ᠶᠠᠭᠤᠨ ᠳᠤ ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠲᠦᠷᠢᠮ ᠪᠠᠶᠢᠭᠤᠯᠬᠤ ᠪᠤᠢ
ᠨᠡᠶᠢᠲᠡᠯᠡᠭᠰᠡᠨ ᠴᠠᠭ᠄
2024/10/15
  ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠳᠥᠯᠭᠢᠨ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠲᠠᠭᠠᠯ ︾ ᠳᠤ᠄ ︽ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠲᠦᠷᠢᠮ ᠢ ᠪᠠᠶᠢᠭᠤᠯᠤᠨ᠎ᠠ ︾ ᠭᠡᠵᠦ ᠲᠤᠷᠠᠳᠪᠠ᠃ ᠡᠨᠡ ᠪᠣᠯ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠲᠦᠷᠢᠮ ᠤᠨ ᠰᠢᠨ᠎ᠡ ᠶᠢ ᠡᠭᠦᠳᠬᠦ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠮᠥᠨ᠂ ᠡᠨᠡ ᠨᠢ ᠬᠥᠮᠦᠨ ᠤ ᠡᠷᠬᠡ ᠶᠢᠨ ᠬᠠᠤᠯᠢ ᠪᠠᠷᠢᠬᠤ ᠪᠠᠲᠤᠯᠠᠭ᠎ᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠪᠣᠯᠪᠠᠰᠤᠨ ᠢ ᠢᠯᠡᠷᠡᠭᠦᠯᠵᠦ᠂ ᠨᠡᠶᠢᠭᠡᠮ ᠤᠨ ᠡᠰᠡᠷᠭᠦᠴᠡᠯᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠨᠠᠵᠠᠭᠠᠶ ᠬᠦᠴᠦᠨ ᠵᠦᠢᠯ ᠢ ᠢᠳᠡᠪᠬᠢᠲᠡᠶ ᠬᠦᠴᠦᠨ ᠵᠦᠢᠯ ᠪᠣᠯᠭᠠᠨ ᠬᠤᠪᠢᠷᠠᠭᠤᠯᠵᠤ᠂ ᠨᠡᠶᠢᠭᠡᠮ ᠤᠨ ᠳᠠᠪᠰᠢᠯᠲᠠ ᠶᠢ ᠠᠬᠢᠭᠤᠯᠬᠤ ᠳᠤ ᠠᠰᠢᠭᠲᠠᠶ ᠶᠤᠮ᠃ ᠡᠭᠦᠨ ᠢ ᠳᠣᠣᠷᠠᠬᠢ ᠭᠤᠷᠪᠠᠨ ᠲᠠᠯ᠎ᠠ ᠪᠠᠷ ᠣᠶᠢᠯᠠᠭᠠᠵᠤ ᠪᠣᠯᠤᠨ᠎ᠠ᠃    ᠨᠢᠭᠡᠳᠦᠭᠡᠷ ᠲᠤ᠂ ᠡᠨᠡ ᠬᠦ ᠲᠦᠷᠢᠮ ᠨᠢ ᠠᠭᠤᠴᠢᠯᠠᠬᠤ ᠶᠠᠯᠠᠯᠠᠬᠤ ᠶᠢ ᠬᠤᠣᠰᠯᠠᠭᠤᠯᠬᠤ ᠡᠷᠡᠭᠦᠦ ᠶᠢᠨ ᠬᠡᠷᠡᠭ ᠤᠨ ᠲᠦᠷᠦ ᠶᠢᠨ ᠪᠤᠳᠤᠯᠭ᠎ᠠ ᠶᠢ ᠢᠯᠡᠷᠡᠭᠦᠯᠦᠨ ᠨᠠᠶᠢᠳᠠᠪᠤᠷᠢᠵᠢᠭᠤᠯᠵᠤ᠂ ᠬᠥᠩᠭᠡᠪᠲᠦᠷ ᠶᠠᠯᠠᠲᠤ ᠠᠵᠢᠯᠯᠠᠭ᠎ᠠ ᠳᠤ ᠬᠡᠷᠡᠭᠯᠡᠵᠦ ᠂ ᠬᠦᠨᠳᠦ ᠶᠠᠯ᠎ᠠ ᠳᠤ ᠬᠡᠷᠡᠭᠯᠡᠬᠦ ᠦᠭᠡᠢ᠃ ᠤᠢᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠡᠷᠡᠭᠦᠦ ᠶᠢᠨ ᠶᠠᠯᠠᠲᠤ ᠬᠡᠷᠡᠭ ᠤᠨ ᠪᠦᠲᠦᠴᠡ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠬᠦᠨᠳᠦ ᠶᠠᠯᠠᠲᠤ ᠬᠡᠷᠡᠭ ᠤᠨ ᠬᠠᠷᠢᠴᠠᠯ ᠪᠠᠭᠤᠷᠠᠵᠤ᠂ ᠬᠦᠡᠭᠭᠡᠪᠲᠦᠷ ᠶᠠᠯᠠᠲᠤ ᠬᠡᠷᠡᠭ ᠤᠨ ᠬᠠᠷᠢᠴᠠᠯ᠂ ᠬᠦᠡᠭᠭᠡᠪᠲᠦᠷ ᠡᠷᠡᠭᠦᠦ ᠶᠢᠨ ᠨᠤᠷᠮ᠎ᠠ ᠢᠯᠡᠳᠲᠡ ᠳᠡᠭᠡᠭᠰᠢᠯᠡᠪᠡ᠃ ᠬᠦᠨᠳᠦ ᠶᠠᠯᠠᠲᠤ ᠬᠡᠷᠡᠭ ᠲᠠᠢ ᠬᠠᠷᠢᠴᠠᠭᠤᠯᠪᠠᠯ᠂ ᠣᠯᠠᠩᠬᠢ ᠬᠥᠡᠭᠭᠡᠪᠲᠦᠷ ᠶᠠᠯᠠᠲᠤ ᠬᠡᠷᠡᠭ ᠤᠨ ᠨᠡᠶᠢᠭᠡᠮ ᠤᠨ ᠬᠤᠣᠷ ᠬᠥᠨᠥᠭᠡᠯ ᠨᠢ ᠨᠡᠯᠢᠶᠡᠳ ᠪᠠᠭ᠎ᠠ᠂ ᠶᠠᠯ᠎ᠠ ᠨᠢ ᠨᠡᠩ ᠬᠥᠡᠭᠭᠡᠨ᠂ ᠬᠥᠡᠭᠭᠡᠪᠲᠦᠷ ᠶᠠᠯᠠᠲᠤ ᠠᠵᠢᠯᠯᠠᠭ᠎ᠠ ᠲᠠᠢ ᠬᠥᠮᠦᠰ ᠤᠨ ᠶᠠᠯ᠎ᠠ ᠪᠠᠨ ᠮᠡᠳᠡᠷᠡᠵᠦ ᠭᠡᠮᠰᠢᠨ ᠵᠠᠰᠠᠷᠠᠬᠤ ᠪᠣᠯᠤᠯᠴᠠᠭ᠎ᠠ ᠨᠢ ᠨᠡᠯᠢᠶᠡᠳ ᠶᠡᠭᠡ ᠪᠠᠶᠢᠵᠤ᠂ ᠨᠡᠶᠢᠭᠡᠮ ᠲᠠᠢ ᠲᠠᠬᠢᠨ ᠠᠭᠤᠰᠤᠯᠴᠠᠬᠤ ᠨᠢ ᠨᠡᠯᠢᠶᠡᠳ ᠲᠦᠷᠭᠡᠨ᠂ ᠨᠡᠶᠢᠭᠡᠮ ᠤᠨ ᠬᠠᠷᠢᠴᠠᠭ᠎ᠠ ᠨᠢ ᠨᠡᠯᠢᠶᠡᠳ ᠰᠠᠶᠢᠨ ᠰᠡᠷᠭᠦᠬᠦ ᠪᠣᠯᠤᠨ᠎ᠠ᠃ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠲᠦᠷᠢᠮ ᠨᠢ ᠬᠦᠡᠭᠭᠡᠨ ᠶᠠᠯ᠎ᠠ ᠪᠠ ᠬᠦᠨᠳᠦ ᠶᠠᠯ᠎ᠠ ᠶᠢ ᠢᠯᠭᠠᠵᠤ᠂ ᠵᠥᠪᠬᠡᠨ ᠬᠥᠩᠭᠡᠪᠲᠦᠷ ᠶᠠᠯᠠᠲᠤ ᠠᠵᠢᠯᠯᠠᠭ᠎ᠠ ᠭᠡᠬᠦ ᠡᠨᠡ ᠬᠦ ᠣᠨᠴᠠᠭᠠᠢ ᠪᠠᠶᠢᠳᠠᠯ ᠳᠤ ᠬᠡᠷᠡᠭᠯᠡᠨ᠎ᠡ᠂ ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯ᠎ᠠ᠂ ᠬᠠᠷ᠎ᠠ ᠪᠦᠯᠦᠭᠲᠡᠨ ᠤ ᠴᠢᠨᠠᠷᠲᠠᠢ ᠵᠣᠬᠢᠶᠠᠨ ᠪᠠᠶᠢᠭᠤᠯᠤᠯᠲᠠ ᠶᠢᠨ ᠶᠠᠯᠠᠲᠤ ᠠᠵᠢᠯᠯᠠᠭ᠎ᠠ᠂ ᠬᠦᠨᠳᠦ ᠨᠣᠴᠢᠲᠠᠢ ᠬᠦᠴᠦᠷᠬᠡᠭᠯᠡᠯ ᠤᠨ ᠶᠠᠯᠠᠲᠤ ᠠᠵᠢᠯᠯᠠᠭ᠎ᠠ ᠵᠢᠴᠢ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ ᠢ ᠬᠦᠨᠳᠦ ᠨᠣᠴᠢᠲᠠᠢ ᠨᠥᠯᠥᠭᠡᠯᠡᠭᠰᠡᠨ ᠣᠯᠠᠨᠲᠠ ᠡᠭᠦᠰᠭᠦ ᠴᠢᠨᠠᠷᠲᠠᠢ ᠶᠠᠯᠠᠲᠤ ᠠᠵᠢᠯᠯᠠᠭ᠎ᠠ ᠳᠤ ᠬᠡᠷᠡᠭᠯᠡᠬᠦ ᠦᠭᠡᠢ᠃ ᠡᠨᠡ ᠨᠢ ᠮᠠᠨ ᠤ ᠤᠯᠤᠰ ᠤᠨ ᠠᠭᠤᠴᠢᠯᠠᠬᠤ ᠶᠠᠯᠠᠯᠠᠬᠤ ᠶᠢ ᠬᠤᠣᠰᠯᠠᠭᠤᠯᠬᠤ ᠡᠷᠡᠭᠦᠦ ᠶᠢᠨ ᠬᠡᠷᠡᠭ ᠤᠨ ᠲᠦᠷᠦ ᠶᠢᠨ ᠪᠤᠳᠤᠯᠭ᠎ᠠ ᠲᠠᠢ ᠨᠡᠶᠢᠴᠡᠵᠦ᠂ ᠠᠭᠤᠴᠢᠯᠠᠬᠤ ᠶᠣᠰᠣᠲᠠᠢ ᠶᠢ ᠨᠢ ᠠᠭᠤᠴᠢᠯᠠᠵᠤ᠂ ᠶᠠᠯᠠᠯᠠᠬᠤ ᠶᠣᠰᠣᠲᠠᠢ ᠶᠢ ᠨᠢ ᠶᠠᠯᠠᠯᠠᠵᠤ᠂ ᠠᠭᠤᠴᠢᠯᠠᠬᠤ ᠶᠠᠯᠠᠯᠠᠬᠤ ᠶᠢ ᠬᠤᠣᠰᠯᠠᠭᠤᠯᠵᠤ᠂ ᠶᠠᠯ᠎ᠠ ᠳᠤᠨᠢ ᠲᠤᠬᠢᠷᠠᠭᠤᠯᠤᠨ ᠰᠢᠳᠭᠡᠬᠦ ᠱᠠᠭᠠᠷᠳᠠᠯᠭ᠎ᠠ ᠶᠢ ᠢᠯᠡᠷᠡᠭᠦᠯᠦᠭᠰᠡᠨ ᠪᠠᠶᠢᠨ᠎ᠠ᠃    ᠬᠤᠶᠠᠳᠤᠭᠠᠷ ᠲᠤ᠂ ᠡᠨᠡ ᠬᠦ ᠲᠦᠷᠢᠮ ᠨᠢ ᠶᠠᠯᠠᠲᠤ ᠠᠵᠢᠯᠯᠠᠭ᠎ᠠ ᠶᠢᠨ ᠳᠠᠭᠠᠯᠳᠠ ᠦᠷ᠎ᠡ ᠤᠷᠰᠢᠭ ᠤᠨ ᠲᠦᠷᠢᠮ ᠲᠣᠭᠲᠡᠴᠡ ᠶᠢ ᠲᠡᠭᠦᠯᠳᠡᠷᠵᠢᠭᠦᠯᠵᠦ᠂ ᠶᠠᠯᠠᠲᠤ ᠠᠵᠢᠯᠯᠠᠭ᠎ᠠ ᠶᠢ ᠵᠠᠯᠬᠠᠭᠠᠨ ᠰᠢᠳᠭᠡᠬᠦ᠂ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠬᠤ ᠵᠣᠷᠢᠯᠭ᠎ᠠ ᠶᠢ ᠪᠡᠶᠡᠯᠡᠭᠦᠯᠬᠦ ᠳᠤ ᠠᠰᠢᠭᠲᠠᠢ ᠶᠤᠮ᠃ ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠲᠦᠷᠢᠮ ᠨᠢ ᠶᠠᠯᠠᠲᠤ ᠠᠵᠢᠯᠯᠠᠭ᠎ᠠ ᠶᠢᠨ ᠳᠠᠭᠠᠯᠳᠠ ᠦᠷ᠎ᠡ ᠤᠷᠰᠢᠭ ᠤᠨ ᠲᠦᠷᠢᠮ ᠤᠨ ᠠᠢ ᠳᠤ ᠲᠣᠭᠠᠴᠢᠭᠳᠠᠨ᠎ᠠ᠃ ᠮᠠᠨ ᠤ ᠤᠯᠤᠰ ᠲᠤ᠂ ᠶᠠᠯᠠᠲᠤ ᠠᠵᠢᠯᠯᠠᠭ᠎ᠠ ᠶᠢᠨ ᠲᠠᠭᠠᠯᠳᠠ ᠦᠷ᠎ᠡ ᠤᠷᠰᠢᠭ ᠭᠡᠳᠡᠭ ᠨᠢ ᠶᠠᠯ᠎ᠠ ᠬᠢᠭᠰᠡᠨ ᠬᠥᠮᠦᠨ ᠵᠢᠴᠢ ᠲᠡᠭᠦᠨ ᠤ ᠲᠦᠷᠦᠯ ᠰᠠᠳᠤᠨ᠂ ᠣᠨᠴᠠ ᠲᠣᠭᠲᠠᠭᠰᠠᠨ ᠬᠠᠷᠢᠴᠠᠭ᠎ᠠ ᠲᠠᠢ ᠬᠥᠮᠦᠨ ᠤ ᠶᠠᠯᠠᠲᠤ ᠠᠵᠢᠯᠯᠠᠭ᠎ᠠ ᠪᠤᠶᠤ ᠡᠷᠡᠭᠦᠦ ᠶᠢᠨ ᠰᠢᠳᠭᠡᠯ ᠤᠨ ᠲᠡᠮᠳᠡᠭᠯᠡᠯ ᠠᠴᠠ ᠪᠣᠯᠤᠭᠰᠠᠨ ᠡᠷᠬᠡ ᠪᠤᠶᠤ ᠬᠢᠷᠢ ᠬᠡᠮ ᠤᠨ ᠬᠢᠵᠠᠭᠠᠷᠯᠠᠯ᠂ ᠴᠠᠭᠠᠵᠠᠯᠠᠯ ᠪᠤᠶᠤ ᠬᠠᠰᠤᠯᠲᠠ ᠵᠡᠷᠭᠡ ᠦᠷ᠎ᠡ ᠤᠷᠰᠢᠭ ᠢ ᠵᠢᠭᠠᠵᠤ ᠪᠠᠶᠢᠨ᠎ᠠ᠃ ᠬᠥᠩᠭᠡᠪᠲᠦᠷ ᠶᠠᠯᠠᠲᠤ ᠠᠵᠢᠯᠯᠠᠭ᠎ᠠ ᠨᠢ ᠴᠤ ᠶᠠᠯ᠎ᠠ ᠮᠥᠨ᠂ ᠲᠡᠷᠡ ᠨᠢ ᠨᠡᠶᠢᠭᠡᠮ ᠤᠨ ᠬᠤᠣᠷ ᠬᠦᠨᠤᠭᠡᠯᠳᠤ ᠴᠢᠨᠠᠷ ᠲᠠᠢ ᠪᠣᠯᠬᠤᠷ ᠬᠠᠤᠯᠢ ᠶᠣᠰᠣᠭᠠᠷ ᠵᠠᠯᠬᠠᠭᠠᠨ ᠰᠢᠳᠭᠡᠬᠦ ᠬᠡᠷᠡᠭᠲᠡᠢ᠃ ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠭᠡᠳᠡᠭ ᠨᠢ ᠳᠠᠷᠤᠢ ᠬᠥᠩᠭᠡᠪᠲᠦᠷ ᠶᠠᠯᠠᠲᠤ ᠠᠵᠢᠯᠯᠠᠭ᠎ᠠ ᠶᠢ ᠵᠠᠯᠬᠠᠭᠠᠨ ᠰᠢᠳᠭᠡᠭᠰᠡᠨ ᠤᠷᠢᠲᠠᠯ ᠳᠣᠣᠷ᠎ᠠ᠂ ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠬᠠᠤᠯᠢ ᠶᠣᠰᠣᠭᠠᠷ ᠪᠢᠲᠡᠭᠦᠮᠵᠢᠯᠡᠨ ᠰᠢᠢᠳᠪᠦᠷᠢᠯᠡᠬᠦ ᠶᠠᠪᠤᠳᠠᠯ ᠪᠣᠯᠤᠨ᠎ᠠ᠃ ᠶᠠᠯᠠᠲᠤ ᠠᠵᠢᠯᠯᠠᠭ᠎ᠠ ᠶᠢᠨ ᠲᠡᠮᠳᠡᠭᠯᠡᠯ ᠨᠢ ᠪᠢᠲᠡᠭᠦᠮᠵᠢᠯᠡᠨ ᠬᠠᠳᠠᠭᠠᠯᠠᠭᠳᠠᠭᠰᠠᠨ ᠪᠠᠶᠢᠪᠠᠯ᠂ ᠶᠠᠮᠠᠷᠪᠠ ᠨᠢᠬᠡᠴᠡ ᠪᠠ ᠬᠤᠪᠢ ᠬᠥᠮᠦᠨ ᠳᠤ ᠬᠠᠩᠭᠠᠵᠤ ᠪᠣᠯᠬᠤ ᠦᠭᠡᠢ᠂ ᠭᠡᠪᠡᠴᠦ ᠬᠠᠤᠯᠢ ᠴᠠᠭᠠᠵᠠ ᠶᠢᠨ ᠪᠠᠶᠢᠭᠤᠯᠭ᠎ᠠ ᠬᠡᠷᠡᠭ ᠰᠢᠢᠳᠪᠦᠷᠢᠯᠡᠬᠦ ᠬᠡᠷᠡᠭᠴᠡᠭᠡ ᠠᠴᠠ ᠪᠤᠶᠤ ᠬᠤᠯᠪᠣᠭᠳᠠᠯ ᠪᠦᠬᠦᠢ ᠨᠢᠬᠡᠴᠡ ᠤᠯᠤᠰ ᠤᠨ ᠲᠣᠭᠲᠠᠭᠠᠯ ᠢ ᠦᠨᠳᠦᠰᠦᠯᠡᠨ ᠪᠠᠶᠢᠴᠠᠭᠠᠨ ᠯᠠᠪᠯᠠᠬᠤ ᠶᠠᠪᠤᠳᠠᠯ ᠡᠭᠦᠨ ᠳᠤ ᠪᠠᠭᠲᠠᠬᠤ ᠦᠭᠡᠢ᠃ ᠬᠠᠤᠯᠢ ᠶᠣᠰᠣᠭᠠᠷ ᠪᠠᠶᠢᠴᠠᠭᠠᠨ ᠯᠠᠪᠯᠠᠬᠤ ᠨᠢᠬᠡᠴᠡ᠂ ᠪᠢᠲᠡᠭᠦᠮᠵᠢᠯᠡᠨ ᠬᠠᠳᠠᠭᠠᠯᠠᠭᠰᠠᠨ ᠶᠠᠯᠠᠲᠤ ᠠᠵᠢᠯᠯᠠᠭ᠎ᠠ ᠶᠢᠨ ᠲᠡᠮᠳᠡᠭᠯᠡᠯ ᠤᠨ ᠪᠠᠶᠢᠳᠠᠯ ᠤᠨ ᠨᠢᠭᠤᠴᠠ ᠶᠢ ᠬᠠᠮᠠᠭᠠᠯᠠᠬᠤ ᠬᠡᠷᠡᠭᠲᠡᠢ᠃ ᠡᠨᠡ ᠬᠦ ᠲᠦᠷᠢᠮ ᠢ ᠪᠠᠶᠢᠭᠤᠯᠤᠭᠰᠠᠨ ᠨᠢ ᠬᠥᠩᠭᠡᠪᠲᠦᠷ ᠶᠠᠯᠠᠲᠤ ᠠᠵᠢᠯᠯᠠᠭ᠎ᠠ ᠶᠢ ᠵᠠᠯᠬᠠᠭᠠᠨ ᠰᠢᠳᠭᠡᠬᠦ ᠳᠤ ᠠᠰᠢᠭᠲᠠᠢ ᠮᠥᠷᠲᠡᠭᠡᠨ ᠶᠠᠯᠠᠲᠤ ᠠᠵᠢᠯᠯᠠᠭ᠎ᠠ ᠶᠢᠨ ᠲᠡᠮᠳᠡᠭᠯᠡᠯ ᠨᠢ ᠬᠥᠩᠭᠡᠪᠲᠦᠷ ᠶᠠᠯᠠᠲᠤ ᠠᠵᠢᠯᠯᠠᠭ᠎ᠠ ᠲᠠᠢ ᠬᠥᠮᠦᠨ ᠳᠤ ᠬᠠᠤᠯᠢ ᠴᠠᠭᠠᠵᠠ ᠶᠢᠨ ᠲᠣᠭᠲᠠᠭᠠᠯ ᠠᠴᠠ ᠭᠠᠳᠠᠨᠠᠬᠢ ᠦᠷ᠎ᠡ ᠤᠷᠰᠢᠭ ᠠᠪᠴᠢᠷᠠᠬᠤ ᠠᠴᠠ ᠵᠠᠶᠢᠯᠠᠰᠭᠢᠵᠦ᠂ ᠲᠡᠭᠦᠨ ᠤ ᠬᠠᠤᠯᠢ ᠶᠣᠰᠣᠭᠠᠷ ᠡᠷᠬᠡ ᠪᠠᠨ ᠡᠳ᠋ᠯᠡᠵᠦ᠂ ᠡᠭᠦᠷᠭᠡ ᠪᠠᠨ ᠭᠦᠢᠴᠡᠳᠭᠡᠬᠦ ᠶᠢ ᠪᠠᠲᠤᠯᠠᠵᠤ᠂ ᠶᠠᠯᠠᠳᠣ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠬᠤ ᠵᠣᠷᠢᠯᠭ᠎ᠠ ᠳᠤ ᠬᠦᠷᠴᠦ ᠴᠢᠳᠠᠨ᠎ᠠ᠃    ᠭᠤᠷᠪᠠᠳᠤᠭᠠᠷ ᠲᠤ᠂ ᠡᠨᠡ ᠬᠦ ᠲᠦᠷᠢᠮ ᠨᠢ ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠡᠮᠳᠡᠭᠯᠡᠯ ᠤᠨ ᠲᠦᠷᠦᠯ ᠰᠠᠳᠤᠨ ᠳᠤᠨᠢ ᠦᠵᠡᠭᠦᠯᠬᠦ ᠵᠤᠬᠢᠰ ᠦᠭᠡᠢ ᠨᠥᠯᠥᠭᠡ ᠶᠢ ᠰᠡᠷᠭᠡᠶᠢᠯᠡᠨ ᠬᠤᠷᠢᠭᠯᠠᠵᠤ᠂ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠳᠤ ᠠᠰᠢᠭᠲᠠᠢ ᠶᠤᠮ᠃ ᠮᠠᠨ ᠤ ᠤᠯᠤᠰ ᠤᠨ ᠡᠷᠲᠡᠨ ᠤ ᠦᠶ᠎ᠡ ᠳᠤ ︽ᠬᠤᠯᠪᠣᠭᠳᠠᠭᠤᠯᠤᠨ ᠶᠠᠯᠠᠯᠠᠵᠤ ︾᠂ ︽ᠴᠢᠷᠦᠭᠳᠡᠬᠦᠯᠵᠦ ︾ ᠪᠠᠶᠢᠵᠠᠶ᠃ ᠤᠳᠤ ᠦᠶ᠎ᠡ ᠶᠢᠨ ᠬᠠᠤᠯᠢ ᠪᠠᠷ ᠵᠠᠰᠠᠬᠤ ᠶᠢᠨ ᠨᠢᠭᠡᠨ ᠦᠨᠳᠦᠰᠦᠨ ᠵᠠᠷᠴᠢᠮ ᠪᠣᠯ ᠬᠠᠤᠯᠢ ᠶᠢ ᠵᠥᠷᠢᠴᠡᠵᠦ ᠶᠠᠯ᠎ᠠ ᠬᠢᠭᠰᠡᠨ ᠶᠠᠮᠠᠷᠪᠠ ᠦᠢᠯᠡ ᠠᠵᠢᠯᠯᠠᠭ᠎ᠠ ᠶᠢᠨ ᠬᠠᠤᠯᠢ ᠶᠢᠨ ᠬᠠᠷᠢᠭᠤᠴᠠᠯᠭ᠎ᠠ ᠶᠢ ᠴᠥᠮ ᠬᠠᠤᠯᠢ ᠶᠢ ᠵᠥᠷᠢᠴᠡᠵᠦ ᠶᠠᠯ᠎ᠠ ᠬᠢᠭᠰᠡᠨ ᠦᠢᠯᠡ ᠠᠵᠢᠯᠯᠠᠭᠠᠳᠠᠨ ᠲᠤᠰ ᠬᠥᠮᠦᠨ ᠨᠢ ᠡᠭᠦᠷᠭᠡᠯᠡᠬᠦ ᠬᠡᠷᠡᠭᠲᠡᠢ᠂ ᠬᠠᠷᠢᠨ ᠪᠤᠰᠤᠳ ᠢ ᠴᠢᠷᠦᠭᠳᠡᠭᠦᠯᠬᠦ ᠪᠤᠶᠤ ᠪᠤᠰᠤᠳ ᠬᠥᠮᠦᠨ ᠳᠤ ᠬᠠᠯᠳᠠᠭᠠᠵᠤ ᠪᠣᠯᠬᠤ ᠦᠭᠡᠢ᠃ ᠦᠢᠯᠡᠳᠦᠯᠭᠡ ᠶᠢᠨ ᠳᠤᠮᠳᠠ᠂ ᠵᠠᠷᠢᠮ ᠭᠠᠵᠠᠷ ᠣᠷᠣᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠶᠠᠯᠠᠲᠤ ᠬᠡᠷᠡᠭ ᠲᠤ ᠬᠤᠯᠪᠣᠭᠳᠠᠭᠰᠠᠨ ᠬᠥᠮᠦᠨ ᠤ ᠬᠠᠨᠢ ᠨᠦᠬᠦᠷ᠂ ᠦᠷ᠎ᠡ ᠬᠡᠦᠬᠡᠳ ᠪᠠ ᠡᠴᠢᠭᠡ ᠡᠭᠡ ᠵᠢᠴᠢ ᠪᠤᠰᠤᠳ ᠦᠢᠷ᠎ᠠ ᠲᠦᠷᠤᠯ ᠰᠠᠳᠤᠨ ᠤ ᠬᠢᠨᠢ ᠰᠤᠷᠭᠠᠨ ᠬᠥᠮᠦᠵᠢᠯ ᠬᠥᠷᠳᠡᠬᠦ᠂ ᠠᠵᠢᠯ ᠤᠯᠬᠤ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠪᠠᠷ ᠬᠢ ᠡᠷᠬᠡ ᠶᠢ ᠬᠢᠵᠠᠭᠠᠷᠯᠠᠵᠤ ᠪᠠᠶᠢᠬᠤ ᠨᠢ ᠶᠠᠯ᠎ᠠ ᠶᠢᠨ ᠬᠠᠷᠢᠭᠤᠴᠠᠯᠭ᠎ᠠ ᠶᠢ ᠥᠪᠡᠰᠦᠪᠡᠨ ᠬᠠᠷᠢᠭᠤᠴᠠᠬᠤ ᠵᠠᠷᠴᠢᠮ ᠠᠴᠠ ᠵᠥᠷᠢᠴᠡᠵᠦ᠂ ᠦᠨᠳᠦᠰᠦᠨ ᠬᠠᠤᠯᠢ ᠳᠠᠬᠢ ᠠᠷᠠᠳ ᠢᠷᠭᠡᠨ ᠤ ᠦᠨᠳᠦᠰᠦᠨ ᠡᠷᠬᠡ ᠪᠠ ᠡᠭᠦᠷᠭᠡ ᠶᠢᠨ ᠲᠤᠬᠠᠢ ᠲᠣᠭᠲᠠᠭᠠᠯ ᠤᠨ ᠵᠠᠷᠴᠢᠮ ᠪᠠ ᠵᠣᠷᠢᠭ ᠰᠠᠨᠠᠭ᠎ᠠ ᠲᠠᠢ ᠨᠡᠶᠢᠴᠡᠬᠦ ᠦᠭᠡᠢ ᠪᠠᠶᠢᠨ᠎ᠠ᠃ ᠮᠠᠨ ᠤ ᠤᠯᠤᠰ ᠤᠨ ᠤᠳᠤ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠳᠤ ᠨᠠᠰᠤᠨ ᠳᠤ ᠦᠯᠦ ᠬᠦᠷᠦᠭᠰᠡᠳ ᠤᠨ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠲᠦᠷᠢᠮ ᠤᠨ ᠲᠤᠬᠠᠢ ᠨᠢᠭᠡᠨᠲᠡ ᠲᠣᠭᠲᠠᠭᠠᠯ ᠭᠠᠷᠭᠠᠵᠠᠢ᠃ ᠡᠷᠡᠭᠦᠦ ᠶᠢᠨ ᠵᠠᠷᠭᠤ ᠶᠢᠨ ᠬᠠᠤᠯᠢ ᠳᠤ᠂ ᠶᠠᠯ᠎ᠠ ᠬᠢᠬᠦ ᠦᠶ᠎ᠡ ᠳᠤ ᠪᠦᠬᠦᠯᠢ 18 ᠨᠠᠰᠤ ᠬᠦᠷᠦᠭᠡᠳᠦᠢ ᠪᠠᠶᠢᠵᠤ᠂ ᠲᠠᠪᠤᠨ ᠵᠢᠯ ᠬᠤᠭᠤᠴᠠᠭ᠎ᠠ ᠲᠠᠢ ᠬᠤᠷᠢᠬᠤ ᠡᠷᠡᠭᠦᠦ ᠠᠴᠠ ᠳᠣᠭᠤᠭᠰᠢ ᠡᠷᠡᠭᠦᠦ ᠰᠢᠳᠭᠡᠯ ᠢᠶᠠᠷ ᠰᠢᠳᠭᠡᠭᠳᠡᠭᠰᠡᠨ ᠪᠠᠶᠢᠪᠠᠯ᠂ ᠬᠤᠯᠪᠣᠭᠳᠠᠯ ᠪᠦᠬᠦᠢ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠬᠡᠷᠡᠭᠲᠡᠢ ᠭᠡᠵᠦ ᠳᠤᠭᠳᠠᠭᠠᠪᠠ᠃ 2022 ᠣᠨ ᠤ 5 ᠰᠠᠷ᠎ᠠ ᠳᠤ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ᠂ ᠬᠠᠤᠯᠢ ᠴᠠᠭᠠᠵᠠ ᠶᠢᠨ ᠶᠠᠮᠤᠨ ᠬᠠᠮᠲᠤᠷᠠᠨ ︽ᠨᠠᠰᠤᠨ ᠳᠤ ᠥᠯᠥ ᠭᠦᠷᠦᠭᠰᠡᠳ ᠤᠨ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠲᠤᠬᠠᠶ ᠬᠡᠷᠡᠭᠵᠢᠭᠦᠯᠬᠦ ᠠᠷᠭ᠎ᠠ ︾ ᠶᠢ ᠨᠡᠶᠢᠲᠡᠯᠡᠵᠦ᠂ ᠪᠢᠲᠡᠭᠦᠮᠵᠢᠯᠡᠨ ᠬᠠᠳᠠᠭᠠᠯᠠᠬᠤ ᠪᠡᠶᠡᠴᠢ ᠴᠣᠭᠴᠠ ᠵᠢᠴᠢ ᠵᠢᠷᠤᠮ᠂ ᠪᠠᠶᠢᠴᠠᠭᠠᠨ ᠯᠠᠪᠯᠠᠬᠤ ᠪᠡᠶᠡᠴᠢ ᠴᠣᠭᠴᠠ ᠵᠢᠴᠢ ᠭᠤᠶᠤᠴᠢᠯᠠᠬᠤ ᠨᠥᠬᠦᠴᠡᠯ᠂ ᠪᠢᠲᠡᠭᠦᠮᠵᠢᠯᠡᠨ ᠬᠠᠳᠠᠭᠠᠯᠠᠬᠤ ᠶᠢ ᠬᠦᠴᠦᠨ ᠥᠬᠡᠶ ᠪᠣᠯᠭᠠᠬᠤ ᠨᠥᠬᠦᠴᠡᠯ ᠵᠢᠴᠢ ᠦᠷ᠎ᠡ ᠳ᠋ᠦᠩ᠂ ᠨᠢᠭᠤᠴᠠ ᠶᠢ ᠬᠠᠮᠠᠭᠠᠯᠠᠬᠤ ᠡᠭᠦᠷᠭᠡ ᠵᠢᠴᠢ ᠬᠤᠯᠪᠣᠭᠳᠠᠯ ᠪᠥᠬᠦᠶ ᠬᠠᠷᠢᠭᠤᠴᠠᠯᠭ᠎ᠠ ᠵᠡᠷᠭᠡ ᠳᠤ ᠪᠣᠳᠠᠲᠠᠶ ᠲᠣᠭᠲᠠᠭᠠᠯ ᠭᠠᠷᠭᠠᠪᠠ᠃ ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠲᠦᠷᠢᠮ ᠢ ᠪᠠᠶᠢᠭᠤᠯᠵᠤ᠂ ᠡᠨᠡ ᠬᠦ ᠲᠦᠷᠢᠮ ᠤᠨ ᠬᠡᠷᠡᠭᠯᠡᠭᠳᠡᠬᠦ ᠡᠲᠡᠭᠡᠳ ᠪᠠ ᠬᠡᠪᠴᠢᠶ᠎ᠡ ᠶᠢ ᠲᠣᠳᠣᠷᠬᠠᠶᠢᠯᠠᠵᠤ᠂ ᠲᠡᠭᠦᠨ ᠢ ᠨᠠᠰᠤᠨ ᠳᠤ ᠦᠯᠤ ᠬᠥᠷᠦᠭᠰᠡᠳ ᠤᠨ ᠬᠥᠩᠭᠡᠪᠲᠦᠷ ᠶᠠᠯᠠᠲᠤ ᠠᠵᠢᠯᠯᠠᠭ᠎ᠠ ᠳᠤ ᠬᠡᠷᠡᠭᠯᠡᠬᠦ ᠪᠠᠷ ᠪᠠᠷᠠᠬᠤ ᠦᠭᠡᠢ ᠪᠠᠰᠠ ᠨᠠᠰᠤᠨ ᠳᠤ ᠬᠥᠷᠦᠭᠰᠡᠳ ᠤᠨ ᠬᠥᠩᠭᠡᠪᠲᠦᠷ ᠶᠠᠯᠠᠲᠤ ᠠᠵᠢᠯᠯᠠᠭ᠎ᠠ ᠳᠤ ᠬᠡᠷᠡᠭᠯᠡᠵᠦ᠂ ᠡᠭᠦᠨ ᠤ ᠬᠠᠮᠲᠤ ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠠᠭᠠᠯᠳᠤᠬᠰᠠᠨ ᠦᠷ᠎ᠡ ᠳ᠋ᠦᠩ ᠢ ᠵᠢᠷᠤᠮᠵᠢᠭᠤᠯᠵᠤ᠂ ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠡᠮᠳᠡᠭᠯᠡᠯ ᠤᠨ ᠲᠡᠭᠦᠨ ᠤ ᠲᠦᠷᠤᠯ ᠰᠠᠳᠤᠨ ᠤ ᠰᠤᠷᠭᠠᠭᠤᠯᠢ ᠳᠤ ᠣᠷᠣᠬᠤ᠂ ᠠᠵᠢᠯ ᠤᠯᠬᠤ ᠵᠡᠷᠭᠡ ᠲᠠᠯ᠎ᠠ ᠪᠠᠷ ᠬᠢ ᠵᠤᠬᠢᠰ ᠦᠭᠡᠢ ᠨᠥᠯᠥᠭᠡ ᠶᠢ ᠰᠡᠷᠭᠡᠶᠢᠯᠡᠵᠦ᠂ ᠡᠰᠡᠷᠭᠦᠴᠡᠯᠳᠦᠯ ᠢ ᠪᠠᠭᠠᠰᠬᠠᠨ᠂ ᠡᠶ᠎ᠡ ᠵᠣᠬᠢᠴᠠᠯ ᠢ ᠠᠬᠢᠭᠤᠯᠬᠤ ᠳᠤ ᠠᠰᠢᠭᠲᠠᠢ ᠪᠣᠯᠭᠠᠪᠠ᠃    ︽ᠲᠣᠭᠲᠠᠭᠠᠯ︾ ᠤᠨ ᠴᠢᠬᠤᠯᠠ ᠪᠠᠶᠢᠷᠢᠯᠠᠭᠤᠯᠤᠯᠲᠠ ᠶᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠲᠦᠷᠢᠮ ᠢ ᠪᠠᠶᠢᠭᠤᠯᠬᠤ ᠲᠠᠢ ᠤᠶᠠᠯᠳᠤᠭᠤᠯᠤᠨ᠂ ᠬᠠᠤᠯᠢ ᠲᠣᠭᠲᠠᠭᠠᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠮᠢᠶᠠᠷᠬᠤ ᠲᠦᠷᠢᠮ ᠢ ᠪᠦᠷᠢᠨᠰᠢᠬᠦᠯᠤᠨ᠂ ᠬᠥᠩᠭᠡᠪᠲᠦᠷ ᠶᠠᠯᠠᠲᠤ ᠠᠵᠢᠯᠯᠠᠭ᠎ᠠ ᠶᠢᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ ᠶᠢᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号