᠷᠭᠡ ᠰᠢᠮ᠎ᠡ ᠲᠡᠵᠢᠭᠡᠯᠲᠦ ᠡᠯᠧᠮᠧᠨ᠋ᠲ ᠪᠠ ᠺᠠᠯᠼ᠂ ᠰᠧᠯᠧᠨ ᠵᠡᠷᠭᠡ 15 ᠵᠦᠢᠯ ᠤᠨ ᠪᠢᠴᠢᠯ ᠡᠯᠧᠮᠧᠨ᠋ᠲ ᠡᠯᠪᠡᠭ ᠠᠭᠤᠯᠤᠭᠳᠠᠵᠤ᠂ ᠠᠮᠤ ᠮᠥᠬᠦᠯᠢᠭ ᠨᠢ ᠭᠢᠯᠲᠠᠭᠠᠨᠠᠮ᠎ᠠ᠂ ᠥᠪᠡᠷ ᠢᠶᠠᠨ ᠲᠤᠲᠤᠷᠭ᠎ᠠ ᠶᠢᠨ ᠦᠨᠦᠷ ᠬᠠᠩᠬᠤᠯᠤᠨ᠎ᠠ᠃ ᠤᠢᠢᠷ᠎ᠠ ᠶᠢᠨ ᠵᠢᠯ ᠠᠴᠠ᠂ ᠰᠢᠤᠸᠠᠢ ᠲᠢᠶᠠᠨ ᠰᠢᠶᠠᠩ ᠡᠯ᠎ᠡ ᠵᠦᠢᠯ ᠤᠨ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠮᠠᠰᠢᠨᠴᠢᠯᠠᠯᠲᠠ ᠪᠠᠷ ᠲᠠᠷᠢᠬᠤ ᠪᠠ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠶᠡᠭᠡ ᠪᠠᠷ ᠳᠡᠯᠭᠡᠷᠡᠭᠦᠯᠵᠦ᠂ ᠮᠡᠷᠭᠡᠵᠢᠯ ᠤᠨ ᠵᠢᠯᠤᠭᠤᠳᠤᠯᠭ᠎ᠠ ᠪᠠ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠤᠰᠤᠨ ᠲᠤᠲᠤᠷᠭ᠎ᠠ ᠶᠢᠨ ᠦᠢᠯᠡᠳᠪᠦᠷᠢᠯᠡᠯ ᠤᠨ ᠪᠦᠬᠦ ᠶᠠᠪᠤᠴᠠ ᠶᠢᠨ ᠮᠠᠰᠢᠨᠴᠢᠯᠠᠯᠲᠠ ᠶᠢ ᠪᠡᠶᠡᠯᠡᠭᠦᠯᠪᠡ᠃
   ᠰᠢᠤᠸᠠᠢ ᠲᠢᠶᠠᠨ ᠰᠢᠶᠠᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠠᠮᠤᠷ ᠲᠦᠪᠰᠢᠨ ᠢ ᠪᠠᠷᠢᠮᠲᠠᠯᠠᠵᠤ᠂ ᠬᠥᠳᠡᠭᠡ ᠲᠣᠰᠬᠤᠨ ᠤ ᠳᠣᠲᠣᠭᠠᠳᠤ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠦᠢᠯᠡᠳᠪᠦᠷᠢᠯᠡᠯ ᠭᠤᠶᠤ ᠰᠠᠶᠢᠬᠠᠨ᠂ ᠠᠮᠢᠳᠤᠷᠠᠯ ᠭᠤᠶᠤ ᠰᠠᠶᠢᠬᠠᠨ᠂ ᠠᠮᠢ ᠠᠬᠤᠢ ᠭᠤᠶᠤ ᠰᠠᠶᠢᠬᠠᠨ ᠪᠠᠶᠢᠬᠤ ᠰᠢᠨ᠎ᠡ ᠴᠠᠭ ᠦᠶ᠎ᠡ ᠶᠢᠨ ᠬᠠᠭᠤᠳᠠᠰᠤ ᠶᠢ ᠵᠢᠷᠤᠭᠯᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号