ᠬᠢᠩᠭᠠᠨ ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/16
   10 ᠳ᠋ᠤᠭᠠᠷ ᠰᠠᠷ᠎ᠠ ᠶᠢᠨ 9 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠵᠢᠭᠠᠵᠦ ᠭᠠᠷᠭᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠢᠶᠠᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠤᠨ ᠬᠠᠮᠲᠤᠪᠠᠷ ᠬᠥᠭᠵᠢᠬᠦ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ᠂ ᠪᠦᠬᠦ ᠣᠷᠣᠨ ᠪᠦᠰᠡ᠂ ᠪᠦᠬᠦ ᠶᠠᠪᠤᠴᠠ ᠪᠠᠷ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠬᠤ ᠬᠡᠷᠡᠭᠲᠡᠢ᠃ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠰᠣᠯᠢᠯᠴᠠᠭᠠᠨ ᠤ ᠲᠣᠭᠲᠠᠴᠠ ᠶᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠤ ᠠᠬᠤᠶᠢᠯᠠᠯᠲᠠᠨ ᠤ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠤᠨ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠵᠦ᠂ ᠠᠵᠤ ᠠᠬᠤᠶᠢᠯᠠᠯ ᠤᠨ ᠰᠢᠯᠢᠳᠡᠭᠵᠢᠨ ᠬᠦᠴᠦᠷᠬᠡᠭᠵᠢᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠪᠦᠬᠦᠨ ᠢ ᠬᠠᠮᠤᠷᠤᠭᠰᠠᠨ ᠨᠡᠮᠡᠭᠳᠡᠯ ᠤᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠢᠰᠲ᠋ᠧᠮ ᠲᠠᠢ ᠠᠬᠢᠭᠤᠯᠵᠤ᠂ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠵᠤᠭᠠᠴᠠᠭᠰᠠᠳ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠢᠳᠡᠪᠬᠢᠲᠡᠢ ᠪᠠᠷ ᠰᠤᠷᠲᠠᠯ ᠢᠶᠠᠨ ᠬᠤᠪᠢᠷᠠᠭᠤᠯᠵᠤ᠂ ᠵᠤᠭᠠᠴᠠᠯ ᠤᠨ ᠪᠦᠲᠦᠭᠡᠭᠳᠡᠬᠦᠨ ᠪᠣᠯᠤᠨ ᠦᠢᠯᠡᠴᠢᠯᠡᠭᠡᠨ ᠤ ᠬᠠᠩᠭᠠᠯᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠡᠪᠦᠯ ᠤᠨ ᠤᠯᠠᠷᠢᠯ ᠤᠨ ᠵᠤᠭᠠᠴᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠤᠭᠠᠴᠠᠭᠰᠠᠳ ᠤᠨ ᠪᠡᠶᠡᠴᠢᠯᠡᠨ ᠣᠶᠢᠯᠠᠭᠠᠬᠤ ᠲᠦᠷᠦᠭᠳᠡᠯ᠂ ᠲᠠᠭᠠᠯᠠᠮᠵᠢᠲᠠᠢ᠂ ᠬᠠᠨᠤᠮᠵᠢ ᠶᠢᠨ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ ᠬᠢᠩᠭᠠᠨ ᠠᠶᠢᠮᠠᠭ ᠤᠨ ᠵᠤᠭᠠᠴᠠᠯ ᠤᠨ ᠲᠦᠷᠦᠯ ᠲᠡᠮᠳᠡᠭ ᠢ ᠭᠢᠯᠠᠷᠠᠭᠤᠯᠬᠤ ᠬᠡᠷᠡᠭᠲᠡᠢ ᠭᠡᠪᠡ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号