ᠤᠶᠢᠷ᠎ᠠ ᠶᠢᠨ ᠡᠳᠦᠷ ᠲᠤ᠂ ᠲᠦᠴᠢᠦᠸᠠᠨ ᠰᠢᠶᠠᠨ ᠤ 215 ᠲᠦᠮᠡᠨ ᠮᠦ ᠡᠷᠳᠡᠨᠢ ᠰᠢᠰᠢ ᠠᠭᠠᠵᠢᠮ ᠢᠶᠠᠷ | ᠪᠣᠯᠪᠠᠰᠤᠷᠠᠵᠤ᠂ ᠲᠥᠪᠯᠡᠷᠡᠭᠦᠯᠦᠨ ᠬᠤᠷᠢᠶᠠᠬᠤ ᠬᠤᠭᠤᠴᠠᠭᠠᠨ ᠳᠤ ᠣᠷᠣᠪᠠ᠃ ᠲᠠᠷᠢᠶᠠᠴᠢᠳ ᠴᠠᠭ ᠠᠭᠤᠷ ᠰᠠᠶᠢᠨ | ᠪᠠᠶᠢᠬᠤ ᠠᠰᠢᠭᠲᠠᠢ ᠠᠵᠠ ᠲᠣᠬᠢᠶᠠᠯ ᠢ ᠠᠮᠵᠢᠵᠤ᠂ ᠬᠠᠳᠤᠵᠤ ᠬᠤᠷᠢᠶᠠᠬᠤ᠂ ᠡᠭᠡᠭᠡᠵᠦ ᠬᠠᠳᠠᠭᠠᠵᠤ᠂ ᠪᠠᠴᠢᠮ | ᠪᠥᠭᠡᠳ ᠡᠮᠬᠢ ᠵᠢᠷᠤᠮ ᠲᠠᠢ ᠲᠡᠭᠦᠵᠦ ᠬᠤᠷᠢᠶᠠᠬᠤ ᠠᠵᠢᠯ ᠳᠤ ᠢᠳᠡᠪᠬᠢᠲᠡᠢ ᠣᠷᠣᠯᠴᠠᠵᠤ᠂ ᠭᠠᠵᠠᠷ ᠪᠣᠯᠭᠠᠨ ᠳᠤ | ᠨᠠᠮᠤᠷ ᠤᠨ ᠬᠤᠷᠢᠶᠠᠯᠲᠠ ᠶᠢᠨ ᠶᠠᠭᠠᠷᠠᠯᠲᠠᠢ ᠪᠠᠶᠢᠳᠠᠯ ᠢᠯᠡᠷᠡᠪᠡ᠃ | ᠲᠦᠴᠢᠦᠸᠠᠨ ᠪᠠᠯᠭᠠᠰᠤᠨ ᠤ ᠴᠢᠶᠠᠨ ᠶᠢᠨ ᠲᠣᠰᠬᠤᠨ ᠤ ᠡᠷᠳᠡᠨᠢ ᠰᠢᠰᠢ ᠶᠢᠨ ᠲᠠᠷᠢᠶᠠᠨ ᠳᠤ᠂ ᠠᠯᠲᠠᠨ ᠰᠢᠷᠭᠠᠯ | ᠡᠷᠳᠡᠨᠢ ᠰᠢᠰᠢ ᠬᠥᠪᠡᠭᠡ ᠬᠢᠵᠠᠭᠠᠷ ᠨᠢ ᠬᠠᠷᠠᠭᠳᠠᠬᠤ ᠥᠬᠡᠶ᠂ ᠡᠩᠨᠡᠷᠡᠨ ᠵᠢᠭᠰᠠᠭᠰᠠᠨ ᠡᠷᠳᠡᠨᠢ ᠰᠢᠰᠢ ᠵᠢᠭᠳᠡ | ᠰᠡᠬᠦᠶᠢᠨ ᠰᠦᠨᠳᠡᠷᠯᠡᠵᠦ᠂ ᠦᠷᠭᠦᠯᠵᠢᠯᠡᠭᠰᠡᠨ ᠡᠷᠳᠡᠨᠢ ᠰᠢᠰᠢ ᠶᠢᠨ ᠡᠰᠢᠨ ᠳᠡᠭᠡᠷ᠎ᠡ ᠡᠷᠳᠡᠨᠢ ᠰᠢᠰᠢ ᠶᠢᠨ ᠡᠰᠢ | ᠳᠦᠭᠦᠷᠲᠡᠯ᠎ᠡ ᠡᠯᠭᠦᠵᠦ᠂ ᠬᠠᠳᠤᠵᠤ ᠬᠤᠷᠢᠶᠠᠬᠤ ᠮᠠᠰᠢᠨ ᠤ ᠬᠦᠷᠴᠢᠭᠢᠨᠡᠭᠰᠡᠨ ᠮᠠᠰᠢᠨ ᠤ ᠲᠠᠭᠤᠨ ᠢ ᠳᠠᠭᠠᠯᠳᠤᠨ᠂ | ᠡᠷᠳᠡᠨᠢ ᠰᠢᠰᠢ ᠶᠢᠨ ᠡᠰᠢ ᠲᠦᠷᠦᠭᠦᠦ ᠲᠠᠢ ᠨᠢ ᠬᠠᠮᠲᠤ ᠮᠠᠰᠢᠨ ᠳᠤ ᠬᠠᠮᠤᠨ ᠤᠷᠤᠭᠤᠯᠵᠤ᠂ ᠲᠦᠷᠦᠭᠦᠦ ᠠᠪᠬᠤ᠂ | ᠬᠠᠯᠢᠰᠤ ᠱᠠᠭᠠᠯᠬᠤ᠂ ᠠᠯᠲᠠᠨ ᠰᠢᠷᠭᠠᠯ ᠡᠷᠳᠡᠨᠢ ᠰᠢᠰᠢ ᠶᠢᠨ ᠡᠰᠢ ᠬᠦᠷᠬᠢᠷ᠎ᠡ ᠰᠢᠭ ᠴᠢᠳᠬᠤᠯᠠᠨ ᠪᠠᠭᠤᠵᠤ᠂ ᠠᠮᠤ | ᠪᠤᠳᠠᠭ᠎ᠠ ᠵᠥᠭᠡᠭᠡᠪᠦᠷᠢᠯᠡᠬᠦ ᠲᠡᠷᠭᠡ ᠶᠢ ᠮᠠᠰᠢ ᠲᠦᠷᠭᠡᠨ ᠢᠶᠠᠷ ᠳᠦᠭᠦᠷᠭᠡᠵᠦ᠂ ᠡᠯᠪᠡᠭ ᠬᠤᠷᠢᠶᠠᠯᠲᠠ ᠶᠢᠨ ᠠᠶᠠᠰ ᠢ | ᠬᠠᠩᠭᠢᠨᠠᠭᠤᠯᠪᠠ᠃ | ︽ᠡᠨᠡ ᠵᠢᠯ ᠮᠠᠨ ᠤ ᠬᠡᠷ 130 ᠮᠥ ᠡᠷᠳᠡᠨᠢ ᠰᠢᠰᠢ ᠳᠠᠷᠢᠵᠤ᠂ ᠪᠦᠷ ᠬᠠᠭᠠᠯᠪᠤᠷᠢᠯᠠᠬᠤ ᠥᠬᠡᠶ ᠪᠠᠷ ᠲᠠᠷᠢᠬᠤ | ᠮᠠᠰᠢᠨ ᠢᠶᠠᠷ ᠲᠠᠷᠢᠭᠰᠠᠨ ᠪᠠᠶᠢᠨ᠎ᠠ᠂ ᠲᠡᠷᠡ ᠨᠢ ᠴᠠᠭ ᠪᠠ ᠬᠦᠴᠦ ᠳᠤ ᠠᠷᠪᠢᠲᠠᠶ᠂ ᠳᠡᠪᠢᠰᠦᠭᠰᠡᠨ ᠤᠰᠤᠯᠠᠬᠤ | ᠬᠤᠭᠤᠯᠠᠢ ᠪᠠᠷ ᠤᠰᠤᠯᠠᠵᠤ᠂ ᠡᠨᠡ ᠵᠢᠯ ᠪᠠᠷᠤᠭ 15—16 ᠲᠦᠮᠡᠨ ᠵᠢᠩ ᠥᠭᠴᠦ᠂ ᠥᠩᠭᠡᠷᠡᠭᠰᠡᠨ ᠵᠢᠯ ᠤᠨ | ᠦᠨ᠎ᠡ ᠪᠠᠷ 15—16 ᠲᠦᠮᠡᠨ ᠲᠥᠭᠦᠷᠢᠭ ᠬᠤᠳᠠᠯᠳᠤᠵᠦ ᠲᠠᠶᠢᠯᠤᠨ᠎ᠠ᠃︾ ᠭᠡᠵᠦ ᠲᠦᠴᠢᠦᠸᠠᠨ ᠪᠠᠯᠭᠠᠰᠤᠨ ᠤ | ᠴᠢᠶᠠᠨ ᠶᠢᠨ ᠲᠣᠰᠬᠤᠨ ᠤ ᠠᠷᠠᠳ ᠵᠠᠩ ᠴᠠᠩ ᠯᠢ ᠬᠡᠯᠡᠨ᠎ᠡ᠃ | ᠲᠠᠷᠢᠶᠠᠯᠠᠬᠤ ᠴᠠᠭ ᠢ ᠵᠠᠪᠳᠤᠨ᠂ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ | ᠲᠦᠴᠢᠦᠸᠠᠨ ᠰᠢᠶᠠᠨ ᠤ ᠡᠯ᠎ᠡ ᠰᠢᠶᠠᠩ ᠪᠠᠯᠭᠠᠰᠤ ᠲᠠᠷᠢᠶᠠᠯᠠᠩ ᠤᠨ ᠮᠠᠰᠢᠨ ᠤ ᠬᠤᠷᠰᠢᠶ᠎ᠠ ᠶᠢᠨ ᠲᠤᠮᠤ ᠬᠡᠯᠪᠡᠷᠢ ᠶᠢᠨ | ᠲᠡᠷᠭᠡ ᠬᠥᠰᠬᠡ ᠳᠤ ᠲᠦᠰᠢᠭᠯᠡᠨ᠂ ᠮᠠᠰᠢᠨᠴᠢᠯᠠᠭᠰᠠᠨ ᠬᠠᠳᠤᠵᠤ ᠬᠤᠷᠢᠶᠠᠬᠤ ᠠᠵᠢᠯ ᠢ ᠥᠷᠨᠢᠭᠦᠯᠵᠦ᠂ ᠡᠷᠳᠡᠨᠢ | ᠰᠢᠰᠢ ᠶᠢ ︽ᠭᠠᠷ ᠢᠶᠠᠷ ᠬᠤᠭᠤᠯᠬᠤ︾ ᠠᠴᠠ ︽ᠮᠠᠰᠢᠨ ᠢᠶᠠᠷ ᠬᠤᠷᠢᠶᠠᠬᠤ︾ ᠲᠡᠶᠢᠰᠢ ᠬᠤᠪᠢᠷᠠᠭᠤᠯᠬᠤ ᠶᠢ | ᠪᠡᠶᠡᠯᠡᠭᠦᠯᠪᠡ᠃ ᠮᠧᠬᠠᠨᠢᠭᠵᠢᠭᠤᠯᠤᠨ ᠠᠵᠢᠯᠯᠠᠬᠤ ᠨᠢ ᠲᠠᠷᠢᠶᠠᠴᠢᠨ ᠡᠷᠦᠬᠡ ᠶᠢᠨ ᠬᠥᠳᠡᠯᠮᠦᠷᠢ ᠶᠢᠨ ᠡᠷᠴᠢᠮ ᠢ | ᠪᠠᠭᠤᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠠᠮᠤ ᠪᠤᠳᠠᠭᠠᠨ ᠤ ᠬᠤᠬᠢᠷᠠᠯ ᠢ ᠪᠠᠭᠠᠰᠬᠠᠵᠤ᠂ ᠠᠵᠢᠯᠯᠠᠬᠤ ᠶᠠᠰᠤ | ᠴᠢᠨᠠᠷ ᠢ ᠳᠡᠭᠡᠭᠰᠢᠯᠡᠭᠦᠯᠦᠨ᠂ ᠠᠮᠤ ᠪᠤᠳᠠᠭᠠᠨ ᠤ ᠮᠥᠬᠦᠯᠢᠭ ᠪᠦᠬᠦᠨ ᠢ ᠬᠥᠮᠥᠷᠭᠡ ᠳᠤ ᠣᠷᠣᠭᠤᠯᠬᠤ ᠳᠤ ᠬᠦᠴᠦᠲᠡᠢ | ᠪᠠᠲᠤᠯᠠᠭ᠎ᠠ ᠬᠠᠩᠭᠠᠪᠠ᠃ | ︽ᠡᠨᠡ ᠡᠳᠦᠷ ᠪᠣᠯ ᠮᠢᠨᠦ ᠠᠵᠢᠯᠯᠠᠵᠤ ᠪᠠᠶᠢᠭ᠎ᠠ ᠳᠥᠷᠪᠡᠳᠦᠭᠡᠷ ᠡᠷᠦᠬᠡ ᠪᠣᠯᠤᠨ᠎ᠠ᠂ ᠤᠳᠠᠯ ᠥᠬᠡᠶ ᠬᠤᠷᠢᠶᠠᠵᠤ | ᠳᠠᠭᠤᠰᠬᠤ ᠭᠡᠵᠦ ᠪᠠᠶᠢᠨ᠎ᠠ᠂ ᠨᠡᠶᠢᠲᠡ 20 ᠭᠠᠷᠤᠶ ᠮᠥ ᠲᠠᠷᠢᠶᠠᠨ ᠭᠠᠵᠠᠷ ᠲᠠᠢ᠂ ᠨᠢᠭᠡ ᠡᠳᠦᠷ 120—130 ᠮᠥ | ᠬᠤᠷᠢᠶᠠᠵᠦ ᠲᠡᠶᠢᠯᠦᠨ᠎ᠡ᠂ ᠡᠬᠢᠯᠡᠵᠦ ᠠᠵᠢᠯᠯᠠᠭᠰᠠᠨ ᠠᠴᠠ ᠣᠲᠣ ᠪᠣᠯᠲᠠᠯ᠎ᠠ ᠨᠢᠭᠡᠨᠲᠡ 1000 ᠭᠠᠷᠤᠶ ᠮᠥ | ᠬᠤᠷᠢᠶᠠᠵᠤ᠂ ᠨᠡᠶᠢᠲᠡ 20 ᠰᠢᠬᠠᠮ ᠡᠷᠦᠬᠡ ᠲᠠᠢ ᠵᠠᠬᠢᠶᠠᠯᠠᠭ᠎ᠠ ᠶᠢᠨ ᠭᠡᠷ᠎ᠡ ᠲᠤᠭᠲᠠᠵᠤ᠂ 2300 ᠭᠠᠷᠤᠶ ᠮᠥ ᠠᠴᠠ | 2400 ᠮᠥ ᠲᠠᠷᠢᠶ᠎ᠠ ᠪᠠᠶᠢᠨ᠎ᠠ᠂ ᠡᠷᠳᠡᠨᠢ ᠰᠢᠰᠢ ᠶᠢᠨ ᠤᠷᠭᠤᠴᠠ ᠮᠠᠰᠢ ᠰᠠᠶᠢᠨ᠂ ᠠᠷᠠᠳ ᠢᠷᠭᠡᠳ ᠡᠨᠡ ᠵᠢᠯ | ᠰᠠᠶᠢᠨ ᠬᠤᠷᠢᠶᠠᠯᠲᠠ ᠣᠯᠵᠤ ᠴᠢᠳᠠᠨ᠎ᠠ᠃︾ ᠭᠡᠵᠦ ᠲᠦᠴᠢᠦᠸᠠᠨ ᠰᠢᠶᠠᠨ ᠤ ᠹᠦ᠋ ᠮᠢᠨ ᠲᠠᠷᠢᠶᠠᠯᠠᠩ ᠤᠨ ᠮᠠᠰᠢᠨ ᠤ | ᠦᠢᠯᠡᠴᠢᠯᠡᠭᠡᠨ ᠤ ᠲᠤᠰᠬᠠᠢ ᠬᠤᠷᠰᠢᠶ᠎ᠠ ᠶᠢᠨ ᠬᠠᠷᠢᠭᠤᠴᠠᠯᠭᠠᠲᠠᠨ ᠰᠦᠩ ᠺᠦᠢ ᠫᠢᠩ ᠬᠡᠯᠡᠪᠡ᠃ | ᠵᠡᠭᠦᠨ ᠳᠥᠷᠥᠯᠵᠢ ᠪᠠᠯᠭᠠᠰᠤ ᠶᠢᠨ ᠾᠧ ᠫᠢᠩ ᠲᠣᠰᠬᠤᠨ ᠤ ᠲᠠᠷᠢᠶᠠᠨ ᠭᠠᠵᠠᠷ ᠲᠤ᠂ ᠲᠠᠷᠢᠶᠠᠯᠠᠩ ᠤᠨ | ᠮᠠᠰᠢᠨᠴᠢᠨ ᠳᠤᠮᠤ ᠬᠡᠯᠪᠡᠷᠢ ᠶᠢᠨ ᠬᠠᠳᠤᠵᠤ ᠬᠤᠷᠢᠶᠠᠬᠤ ᠮᠠᠰᠢᠨ ᠢᠶᠠᠨ ᠵᠢᠯᠣᠭᠤᠳᠤᠨ ᠨᠠᠭᠠᠰᠢ ᠴᠠᠭᠠᠰᠢ ᠳᠠᠪᠬᠢᠭᠤᠯᠵᠤ | ᠂ ᠡᠯᠪᠡᠭ ᠬᠤᠷᠢᠶᠠᠯᠲᠠ ᠣᠯᠤᠭᠰᠠᠨ ᠦᠷ᠎ᠡ ᠵᠢᠮᠢᠰ ᠢᠶᠠᠨ ᠲᠡᠭᠦᠵᠦ᠂ ᠳᠡᠮᠡᠢ ᠤᠳᠠᠯ ᠦᠭᠡᠢ ᠬᠠᠳᠤᠵᠤ ᠬᠤᠷᠢᠶᠠᠬᠤ | ᠮᠠᠰᠢᠨ ᠨᠢ ᠬᠤᠷᠢᠶᠠᠵᠤ ᠠᠪᠤᠭᠰᠠᠨ ᠡᠷᠳᠡᠨᠢ ᠰᠢᠰᠢ ᠪᠠᠨ ᠲᠠᠷᠢᠶᠠᠯᠠᠩ ᠤᠨ ᠮᠠᠰᠢᠨ ᠲᠡᠷᠭᠡᠨ ᠳᠤ ᠪᠠᠭᠤᠯᠭᠠᠨ᠎ᠠ᠃ | ᠲᠡᠭᠡᠭᠡᠪᠦᠷᠢ ᠶᠢᠨ ᠲᠡᠷᠭᠡ ᠲᠠᠷᠢᠶᠠᠨ ᠭᠠᠵᠠᠷ ᠢᠶᠠᠷ ᠨᠠᠭᠠᠰᠢ ᠴᠠᠭᠠᠰᠢ ᠰᠦᠯᠵᠢᠯᠳᠦᠵᠦ᠂ ᠡᠯᠪᠡᠭ ᠬᠤᠷᠢᠶᠠᠯᠲᠠ | ᠣᠯᠤᠭᠰᠠᠨ ᠪᠠᠶᠢᠳᠠᠯ ᠢᠯᠡᠷᠡᠪᠡ᠃ | ︽ᠣᠲᠣ ᠪᠣᠯ ᠶᠠᠭ ᠡᠯᠪᠡᠭ ᠬᠤᠷᠢᠶᠠᠯᠲᠠ ᠶᠢᠨ ᠤᠯᠠᠷᠢᠯ ᠪᠣᠯᠤᠨ᠎ᠠ᠂ ᠮᠠᠨ ᠤ ᠬᠤᠷᠰᠢᠶ᠎ᠠ ᠶᠢᠨ ᠡᠨᠡ ᠵᠢᠯ ᠤᠨ | ᠭᠥᠯᠢᠶᠡᠨ ᠠᠪᠤᠭᠰᠠᠨ ᠬᠠᠳᠤᠵᠤ ᠬᠤᠷᠢᠶᠠᠬᠤ ᠵᠠᠬᠢᠶᠠᠯᠠᠭ᠎ᠠ ᠶᠢᠨ ᠬᠠᠭᠤᠳᠠᠰᠤ ᠪᠣᠯ 80 ᠡᠷᠦᠬᠡ 7000 ᠮᠥ | ᠪᠣᠯᠤᠨ᠎ᠠ᠂ ᠣᠲᠣ ᠬᠤᠶᠠᠷ ᠮᠠᠰᠢᠨ ᠵᠡᠷᠭᠡ ᠪᠠᠷ ᠠᠵᠢᠯᠯᠠᠵᠤ᠂ ᠠᠩᠭᠢ ᠪᠦᠷᠢ ᠳᠤ 6 ᠬᠥᠮᠦᠨ 24 ᠴᠠᠭ ᠢᠶᠠᠷ | ᠡᠭᠡᠯᠵᠢᠯᠡᠨ ᠠᠵᠢᠯᠯᠠᠵᠤ ᠪᠠᠶᠢᠨ᠎ᠠ᠂ ᠣᠲᠣ ᠪᠣᠯᠲᠠᠯ᠎ᠠ ᠨᠢᠭᠡᠨᠲᠡ 3000 ᠮᠥ ᠬᠠᠳᠤᠵᠤ ᠬᠤᠷᠢᠶᠠᠵᠠᠶ᠂ ᠵᠢᠱᠢᠯᠲᠡ ᠪᠠᠷ | ᠪᠠᠰᠠ ᠬᠠᠭᠠᠰ ᠰᠠᠷ᠎ᠠ ᠶᠢᠨ ᠳᠠᠷᠠᠭ᠎ᠠ ᠪᠦᠬᠦᠨ ᠢ ᠬᠤᠷᠢᠶᠠᠵᠤ ᠳᠠᠭᠤᠰᠬᠠᠬᠤ ᠪᠣᠯᠤᠨ᠎ᠠ᠂ ᠡᠨᠡ ᠵᠢᠯ ᠤᠨ ᠡᠷᠳᠡᠨᠢ ᠰᠢᠰᠢ | ᠶᠢᠨ ᠬᠤᠷᠢᠶᠠᠯᠲᠠ ᠨᠡᠯᠢᠶᠡᠳ ᠰᠠᠶᠢᠨ ᠪᠠᠶᠢᠨ᠎ᠠ᠂ ᠲᠠᠷᠢᠶᠠᠴᠢᠳ ᠤᠨ ᠡᠯᠪᠡᠭ ᠬᠤᠷᠢᠶᠠᠯᠲᠠ ᠤᠯᠬᠤ ᠶᠢ ᠬᠦᠰᠡᠵᠦ | ᠪᠠᠶᠢᠨ᠎ᠠ᠃︾ ᠭᠡᠵᠦ ᠲᠦᠴᠢᠦᠸᠠᠨ ᠰᠢᠶᠠᠨ ᠤ ᠰᠢᠩ ᠹᠧᠩ ᠳ᠋ᠠ ᠲᠠᠷᠢᠶᠠᠯᠠᠩ ᠤᠨ ᠲᠠᠷᠢᠮᠠᠯ ᠤᠨ ᠲᠤᠰᠬᠠᠢ ᠬᠤᠷᠰᠢᠶ᠎ᠠ | ᠶᠢᠨ ᠬᠠᠷᠢᠭᠤᠴᠠᠯᠭᠠᠲᠠᠨ ᠵᠤᠤ ᠶᠦᠩ ᠳ᠋ᠠ ᠬᠡᠯᠡᠪᠡ᠃ | ᠲᠦᠴᠢᠦᠸᠠᠨ ᠰᠢᠶᠠᠨ ᠭᠠᠵᠠᠷ ᠰᠢᠷᠣᠶ ᠶᠢᠨ ᠡᠷᠭᠢᠯᠲᠡ ᠶᠢ ᠦᠷᠭᠦᠯᠵᠢᠯᠡᠨ ᠠᠬᠢᠭᠤᠯᠵᠤ᠂ ᠠᠮᠤ ᠪᠤᠳᠠᠭ᠎ᠠ | ᠳᠠᠷᠢᠬᠤ ᠲᠣᠮᠣ ᠡᠷᠦᠬᠡ ᠶᠢᠨ ᠭᠠᠵᠠᠷ ᠰᠢᠷᠣᠶ ᠶᠢ ᠡᠷᠴᠢᠮᠵᠢᠭᠦᠯᠦᠨ ᠡᠵᠡᠩᠨᠡᠬᠦ᠂ ᠨᠢᠭᠡᠳᠦᠯᠲᠡᠶ ᠳᠠᠷᠢᠬᠤ᠂ ᠨᠢᠭᠡᠳᠦᠯᠲᠡᠶ | ᠬᠠᠮᠢᠶᠠᠷᠬᠤ ᠶᠢ ᠵᠣᠷᠢᠭᠵᠢᠭᠤᠯᠵᠤ᠂ ᠭᠠᠵᠠᠷ ᠰᠢᠷᠣᠶ ᠶᠢ ᠬᠡᠰᠡᠭ ᠬᠡᠰᠡᠭ ᠢᠶᠠᠷ ᠪᠦᠬᠦᠯᠢ ᠴᠣᠭᠴᠠ ᠪᠣᠯᠭᠠᠨ | ᠠᠮᠢᠯᠠᠭᠤᠯᠵᠤ᠂ ᠬᠥᠳᠡᠯᠮᠦᠷᠢ ᠬᠦᠴᠦᠨ ᠢ ᠭᠦᠶᠴᠡᠳ ᠴᠢᠯᠥᠭᠡᠯᠡᠬᠦ ᠶᠢᠨ ᠬᠠᠮᠲᠤ᠂ ᠭᠠᠳᠠᠭᠰᠢ ᠭᠠᠷᠴᠤ ᠬᠥᠯᠥᠰᠥᠨ | ᠠᠵᠢᠯ ᠬᠢᠭᠰᠡᠳ ᠤᠨ ᠰᠠᠨᠠᠭᠠᠰᠢᠷᠠᠯ ᠢ ᠠᠷᠢᠯᠭᠠᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ | ᠤᠨ ᠣᠷᠣᠯᠭ᠎ᠠ ᠶᠢ ᠨᠡᠮᠡᠭᠳᠡᠭᠦᠯᠬᠦ ᠶᠢ ᠦᠨᠡᠨ ᠬᠦ ᠪᠡᠶᠡᠯᠡᠭᠦᠯᠦᠨ᠎ᠡ᠃ | ︽ᠪᠢ ᠥᠪᠡᠷ ᠢᠶᠠᠨ 30 ᠮᠥ ᠲᠠᠷᠢᠶ᠎ᠠ ᠲᠠᠢ᠂ 120 ᠮᠥ ᠭᠠᠵᠠᠷ ᠢ ᠡᠷᠭᠢᠯᠲᠡ ᠳᠤ ᠣᠷᠣᠭᠤᠯᠵᠤ᠂ ᠡᠨᠡ ᠵᠢᠯ | ᠤᠨ ᠪᠣᠷᠣᠭᠠᠨ ᠤ ᠤᠰᠤ ᠨᠡᠯᠢᠶᠡᠳ ᠰᠠᠶᠢᠨ᠂ ᠠᠮᠤ ᠪᠤᠳᠠᠭᠠᠨ ᠤ ᠤᠷᠭᠤᠴᠠ ᠴᠤ ᠨᠡᠯᠢᠶᠡᠳ ᠰᠠᠶᠢᠨ ᠪᠠᠶᠢᠨ᠎ᠠ᠃ | ᠡᠨᠡ ᠵᠢᠯ ᠤᠨ ᠣᠷᠣᠯᠭ᠎ᠠ ᠶᠢ ᠨᠢᠳᠤᠨᠤᠨ ᠤ ᠬᠢ ᠠᠴᠠ ᠶᠡᠭᠡ ᠬᠡᠮᠵᠢᠶ᠎ᠡ ᠪᠠᠷ ᠨᠡᠮᠡᠭᠳᠡᠭᠦᠯᠵᠦ᠂ ᠠᠮᠤ ᠪᠤᠳᠠᠭ᠎ᠠ ᠶᠢ | ᠰᠠᠶᠢᠨ ᠦᠨ᠎ᠡ ᠪᠠᠷ ᠬᠤᠳᠠᠯᠳᠤᠬᠤ ᠶᠢ ᠬᠦᠰᠡᠵᠦ ᠪᠠᠶᠢᠨ᠎ᠠ᠃︾ ᠭᠡᠵᠦ ᠵᠡᠭᠦᠨ ᠲᠦᠷᠦᠯᠵᠢ ᠪᠠᠯᠭᠠᠰᠤᠨ ᠤ ᠾᠧ | ᠫᠢᠩ ᠲᠣᠰᠬᠤᠨ ᠤ ᠠᠷᠠᠳ ᠶᠠᠩ ᠶᠦᠩ ᠹᠦ᠋ ᠬᠡᠯᠡᠪᠡ᠃ | ᠣᠶᠢᠷ᠎ᠠ ᠶᠢᠨ ᠵᠢᠯ ᠤᠳ ᠲᠤ᠂ ᠲᠦᠴᠢᠦᠸᠠᠨ ᠰᠢᠶᠠᠨ ᠤᠯᠤᠰ ᠤᠨ ᠲᠠᠷᠢᠶᠠᠯᠠᠩ ᠢ ᠬᠦᠴᠦᠷᠬᠡᠭᠵᠢᠭᠦᠯᠦᠨ | ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠠᠮᠤ | ᠪᠤᠳᠠᠭ᠎ᠠ ᠳᠠᠷᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠬᠤ ᠪᠠᠷ ᠳᠠᠮᠵᠢᠭᠤᠯᠤᠨ᠂ | ᠰᠢᠯᠢᠳᠡᠭ ᠲᠠᠷᠢᠮᠠᠯ ᠤᠨ ᠥᠨᠳᠥᠷ ᠭᠠᠷᠤᠯᠲᠠ ᠶᠢᠨ ᠡᠭᠦᠯᠳᠡᠷ ᠢ ᠳᠡᠯᠭᠡᠷᠡᠭᠦᠯᠵᠦ᠂ ᠲᠠᠷᠢᠮᠠᠯ ᠤᠨ ᠪᠦᠲᠦᠴᠡ ᠶᠢ | ᠰᠢᠯᠢᠳᠡᠭᠵᠢᠭᠦᠯᠦᠨ᠂ ᠲᠠᠷᠢᠶᠠᠴᠢᠳ ᠢ ᠬᠠᠪᠰᠤᠷᠤᠨ ᠭᠠᠷᠤᠯᠲᠠ ᠶᠢ ᠨᠢ ᠨᠡᠮᠡᠭᠳᠡᠭᠦᠯᠵᠦ᠂ ᠣᠷᠣᠯᠭ᠎ᠠ ᠶᠢ ᠨᠢ | ᠨᠡᠮᠡᠭᠳᠡᠭᠦᠯᠪᠡ᠃ ᠣᠳᠣᠬᠠᠨ ᠳᠤ ᠡᠷᠳᠡᠨᠢ ᠰᠢᠰᠢ ᠶᠢ ᠬᠠᠳᠤᠵᠤ ᠬᠤᠷᠢᠶᠠᠬᠤ ᠠᠵᠢᠯ ᠶᠠᠭ ᠡᠮᠬᠢ ᠵᠢᠷᠤᠮ ᠲᠠᠢ | ᠶᠠᠪᠤᠭᠳᠠᠵᠤ᠂ ᠬᠠᠳᠤᠵᠤ ᠬᠤᠷᠢᠶᠠᠬᠤ ᠠᠵᠢᠯ ᠢ 10 ᠰᠠᠷ᠎ᠠ ᠶᠢᠨ ᠰᠡᠭᠦᠯᠴᠢ ᠪᠠᠷ ᠵᠠᠯᠭᠠᠭ᠎ᠠ ᠪᠠᠷ ᠪᠡᠶᠡᠯᠡᠭᠦᠯᠬᠦ | ᠪᠣᠯᠤᠨ᠎ᠠ᠃ |