10 ᠰᠠᠷ᠎ᠠ ᠶᠢᠨ 16 ᠤ ᠡᠳᠦᠷ᠂ ᠲᠦᠴᠢᠦᠸᠠᠨ ᠰᠢᠶᠠᠨ ᠤ 2024 ᠣᠨ ᠤ ᠳᠤᠮᠳᠠᠳᠤ ᠶᠢᠨ ᠦᠨᠳᠦᠰᠦᠲᠡᠨ | ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠮᠡᠳᠡᠯᠭᠡ ᠶᠢᠨ ᠤᠷᠤᠯᠳᠤᠭᠠᠨ ᠡᠬᠢᠯᠡᠪᠡ᠃ ᠰᠢᠶᠠᠨ | ᠤ ᠤᠳᠤᠷᠢᠳᠤᠯᠭ᠎ᠠ ᠵᠠᠩ ᠱᠤᠸᠠᠩ ᠴᠧᠩ᠂ ᠯᠢ ᠼᠦᠨ ᠴᠢ᠂ ᠸᠠᠩ ᠶᠢᠩ ᠴᠢᠶᠦ᠋ᠨ᠂ ᠯᠢᠦ ᠯᠢ ᠵᠢᠶᠦ᠋ᠨ᠂ ᠼᠤᠤ | ᠶᠦᠩ ᠰᠢᠨ᠂ ᠪᠤᠤ ᠬᠤᠩ ᠶᠢᠩ᠂ ᠴᠧᠨ ᠭᠦᠸᠧ ᠴᠢᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠮᠡᠳᠡᠯᠭᠡ ᠶᠢᠨ ᠤᠷᠤᠯᠳᠤᠭᠠᠨ ᠤ ᠡᠬᠢᠯᠡᠯᠳᠡ ᠶᠢᠨ ᠶᠤᠰᠤᠯᠠᠯ ᠳᠤ ᠣᠷᠣᠯᠴᠠᠪᠠ᠃ | ᠲᠣᠰ ᠤᠳᠠᠭᠠᠨ ᠤ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠵᠤ ᠥᠷᠨᠢᠭᠦᠯᠬᠦ ᠶᠢᠨ ᠲᠥᠯᠥᠭᠡ᠂ | ᠤᠷᠤᠯᠳᠤᠭᠠᠨ ᠤ ᠵᠣᠬᠢᠶᠠᠨ ᠪᠠᠶᠢᠭᠤᠯᠬᠤ ᠺᠣᠮᠢᠰ ᠨᠠᠷᠢᠨ ᠨᠢᠮᠪᠠᠶ ᠪᠡᠯᠡᠳᠬᠡᠵᠦ᠂ ᠰᠡᠳᠦᠪ ᠤᠨ ᠬᠥᠮᠥᠷᠭᠡ ᠨᠠᠶᠢᠷᠠᠭᠤᠯᠤᠨ | ᠲᠠᠷᠬᠠᠭᠠᠪᠠ᠃ ᠤᠷᠤᠯᠳᠤᠭᠠᠨ ᠢ ᠠᠩᠬᠠᠨ ᠤ ᠤᠷᠤᠯᠳᠤᠭᠠᠨ ᠪᠠ ᠰᠢᠶᠳᠪᠦᠷᠢᠲᠦ ᠤᠷᠤᠯᠳᠤᠭᠠᠨ ᠭᠡᠵᠦ ᠬᠤᠶᠠᠷ ᠱᠠᠲᠤ | ᠬᠤᠪᠢᠶᠠᠨ᠎ᠠ᠃ ᠪᠦᠬᠦ ᠰᠢᠶᠠᠨ ᠤ ᠡᠯ᠎ᠡ ᠰᠢᠶᠠᠩ ᠪᠠᠯᠭᠠᠰᠤ᠂ ᠰᠠᠯᠠᠭ᠎ᠠ ᠮᠥᠴᠢᠷ ᠤᠨ 40 ᠠᠩᠭᠢ ᠠᠩᠬᠠᠨ ᠤ | ᠤᠷᠤᠯᠳᠤᠭᠠᠨ ᠳᠤ ᠣᠷᠣᠯᠴᠠᠵᠤ᠂ ᠰᠢᠷᠦᠭᠦᠨ ᠥᠷᠢᠰᠥᠯᠳᠦᠭᠡᠨ ᠢᠶᠠᠷ ᠳᠠᠮᠵᠢᠨ 12 ᠠᠩᠭᠢ ᠴᠣᠯᠭᠤᠷᠠᠨ ᠭᠠᠷᠴᠤ᠂ | ᠰᠢᠶᠳᠪᠦᠷᠢᠲᠦ ᠤᠷᠤᠯᠳᠤᠭᠠᠨ ᠳᠤ ᠣᠷᠣᠪᠠ᠃ ᠤᠷᠤᠯᠳᠤᠭᠠᠨ ᠢ ᠬᠤᠪᠢ ᠬᠥᠮᠦᠨ ᠤ ᠵᠠᠪᠠᠯ ᠬᠠᠷᠢᠭᠤᠯᠬᠤ ᠰᠡᠳᠦᠪ᠂ | ᠪᠦᠯᠬᠦᠮ ᠤᠨ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ ᠪᠠ ᠠᠶᠤᠯ ᠲᠦᠭᠰᠢᠭᠦᠷᠢ ᠶᠢᠨ ᠰᠡᠳᠦᠪ | ᠭᠡᠵᠦ ᠳᠥᠷᠪᠡᠨ ᠭᠤᠭᠴᠤᠭ᠎ᠠ ᠬᠤᠪᠢᠶᠠᠨ᠎ᠠ᠃ ᠤᠷᠤᠯᠳᠤᠭᠠᠨ ᠤ ᠳᠤᠮᠳᠠ᠂ ᠤᠷᠤᠯᠴᠠᠭᠰᠠᠳ ᠴᠤᠭ ᠵᠢᠪᠬᠤᠭ᠎ᠠ | ᠲᠡᠭᠦᠯᠳᠡᠷ᠂ ᠰᠡᠳᠬᠢᠯ ᠰᠠᠨᠠᠭ᠎ᠠ ᠪᠠᠨ ᠮᠡᠳᠡᠯᠴᠡᠵᠦ᠂ ᠭᠤᠶᠤ ᠰᠠᠢᠬᠠᠨ ᠵᠠᠪᠳᠤᠨ ᠬᠠᠷᠢᠭᠤᠯᠬᠤ ᠭᠤᠭᠴᠤᠭ᠎ᠠ ᠨᠢ | ᠲᠠᠯᠠᠪᠠᠢ ᠳᠤ ᠪᠠᠶᠢᠭ᠎ᠠ ᠦᠵᠡᠭᠴᠢᠳ ᠤᠨ ᠬᠠᠯᠠᠭᠤᠨ ᠠᠯᠠᠭ᠎ᠠ ᠲᠠᠰᠢᠯᠲᠠ ᠶᠢ ᠣᠯᠤᠭᠰᠠᠨ ᠪᠠᠶᠢᠨ᠎ᠠ᠃ ᠤᠷᠤᠯᠳᠤᠭᠠᠨ | ᠤ ᠡᠴᠦᠰ ᠲᠤ᠂ ᠨᠢᠭᠡᠳᠦᠭᠡᠷ ᠳᠡᠰ ᠤᠨ ᠱᠠᠩᠨᠠᠯ ᠳᠤ ᠨᠢᠭᠡ ᠨᠡᠷ᠎ᠡ᠂ ᠬᠤᠶᠠᠳᠤᠭᠠᠷ ᠳᠡᠰ ᠤᠨ ᠱᠠᠩᠨᠠᠯ ᠳᠤ ᠬᠤᠶᠠᠷ | ᠨᠡᠷ᠎ᠡ᠂ ᠭᠤᠷᠪᠠᠳᠤᠭᠠᠷ ᠳᠡᠰ ᠤᠨ ᠱᠠᠩᠨᠠᠯ ᠳᠤ ᠭᠤᠷᠪᠠᠨ ᠨᠡᠷ᠎ᠡ᠂ ᠰᠢᠯᠢᠳᠡᠭ ᠱᠠᠩᠨᠠᠯ ᠳᠤ ᠵᠢᠷᠭᠤᠭᠠᠨ ᠨᠡᠷ᠎ᠡ ᠶᠢ | ᠰᠢᠯᠭᠠᠷᠠᠭᠤᠯᠵᠤ ᠬᠥᠬᠢᠭᠦᠯᠦᠨ ᠱᠠᠩᠨᠠᠪᠠ᠃ | ᠲᠤᠰ ᠤᠳᠠᠭᠠᠨ ᠤ ᠮᠡᠳᠡᠯᠭᠡ ᠶᠢᠨ ᠤᠷᠤᠯᠳᠤᠭᠠᠨ ᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠦᠴᠢᠦᠸᠠᠨ ᠰᠢᠶᠠᠨ ᠤ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠦᠴᠢᠦᠸᠠᠨ ᠰᠢᠶᠠᠨ ᠤ ᠬᠤᠷᠢᠶ᠎ᠠ ᠶᠢᠨ ᠤᠬᠠᠭᠤᠯᠬᠤ ᠬᠡᠯᠲᠡᠰ᠂ ᠲᠦᠴᠢᠦᠸᠠᠨ ᠰᠢᠶᠠᠨ ᠤ ᠦᠨᠳᠦᠰᠦᠲᠡᠨ | ᠤ ᠬᠡᠷᠡᠭ ᠡᠷᠬᠢᠯᠡᠬᠦ ᠵᠥᠪᠯᠡᠯ᠂ ᠲᠦᠴᠢᠦᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠂ ᠡᠪ ᠬᠠᠮᠲᠤ | ᠵᠠᠯᠠᠭᠤᠴᠤᠳ ᠤᠨ ᠡᠪᠯᠡᠯ ᠤᠨ ᠲᠦᠴᠢᠦᠸᠠᠨ ᠰᠢᠶᠠᠨ ᠤ ᠬᠤᠷᠢᠶ᠎ᠠ ᠠᠴᠠ ᠬᠠᠮᠲᠤᠷᠠᠨ ᠡᠷᠬᠢᠯᠡᠪᠡ᠃ ᠤᠷᠤᠯᠳᠤᠭᠠᠨ ᠨᠢ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ | ᠰᠢᠵᠢᠮ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ | ᠪᠠᠶᠢᠭᠤᠯᠬᠤ ᠪᠠᠷ ᠵᠣᠷᠢᠯᠭ᠎ᠠ ᠪᠣᠯᠭᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠤᠬᠠᠮᠰᠠᠷ ᠠᠴᠠ ᠪᠠᠨ | ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠤᠬᠠᠮᠰᠠᠷ ᠢ ᠴᠢᠩᠭᠠᠳᠬᠠᠬᠤ | ᠪᠠᠷ ᠭᠤᠣᠯ ᠡᠭᠦᠷᠭᠡ ᠪᠣᠯᠭᠠᠵᠤ᠂ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷ ᠤᠨ ᠤᠶᠤᠨ ᠰᠠᠨᠠᠭᠠᠨ ᠤ ᠳᠦᠷᠰᠦ | ᠪᠠᠶᠢᠳᠠᠯ ᠳᠤ ᠬᠢᠭᠰᠡᠨ ᠨᠢᠭᠡ ᠤᠳᠠᠭᠠᠨ ᠤ ᠲᠥᠪᠯᠡᠷᠡᠩᠭᠦᠢ ᠰᠢᠯᠭᠠᠯᠲᠠ ᠪᠠ ᠳᠡᠯᠭᠡᠨ ᠦᠵᠡᠭᠦᠯᠦᠯᠭᠡ ᠪᠣᠯᠤᠨ᠎ᠠ᠂ ᠮᠥᠨ | ᠴᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ | ᠬᠥᠮᠦᠵᠢᠯ ᠤᠨ ᠴᠢᠬᠤᠯᠠ ᠬᠡᠯᠪᠡᠷᠢ ᠪᠣᠯᠤᠨ᠎ᠠ᠃ ᠤᠷᠤᠯᠳᠤᠭᠠᠨ ᠢᠶᠠᠷ ᠳᠠᠮᠵᠢᠨ ᠡᠷᠴᠢ ᠵᠣᠷᠢᠭ ᠢᠶᠠᠨ ᠬᠥᠪᠴᠢᠯᠡᠬᠦ᠂ | ᠣᠶᠤᠨ ᠰᠠᠨᠠᠭᠠᠨ ᠤ ᠳᠦᠷᠰᠦ ᠪᠠᠶᠢᠳᠠᠯ ᠢᠶᠠᠨ ᠢᠯᠡᠷᠡᠭᠦᠯᠬᠦ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ | ᠴᠢᠳᠠᠪᠤᠷᠢ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ᠂ ᠤᠷᠤᠯᠳᠤᠭᠠᠨ ᠢᠶᠠᠷ ᠠᠵᠢᠯᠯᠠᠬᠤ ᠶᠢ ᠠᠬᠢᠭᠤᠯᠬᠤ᠂ ᠠᠵᠢᠯ | ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠠᠷᠠᠯᠲᠠ ᠳᠤ ᠬᠦᠷᠴᠡᠶ᠃ | ᠤᠷᠤᠯᠳᠤᠭᠠᠨ ᠳᠤ ᠣᠷᠣᠯᠴᠠᠭᠰᠠᠳ᠄ ︽ᠲᠣᠰ ᠤᠳᠠᠭᠠᠨ ᠤ ᠤᠷᠤᠯᠳᠤᠭᠠᠨ ᠢᠶᠠᠷ ᠳᠡᠮᠵᠢᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠨᠳᠦᠰᠦᠲᠡᠨ ᠤ ᠣᠨᠣᠯ ᠤᠨ | ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ | ᠪᠣᠯᠵᠣ᠂ ᠦᠨᠳᠦᠰᠦᠲᠡᠨ ᠨᠦᠭᠦᠳ ᠤᠨ ᠴᠢᠰᠤ ᠮᠢᠬᠠᠨ ᠤ ᠠᠭᠤᠰᠤᠯᠴᠠᠯ᠂ ᠢᠲᠡᠭᠡᠯ ᠪᠢᠰᠢᠷᠡᠯ ᠠᠳᠠᠯᠢ᠂ ᠰᠣᠶᠣᠯ | ᠬᠠᠷᠢᠯᠴᠠᠨ ᠨᠡᠪᠲᠡᠷᠡᠯᠴᠡᠬᠦ᠂ ᠠᠵᠤ ᠠᠬᠤᠶ ᠬᠠᠷᠢᠯᠴᠠᠨ ᠲᠦᠰᠢᠯᠴᠡᠬᠦ᠂ ᠬᠠᠶᠢᠷ᠎ᠠ ᠰᠡᠳᠬᠢᠯᠭᠡ ᠬᠠᠷᠢᠯᠴᠠᠨ ᠳᠣᠲᠣᠨᠣ | ᠪᠠᠶᠢᠬᠤ ᠶᠢ ᠠᠬᠢᠭᠤᠯᠬᠤ ᠳᠤ ᠨᠠᠩ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ ︾ ᠭᠡᠵᠦ ᠢᠯᠡᠳᠭᠡᠵᠡᠭᠡᠪᠡ᠃ |