ᠲᠦᠴᠢᠦᠸᠠᠨ ᠰᠢᠶᠠᠨ ᠤ ᠳᠥᠷᠪᠡᠳᠦᠭᠡᠷ ᠬᠡᠦᠬᠡᠳ ᠤᠨ ᠴᠡᠴᠡᠷᠯᠢᠭ ᠤᠨ ᠭᠠᠯ ᠰᠡᠷᠭᠡᠶᠢᠯᠡᠬᠦ ᠠᠮᠤᠷ ᠲᠦᠪᠰᠢᠨ  ᠤ ᠪᠠᠴᠢᠮ ᠪᠠᠶᠢᠳᠠᠯ ᠢ ᠠᠷᠭᠠᠴᠠᠵᠤ ᠲᠠᠷᠬᠠᠭᠠᠬᠤ ᠰᠣᠷᠢᠯᠲᠠ ᠬᠢᠪᠡ
ᠨᠡᠶᠢᠲᠡᠯᠡᠭᠰᠡᠨ ᠴᠠᠭ᠄
2024/10/17
   ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠠᠭᠰᠢ ᠰᠤᠷᠤᠭᠴᠢᠳ ᠤᠨ ᠭᠡᠨᠡᠳᠲᠡ ᠶᠢᠨ ᠠᠳᠡᠯ ᠳᠤ ᠠᠮᠢᠳᠤᠯᠢᠭ ᠢᠶᠠᠷ ᠠᠷᠭᠠᠴᠠᠬᠤ ᠴᠢᠳᠠᠪᠤᠷᠢ ᠶᠢ ᠦᠨᠡᠨ ᠬᠦ ᠴᠢᠩᠭᠠᠳᠬᠠᠵᠤ᠂ ᠥᠪᠡᠷ ᠢ ᠪᠠᠨ ᠠᠪᠤᠷᠬᠠᠤ᠂ ᠠᠮᠢ ᠵᠢᠭᠤᠲᠠᠬᠤ᠂ ᠥᠪᠡᠷ ᠢ ᠪᠠᠨ ᠬᠠᠮᠠᠭᠠᠯᠠᠬᠤ ᠨᠠᠩ ᠣᠯᠠᠨ ᠪᠣᠳᠠᠲᠠᠶ ᠠᠷᠭ᠎ᠠ ᠶᠢ ᠡᠵᠡᠮᠰᠢᠬᠦ ᠶᠢᠨ ᠲᠥᠯᠥᠭᠡ᠃ 10 ᠰᠠᠷ᠎ᠠ ᠶᠢᠨ 11 ᠤ ᠡᠳᠦᠷ᠂ ᠲᠦᠴᠢᠦᠸᠠᠨ ᠰᠢᠶᠠᠨ ᠤ ᠳᠥᠷᠪᠡᠳᠦᠭᠡᠷ ᠬᠡᠦᠬᠡᠳ ᠤᠨ ᠴᠡᠴᠡᠷᠯᠢᠭ ᠭᠠᠯ ᠤᠨᠲᠠᠷᠠᠭᠠᠬᠤ ᠰᠣᠷᠢᠯᠲᠠ ᠬᠢᠪᠠ᠃
   ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠬᠢᠴᠢᠶᠡᠯ ᠤᠨ ᠲᠠᠩᠬᠢᠮ ᠳᠤ᠂ ᠭᠠᠯ ᠰᠡᠷᠭᠡᠶᠢᠯᠡᠯᠲᠡ ᠶᠢᠨ ᠤᠬᠠᠭᠤᠯᠤᠭᠴᠢᠳ ᠸᠢᠳᠢᠤ᠋ ᠪᠠ ᠬᠡᠷᠡᠯ ᠵᠢᠷᠤᠭ ᠵᠡᠷᠭᠡ ᠬᠡᠯᠪᠡᠷᠢ ᠪᠠᠷ ᠳᠠᠮᠵᠢᠭᠤᠯᠤᠨ᠂ ᠨᠢᠯᠬ᠎ᠠ ᠬᠡᠦᠬᠡᠳ ᠲᠤ ᠡᠯ᠎ᠡ ᠵᠦᠶᠯ ᠤᠨ ᠭᠠᠯ ᠰᠡᠷᠭᠡᠶᠢᠯᠡᠯᠲᠡ ᠶᠢᠨ ᠪᠠᠭᠠᠵᠢ ᠬᠡᠷᠡᠭᠰᠡᠯ᠂ ᠠᠮᠢ ᠵᠢᠭᠤᠲᠠᠬᠤ ᠲᠡᠮᠳᠡᠭ ᠢ ᠲᠠᠨᠢᠭᠤᠯᠵᠤ᠂ ᠭᠠᠯ ᠤᠨᠳᠠᠷᠭᠠᠬᠤ ᠪᠠᠭᠠᠵᠢ ᠶᠢᠨ ᠵᠥᠪ ᠣᠨᠣᠪᠴᠢᠲᠠᠶ ᠬᠡᠷᠡᠭᠯᠡᠬᠦ ᠠᠷᠭ᠎ᠠ ᠶᠢ ᠣᠶᠢᠯᠠᠭᠠᠭᠤᠯᠵᠤ᠂ ᠭᠠᠯ ᠤᠨ ᠠᠶᠤᠯ ᠤᠨ ᠠᠮᠢ ᠵᠢᠭᠤᠲᠠᠬᠤ ᠬᠥᠳᠡᠯᠦᠯ ᠪᠠᠷᠢᠯ ᠤᠨ ᠠᠨᠢᠰᠤ ᠶᠢ ᠰᠤᠷᠤᠯᠴᠠᠭᠤᠯᠬᠤ ᠶᠢᠨ ᠬᠠᠮᠲᠤ᠂ ᠠᠶᠤᠯ ᠲᠦᠭᠰᠢᠭᠦᠷᠢ ᠲᠤᠯᠭᠠᠷᠠᠭᠰᠠᠨ ᠦᠶ᠎ᠡ ᠳᠤ ᠬᠡᠷᠬᠢᠨ ᠵᠥᠪ ᠣᠨᠣᠪᠴᠢᠲᠠᠶ ᠠᠮᠢ ᠵᠢᠭᠤᠲᠠᠵᠤ᠂ ᠥᠪᠡᠷ ᠢ ᠪᠠᠨ ᠬᠠᠮᠠᠭᠠᠯᠠᠬᠤ ᠶᠢ ᠡᠵᠡᠮᠰᠢᠭᠦᠯᠦᠨ᠎ᠡ᠃ ᠰᠣᠷᠢᠯᠲᠠ ᠡᠬᠢᠯᠡᠬᠦ ᠳᠤ᠂ ᠠᠩᠭᠢ ᠶᠢᠨ ᠪᠠᠭᠰᠢ ᠦᠳᠲᠡᠷ ᠲᠦᠷᠭᠡᠨ ᠬᠡᠦᠬᠡᠳ ᠢ ᠵᠣᠬᠢᠶᠠᠨ ᠪᠠᠶᠢᠭᠤᠯᠵᠤ ᠠᠮᠤᠷ ᠲᠦᠪᠰᠢᠨ ᠢᠶᠠᠷ ᠤᠬᠤᠷᠢᠨ ᠭᠠᠷᠪᠠ᠃ ᠡᠯ᠎ᠡ ᠠᠩᠭᠢ ᠶᠢᠨ ᠬᠡᠦᠬᠡᠳ ᠪᠠᠭᠰᠢ ᠶᠢᠨ ᠵᠣᠬᠢᠶᠠᠨ ᠪᠠᠶᠢᠭᠤᠯᠤᠯᠲᠠ ᠶᠢᠨ ᠵᠢᠯᠣᠭᠤᠳᠤᠯᠭ᠎ᠠ ᠳᠣᠤᠷ᠎ᠠ᠂ ᠠᠮᠠ ᠬᠠᠮᠠᠷ ᠢᠶᠠᠨ ᠪᠥᠭᠯᠡᠵᠦ᠂ ᠲᠣᠯᠣᠭᠠᠶ ᠪᠥᠬᠦᠶᠢᠵᠦ᠂ ᠵᠣᠬᠢᠴᠠᠩᠭᠤᠶ ᠭᠠᠷᠬᠤ ᠡᠭᠦᠳᠡ ᠠᠴᠠ ᠡᠮᠬᠢ ᠵᠢᠷᠤᠮ ᠲᠠᠢ᠂ ᠵᠣᠬᠢᠶᠠᠨ ᠪᠠᠶᠢᠭᠤᠯᠤᠯᠲᠠ ᠲᠠᠢ ᠪᠠᠷ ᠠᠮᠤᠷ ᠲᠦᠪᠰᠢᠨ ᠣᠷᠣᠨ ᠪᠦᠰᠡ ᠳᠤ ᠤᠬᠤᠷᠢᠨ ᠣᠷᠣᠨ᠎ᠠ᠃
   ︽ᠡᠨᠡ ᠤᠳᠠᠭᠠᠨ ᠤ ᠠᠵᠢᠯᠯᠠᠭ᠎ᠠ ᠪᠠᠷ ᠳᠡᠮᠵᠢᠨ᠂ ᠪᠢ ᠮᠠᠰᠢ ᠣᠯᠠᠨ ᠮᠡᠳᠡᠯᠭᠡ ᠰᠤᠷᠴᠠᠶ᠂ ᠵᠢᠱᠢᠶᠡᠯᠡᠪᠡᠯ ᠭᠠᠯ ᠤᠨᠲᠠᠷᠠᠭᠠᠭᠤᠷ ᠢ ᠬᠡᠷᠬᠢᠨ ᠬᠡᠷᠡᠭᠯᠡᠬᠦ᠂ ᠡᠮᠬᠢ ᠵᠢᠷᠤᠮ ᠲᠠᠢ ᠪᠠᠷ ᠠᠮᠢ ᠵᠢᠭᠤᠲᠠᠬᠤ ᠵᠡᠷᠭᠡ ᠶᠢ ᠮᠡᠳᠡᠭᠰᠡᠨ ᠵᠡᠷᠭᠡ᠃ ᠪᠢ ᠪᠠᠰᠠ ᠡᠳᠡᠭᠡᠷ ᠢ ᠪᠤᠰᠤᠳ ᠪᠢᠴᠢᠬᠠᠨ ᠨᠠᠶᠢᠵᠠ ᠨᠠᠷ ᠲᠤ ᠬᠡᠯᠡᠵᠦ ᠥᠭᠭᠦᠨ᠎ᠡ᠂ ᠣᠯᠠᠨ ᠳᠤ ᠭᠠᠯ ᠤᠨᠲᠠᠷᠠᠭᠠᠬᠤ ᠮᠡᠳᠡᠯᠭᠡ ᠶᠢ ᠣᠢᠯᠠᠭᠠᠭᠤᠯᠤᠨ᠎ᠠ᠃︾ ᠭᠡᠵᠦ ᠲᠦᠴᠢᠦᠸᠠᠨ ᠰᠢᠶᠠᠨ ᠤ ᠳᠥᠷᠪᠡᠳᠦᠭᠡᠷ ᠬᠡᠦᠬᠡᠳ ᠤᠨ ᠴᠡᠴᠡᠷᠯᠢᠭ ᠤᠨ ᠰᠤᠷᠤᠭᠴᠢ ᠪᠠᠢ ᠢᠤᠢ ᠬᠡᠯᠡᠪᠡ᠃    ᠪᠠᠭᠰᠢ ᠳᠤ ᠭᠠᠯ ᠤᠨᠲᠠᠷᠠᠭᠠᠭᠤᠷ ᠤᠨ ᠬᠡᠷᠡᠭᠯᠡᠬᠦ ᠠᠷᠭ᠎ᠠ ᠶᠢ ᠵᠥᠪ ᠡᠵᠡᠮᠰᠢᠭᠦᠯᠬᠦ ᠶᠢᠨ ᠲᠥᠯᠥᠭᠡ᠂ ᠲᠣᠰ ᠤᠳᠠᠭᠠᠨ ᠤ ᠰᠣᠷᠢᠯᠲᠠ ᠳᠤ ᠪᠠᠰᠠ ᠭᠠᠯ ᠤᠨᠲᠠᠷᠠᠭᠠᠬᠤ ᠪᠣᠳᠠᠲᠠᠶ ᠬᠢᠬᠦ ᠭᠤᠭᠴᠤᠭ᠎ᠠ ᠶᠢ ᠨᠡᠮᠡᠵᠦ᠂ ᠲᠤᠬᠠᠶ ᠶᠢᠨ ᠲᠠᠯᠠᠪᠠᠶ ᠳᠤ ᠲᠦᠶᠮᠡᠷ ᠤᠨᠲᠠᠷᠠᠭᠠᠬᠤ ᠴᠡᠭ ᠢ ᠳᠠᠭᠤᠷᠢᠶᠠᠨ ᠪᠡᠯᠡᠳᠬᠡᠵᠦ᠂ ᠪᠠᠭᠰᠢ ᠨᠠᠷ ᠢᠳᠡᠪᠬᠢᠲᠡᠶ ᠣᠷᠣᠯᠴᠠᠵᠤ᠂ ᠭᠠᠯ ᠤᠨᠲᠠᠷᠠᠭᠠᠬᠤ ᠶᠠᠪᠤᠴᠠ ᠶᠢ ᠪᠡᠶᠡᠴᠢᠯᠡᠨ ᠣᠶᠢᠯᠠᠭᠠᠵᠤ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠬᠡᠷᠡᠭᠯᠡᠯᠲᠡ  ᠶᠢᠨ ᠬᠠᠮᠢᠶ᠎ᠠ ᠪᠥᠬᠦᠶ ᠮᠡᠳᠡᠯᠭᠡ ᠶᠢ ᠨᠠᠩ ᠭᠦᠨᠵᠡᠭᠡᠶ ᠣᠶᠢᠯᠠᠭᠠᠪᠠ᠃
   ︽ᠲᠣᠰ ᠤᠳᠠᠭᠠᠨ ᠤ ᠭᠠᠯ ᠰᠡᠷᠭᠡᠶᠢᠯᠡᠯᠲᠡ ᠶᠢᠨ ᠰᠣᠷᠢᠯᠲᠠ ᠶᠢᠨ ᠠᠵᠢᠯᠯᠠᠭ᠎ᠠ ᠨᠢ ᠪᠥᠬᠦ ᠪᠠᠭᠰᠢ ᠬᠡᠦᠬᠡᠳ ᠤᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠬᠡᠦᠬᠡᠳ ᠤᠨ ᠴᠡᠴᠡᠷᠯᠢᠭ ᠤᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠂ ᠪᠢᠳᠡ ᠠᠮᠤᠷ ᠲᠦᠪᠰᠢᠨ ᠤ ᠬᠥᠮᠦᠵᠢᠯ ᠢ ᠡᠳᠦᠷ ᠲᠤᠲᠤᠮ ᠤᠨ ᠵᠢᠭᠠᠨ ᠰᠤᠷᠭᠠᠯᠲᠠ ᠶᠢᠨ ᠠᠵᠢᠯᠯᠠᠭ᠎ᠠ ᠳᠤ ᠤᠯᠠᠮ ᠨᠢᠭᠡ ᠠᠯᠬᠤᠮ ᠨᠡᠪᠴᠢᠭᠦᠯᠦᠨ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭᠠᠳᠬᠠᠬᠤ ᠶᠢ ᠪᠠᠷᠢᠮᠲᠠᠯᠠᠵᠤ᠂ ᠭᠠᠯ ᠰᠡᠷᠭᠡᠶᠢᠯᠡᠯᠲᠡ  ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠵᠦ᠂ ᠬᠡᠦᠬᠡᠳ  ᠤᠨ ᠠᠮᠤᠷ ᠲᠦᠪᠰᠢᠨ᠂ ᠡᠷᠡᠭᠦᠯ ᠮᠡᠨᠳᠦ᠂ ᠪᠠᠶᠠᠷ ᠬᠥᠷ ᠲᠠᠢ ᠦᠰᠦᠨ ᠪᠣᠶᠢᠵᠢᠬᠤ ᠳᠤ ᠪᠠᠲᠤᠯᠠᠭ᠎ᠠ ᠬᠠᠩᠭᠠᠨ᠎ᠠ︕︾ ᠭᠡᠵᠦ ᠲᠦᠴᠢᠦᠸᠠᠨ ᠰᠢᠶᠠᠨ ᠤ ᠳᠥᠷᠪᠡᠳᠦᠭᠡᠷ ᠬᠡᠦᠬᠡᠳ ᠤᠨ ᠴᠡᠴᠡᠷᠯᠢᠭ ᠤᠨ ᠪᠠᠭᠰᠢ ᠮᠠ ᠰᠢᠩ ᠬᠡᠯᠡᠪᠡ᠃    ᠤᠳᠠᠭ᠎ᠠ ᠪᠦᠷᠢ ᠶᠢᠨ ᠰᠤᠷᠭᠠᠨ ᠬᠥᠮᠦᠵᠢᠯ ᠨᠢ ᠪᠦᠷ ᠠᠮᠢ ᠨᠠᠰᠤᠨ ᠳᠤ ᠬᠠᠷᠢᠭᠤᠴᠠᠵᠤ᠂ ᠤᠳᠠᠭ᠎ᠠ ᠪᠦᠷᠢ ᠶᠢᠨ ᠰᠣᠷᠢᠯᠲᠠ ᠨᠢ ᠪᠦᠷ ᠠᠮᠢ ᠨᠠᠰᠤ ᠶᠢ ᠪᠢᠰᠢᠷᠡᠨ ᠵᠢᠷᠦᠬᠡᠰᠢᠶᠡᠳᠡᠭ᠃ ᠣᠶᠢᠯᠠᠭᠠᠭᠰᠠᠨ ᠢᠶᠠᠷ᠂ ᠣᠳᠣᠬᠠᠨ ᠪᠣᠯᠲᠠᠯ᠎ᠠ᠂ ᠲᠦᠴᠢᠦᠸᠠᠨ ᠰᠢᠶᠠᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠢ 20 ᠭᠠᠷᠤᠶ ᠤᠳᠠᠭ᠎ᠠ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠵᠦ᠂ 20000 ᠭᠠᠷᠤᠶ ᠬᠤᠪᠢ ᠪᠡᠯᠡᠭ ᠲᠠᠷᠬᠠᠭᠠᠪᠠ᠃    ︽ᠲᠠᠷᠠᠭᠠᠴᠢ ᠶᠢᠨ ᠠᠯᠬᠤᠮ ᠳᠤ ᠪᠢᠳᠡ ᠰᠤᠷᠭᠠᠭᠤᠯᠢ ᠳᠤ ᠦᠷᠭᠦᠯᠵᠢᠯᠡᠨ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠤᠨ ᠠᠵᠢᠯᠯᠠᠭ᠎ᠠ ᠥᠷᠨᠢᠭᠦᠯᠵᠦ᠂ ᠡᠯ᠎ᠡ ᠰᠤᠷᠭᠠᠭᠤᠯᠢ ᠶᠢᠨ ᠪᠠᠭᠰᠢ ᠰᠤᠷᠤᠭᠴᠢᠳ ᠤᠨ ︿ᠭᠠᠯ ᠤᠨᠲᠠᠷᠠᠭᠠᠬᠤ ᠶᠢ ᠰᠤᠷᠬᠤ᠂ ᠭᠠᠯ ᠤᠨᠲᠠᠷᠠᠭᠠᠬᠤ ᠶᠢ ᠣᠶᠢᠯᠠᠭᠠᠬᠤ᠂ ᠭᠠᠯ ᠤᠨᠲᠠᠷᠠᠭᠠᠬᠤ  ᠶᠢ ᠬᠡᠷᠡᠭᠯᠡᠬᠦ﹀ ᠦᠵᠡᠯ ᠤᠬᠠᠮᠰᠠᠷ ᠢ ᠴᠢᠩᠭᠠᠷᠠᠭᠤᠯᠤᠨ᠂ ᠬᠠᠷᠢᠶ᠎ᠠ ᠣᠷᠣᠨ ᠤ ᠪᠠᠨ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠣᠷᠴᠢᠨ ᠲᠣᠭᠤᠷᠢᠨ ᠤ ᠲᠣᠭᠲᠠᠭᠤᠨ ᠢ ᠬᠠᠮᠠᠭᠠᠯᠠᠵᠤ᠂ ︿ᠨᠢᠭᠡ ᠰᠣᠷᠣᠭᠴᠢ ᠶᠢ ᠬᠦᠮᠦᠵᠢᠭᠦᠯᠵᠦ᠂ ᠨᠢᠭᠡ ᠬᠡᠷ ᠪᠦᠯᠢ ᠶᠢ ᠲᠠᠶᠢᠴᠢᠯᠠᠨ᠂ ᠪᠥᠬᠦ ᠨᠡᠶᠢᠭᠡᠮ ᠢ ᠨᠥᠯᠥᠭᠡᠯᠡᠬᠦ﹀ ᠤᠬᠠᠭᠤᠯᠭ᠎ᠠ ᠶᠢᠨ ᠦᠷ᠎ᠡ ᠪᠦᠲᠦᠮᠵᠢ ᠶᠢ ᠴᠢᠷᠮᠠᠶᠢᠨ ᠪᠡᠶᠡᠯᠡᠭᠦᠯᠦᠨ᠎ᠡ᠃︾ ᠭᠡᠵᠦ ᠲᠦᠴᠢᠦᠸᠠᠨ ᠰᠢᠶᠠᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠢᠴᠢᠭ ᠤᠨ ᠠᠵᠢᠯᠲᠠᠨ ᠴᠧᠩ ᠶᠠ ᠲᠠᠨᠢᠯᠴᠠᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号